ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠪᠠᠭ᠎ᠠ ᠬᠣᠲᠠ ᠲᠣᠭᠣᠷᠢᠭ᠎ᠤᠨ ᠲᠣᠮᠢᠯᠠᠭᠰᠠᠨ ᠰᠠᠯᠪᠤᠷᠢ ᠠᠵᠢᠯ᠎ᠤᠨ ᠳᠤᠮᠳᠠ᠎ᠪᠠᠨ ᠴᠠᠬᠢᠯᠭ᠋ᠠᠨ ᠬᠤᠷᠢᠶᠠᠭᠤᠷ ᠬᠤᠯᠠᠭ᠋ᠠᠢ᠌ᠯᠠᠭᠰᠠᠨ ᠬᠡᠷᠡᠭ᠎ᠤᠨ ᠰᠦᠪᠡᠭᠴᠢ ᠣᠯᠪᠠ᠃ ᠰᠦᠪᠡᠭᠴᠢ ᠵᠢ ᠣᠯᠣᠭᠰᠠᠨ᠎ᠤ ᠳᠠᠷᠠᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠳᠠᠷᠤᠶ ᠲᠦᠷᠭᠡᠨ ᠬᠥᠳᠡᠯᠦᠯᠴᠡᠵᠦ᠂ ᠬᠣᠰᠢᠭᠤᠨ ᠲᠣᠪᠴᠢᠶ᠎ᠠ ᠵᠢᠨ
《ᠴᠢᠮᠡᠭᠡ ᠮᠡᠳᠡᠭᠡ᠂ ᠵᠢᠯᠤᠭᠤᠳᠤᠯᠭ᠎ᠠ᠂ ᠠᠵᠢᠯᠯᠠᠭ᠎ᠠ》 ᠵᠢ ᠨᠢᠭᠡ ᠴᠤᠭᠴᠠᠵᠢᠭᠤᠯᠤᠭᠰᠠᠨ ᠪᠣᠳᠠᠲᠤ ᠪᠠᠶ᠋ᠢᠯᠳᠤᠭ᠋ᠠᠨ᠎ᠤ ᠠᠵᠢᠯᠯᠠᠭ᠋ᠠᠨ᠎ᠤ ᠲᠣᠭᠲᠠᠴᠠ᠎ᠳᠤ ᠲᠦᠰᠢᠭᠯᠡᠨ᠂ ᠡᠷᠬᠢᠨ ᠲᠣᠭᠣᠷᠢᠨ᠎ᠤ ᠬᠢᠨᠠᠨ ᠡᠵᠡᠮᠳᠡᠭᠦᠷ᠎ᠢ ᠰᠢᠯᠵᠢᠭᠦᠯᠦᠨ ᠦᠵᠡᠬᠦ᠎ᠪᠠᠷ ᠳᠠᠮᠵᠢᠭᠤᠯᠤᠨ ᠬᠡᠷᠡᠭ ᠬᠢᠭᠰᠡᠨ ᠰᠡᠵᠢᠭᠳᠡᠨ᠎ᠢ ᠳᠠᠷᠤᠶ ᠲᠦᠷᠭᠡᠨ ᠲᠣᠭᠲᠠᠭ᠋ᠠᠵᠤ᠂ 7 ᠴᠠᠭ᠎ᠤᠨ ᠴᠥᠬᠥᠷᠡᠰᠢ ᠥᠬᠡᠶ ᠴᠢᠷᠮᠠᠶ᠋ᠢᠯᠭ᠎ᠠ᠎ᠪᠠᠷ ᠳᠡᠮᠵᠢᠨ᠂ ᠡᠴᠦᠰ᠎ᠲᠤ᠎ᠪᠠᠨ ᠲᠢᠶᠠᠨᠱ᠌ᠠᠨ ᠪᠠᠯᠭ᠋ᠠᠰᠤᠨ᠎ᠤ ᠨᠢᠭᠡ ᠰᠦᠯᠵᠢᠶᠡᠨ᠎ᠤ ᠪᠠᠭ᠋ᠠᠷ᠎ᠲᠤ ᠰᠡᠵᠢᠭᠳᠡᠨ ᠬᠤᠸᠠᠩ ᠣᠪᠣᠭᠲᠤ ᠵᠢ ᠲᠤᠬᠠᠶ ᠵᠢᠨ ᠲᠠᠯᠠᠪᠤᠷᠲᠤᠨᠢ ᠪᠠᠷᠢᠪᠴᠢᠯᠠᠪᠠ᠃

ᠶᠠᠯ᠎ᠠ ᠬᠢᠭᠰᠡᠨ ᠰᠡᠵᠢᠭᠳᠡᠨ ᠬᠤᠸᠠᠩ ᠣᠪᠣᠭᠲᠤ ᠥᠪᠡᠷ᠎ᠤᠨ ᠴᠠᠬᠢᠯᠭ᠋ᠠᠨ ᠬᠥᠳᠡᠯᠭᠡᠭᠦᠷᠲᠦ ᠲᠡᠷᠭᠡ ᠵᠢᠨ ᠴᠠᠬᠢᠯᠭ᠋ᠠᠨ ᠬᠣᠷᠢᠶᠠᠭᠤᠷᠢ ᠬᠤᠯᠠᠭ᠋ᠠᠶ᠋ᠢᠯᠠᠭᠰᠠᠨ ᠶᠠᠯ᠎ᠠ ᠵᠢᠨ ᠪᠣᠳᠠᠲᠤ ᠶᠠᠪᠤᠳᠠᠯ ᠵᠶ᠋ᠠᠨ ᠥᠴᠢᠭᠯᠡᠨ ᠮᠡᠳᠡᠷᠡᠵᠡᠶ᠃ ᠰᠢᠭᠦᠨ ᠠᠰᠠᠭᠤᠬᠤ᠎ᠪᠠᠷ ᠳᠠᠮᠵᠢᠭ᠋ᠠᠳ ᠬᠤᠸᠠᠩ ᠣᠪᠣᠭᠲᠤ ᠪᠠᠰᠠ ᠲᠢᠶᠠᠨᠱ᠌ᠠᠨ ᠪᠠᠯᠭ᠋ᠠᠰᠤᠨ᠎ᠤ ᠬᠤᠳᠠ ᠵᠢᠨ ᠲᠣᠭᠣᠷᠢᠭ᠎ᠲᠤ 8 ᠴᠠᠬᠢᠯᠭ᠋ᠠᠨ ᠬᠥᠳᠡᠯᠭᠡᠭᠦᠷᠲᠦ ᠲᠡᠷᠭᠡ ᠪᠠ 33 ᠴᠠᠬᠢᠯᠭ᠋ᠠᠨ ᠬᠥᠳᠡᠯᠭᠡᠭᠦᠷᠲᠦ ᠲᠡᠷᠭᠡᠨ᠎ᠤ ᠴᠠᠬᠢᠯᠭ᠋ᠠᠨ ᠬᠣᠷᠢᠶᠠᠭᠤᠷᠢ ᠬᠤᠯᠠᠭ᠋ᠠᠶ᠋ᠢᠯᠠᠭᠰᠠᠨ ᠶᠠᠯᠠᠲᠤ ᠬᠡᠷᠡᠭ ᠵᠶ᠋ᠠᠨ ᠲᠤᠰᠢᠶᠠᠪᠠ᠃ ᠣᠳᠣᠬᠠᠨ᠎ᠳᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠶᠠᠯ᠎ᠠ ᠬᠢᠭᠰᠡᠨ ᠰᠡᠵᠢᠭᠳᠡᠨ ᠬᠤᠸᠠᠩ ᠣᠪᠣᠭᠲᠤ᠎ᠳᠤ ᠨᠢᠭᠡᠨᠲᠡ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠤᠭᠰᠠᠨ ᠪᠠᠶ᠋ᠢᠨ᠎ᠠ᠃