ᠦᠢ᠍ᠷ᠎ᠠ ᠵᠢᠨ ᠡᠳᠦᠷ᠂ ᠰᠢᠯᠢ ᠵᠢᠨ ᠭᠣᠤᠯ ᠠᠢ᠌ᠮᠠᠭ᠎ᠤᠨ ᠲᠠᠶ᠋ᠢᠹᠤᠰᠧ ᠬᠣᠰᠢᠭᠤᠨ᠎ᠤ ᠬᠢᠯᠢ ᠳᠣᠲᠣᠷ᠎ᠠ ᠴᠠᠰᠤ ᠰᠢᠭᠤᠷᠭ᠎ᠠ ᠳᠡᠭᠳᠡᠵᠦ᠂ ᠠᠭ᠋ᠠᠷ᠎ᠤᠨ ᠳᠤᠯᠠᠭ᠋ᠠᠨ ᠲᠦᠷᠭᠡᠨ ᠪᠠᠭᠤᠷᠠᠵᠤ᠂ ᠪᠣᠤᠴᠠᠩ ᠪᠠᠯᠭ᠋ᠠᠰᠤᠨ᠎ᠳᠤ ᠠᠳᠠᠯᠢ ᠪᠤᠰᠤ ᠬᠡᠮᠵᠢᠶᠡᠨ᠎ᠤ ᠴᠠᠰᠤ ᠮᠥᠰᠥ ᠬᠤᠷᠠᠵᠤ᠂ ᠣᠯᠠᠨ ᠲᠦᠮᠡᠨ᠎ᠤ ᠶᠠᠪᠤᠵᠤ ᠰᠠᠭᠤᠬᠤ ᠵᠢ ᠬᠦᠨᠳᠦ ᠨᠣᠴᠢᠲᠠᠶ ᠨᠥᠯᠥᠭᠡᠯᠡᠵᠦ᠂ ᠵᠠᠮ᠎ᠤᠨ ᠠᠮᠤᠷ ᠲᠦᠪᠰᠢᠨ᠎ᠤ ᠬᠡᠮ ᠰᠣᠭᠣᠭ᠎ᠢ ᠨᠡᠮᠡᠭᠳᠡᠭᠦᠯᠪᠡ᠃ ᠲᠠᠢ᠌ᠹᠤᠰᠸ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠬᠣᠰᠢᠭᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠨᠢᠭᠡᠳᠦᠯᠲᠡᠶ ᠲᠣᠬᠢᠷᠠᠭᠤᠯᠤᠯᠲᠠ ᠳᠤᠤᠷ᠎ᠠ᠂ ᠡᠯ᠎ᠡ ᠰᠠᠯᠠᠭ᠎ᠠ ᠮᠥᠴᠢᠷ᠎ᠤᠨ ᠠᠷᠠᠳ᠎ᠤᠨ ᠴᠠᠭᠳᠠᠭ᠎ᠠ ᠵᠢ ᠵᠣᠬᠢᠶᠠᠨ ᠪᠠᠶ᠋ᠢᠭᠤᠯᠵᠤ᠂ ᠳᠠᠭ᠋ᠠᠭ᠋ᠠᠴᠢᠯᠠᠨ ᠬᠠᠷᠢᠭᠤᠴᠠᠬᠤ ᠲᠣᠭᠣᠷᠢᠭ᠎ᠲᠤ ᠬᠦᠷᠴᠦ᠂ ᠴᠠᠰᠤ ᠮᠥᠰᠥ ᠠᠷᠢᠯᠭ᠋ᠠᠬᠤ ᠠᠵᠢᠯ ᠥᠷᠨᠢᠭᠦᠯᠪᠡ᠃

ᠬᠠᠬᠢᠷ ᠬᠦᠢ᠍ᠳᠡᠨ ᠰᠠᠯᠬᠢ ᠰᠢᠭᠤᠷᠭᠠᠨ᠎ᠢ ᠣᠯᠠᠨ᠎ᠤ ᠴᠠᠰᠤ ᠮᠥᠰᠥ ᠵᠢ ᠠᠷᠢᠯᠭ᠋ᠠᠬᠤ ᠬᠠᠯᠠᠭᠤᠨ ᠰᠡᠳᠬᠢᠯᠭᠡ ᠵᠢ ᠥᠴᠦᠬᠡᠨ ᠴᠦ᠍ ᠨᠥᠯᠥᠭᠡᠯᠡᠭᠰᠡᠨ ᠥᠬᠡᠶ᠂ 3 ᠴᠠᠭ ᠰᠢᠬᠠᠮ ᠴᠡᠪᠡᠷᠯᠡᠬᠦ᠎ᠪᠠᠷ ᠳᠡᠮᠵᠢᠨ᠂ ᠬᠠᠷᠢᠭᠤᠴᠠᠯᠭ᠎ᠠ ᠵᠢᠨ ᠣᠷᠣᠨ᠎ᠤ ᠵᠠᠮ ᠳᠡᠭᠡᠷᠡᠬᠢ ᠮᠥᠰᠥ ᠴᠠᠰᠤ ᠵᠢ ᠲᠤᠶ᠋ᠢᠯᠪᠤᠷᠢᠲᠠᠶ ᠴᠡᠪᠡᠷᠯᠡᠵᠦ᠂ ᠣᠯᠠᠨ ᠲᠦᠮᠡᠨ᠎ᠤ ᠠᠮᠤᠷ ᠲᠦᠪᠰᠢᠨ ᠵᠶ᠋ᠠᠷ ᠶᠠᠪᠤᠵᠤ ᠰᠠᠭᠤᠬᠤ ᠵᠠᠮ᠎ᠢ ᠨᠡᠪᠲᠡᠷᠡᠭᠦᠯᠵᠦ᠂ ᠲᠠᠶ᠋ᠢᠹᠤᠰᠧ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ 《ᠬᠦᠢ᠍ᠳᠡᠨ᠎ᠠᠴᠠ ᠠᠶᠤᠬᠤ ᠥᠬᠡᠶ᠂ ᠶᠠᠳᠠᠷᠠᠬᠤ᠎ᠠᠴᠠ ᠠᠶᠤᠬᠤ ᠥᠬᠡᠶ》 ᠵᠣᠷᠢᠭ ᠰᠠᠨᠠᠭ᠎ᠠ ᠵᠢ ᠪᠠᠳᠠᠷᠠᠭᠤᠯᠵᠤ᠂ ᠠᠷᠠᠳ ᠲᠦᠮᠡᠨ᠎ᠳᠤ ᠦᠢ᠍ᠯᠡᠴᠢᠯᠡᠬᠦ ᠡᠷᠬᠢᠮ ᠳᠡᠭᠡᠳᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ ᠵᠢ ᠢᠯᠡᠷᠡᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠲᠠᠶ᠋ᠢᠹᠤᠰᠧ ᠬᠣᠰᠢᠭᠤᠨ᠎ᠳᠤ ᠣᠷᠣᠰᠢᠨ ᠰᠠᠭᠤᠬᠤ᠎ᠳᠤ ᠲᠣᠬᠢᠷᠠᠮᠵᠢᠲᠠᠶ ᠠᠮᠢᠳᠤᠷᠠᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠬᠦᠴᠦᠨ ᠴᠢᠳᠠᠯ ᠵᠶ᠋ᠠᠨ ᠡᠷᠭᠦᠪᠡ᠃