ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠣᠯᠠᠨ ᠤᠳᠠᠭ᠎ᠠ ᠬᠤᠯᠠᠭ᠋ᠠᠶ᠋ᠢᠯᠠᠭᠰᠠᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2023-12-22

    ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ᠂ ᠪᠠᠷᠢᠯᠭ᠎ᠠ ᠵᠢᠨ ᠲᠤᠬᠠᠶ ᠵᠢᠨ ᠭᠠᠵᠠᠷ᠎ᠤᠨ 3 ᠲᠦᠮᠡ ᠭᠠᠷᠤᠶ ᠲᠥᠭᠥᠷᠢᠭ᠎ᠤᠨ ᠥᠷᠲᠡᠭ ᠪᠥᠬᠥᠶ ᠲᠥᠬᠥᠭᠡᠷᠦᠮᠵᠢ᠎ᠨᠢ ᠬᠤᠯᠠᠭ᠋ᠠᠶ᠋ᠢᠯᠠᠭᠳᠠᠪᠠ ᠭᠡᠰᠡᠨ ᠰᠠᠭᠤᠭ᠋ᠠᠯᠢ ᠠᠷᠠᠳ᠎ᠤᠨ ᠬᠡᠷᠡᠭ᠎ᠤᠨ ᠮᠡᠳᠡᠭᠦᠯᠦᠯᠲᠡ ᠵᠢ ᠲᠣᠰᠪᠠ᠃ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠦᠳᠲᠡᠷ ᠲᠦᠷᠭᠡᠨ ᠵᠶ᠋ᠠᠷ ᠲᠤᠬᠠᠶ ᠵᠢᠨ ᠲᠠᠯᠠᠪᠤᠷ᠎ᠲᠤ ᠬᠦᠷᠴᠦ ᠬᠠᠶ᠋ᠢᠨ ᠪᠠᠶ᠋ᠢᠴᠠᠭ᠋ᠠᠵᠤ ᠭᠡᠷᠡᠴᠢ ᠠᠪᠴᠤ᠂ ᠬᠡᠷᠡᠭ ᠬᠢᠭᠰᠡᠨ ᠠᠷᠭ᠎ᠠ ᠪᠠᠷᠢᠯ᠂ ᠣᠷᠣ ᠮᠥᠷ᠎ᠲᠠᠢ ᠬᠠᠷᠢᠴᠠᠭᠤᠯᠵᠤ ᠪᠠᠶ᠋ᠢᠭ᠋ᠠᠳ ᠶᠠᠯ᠎ᠠ ᠬᠢᠭᠰᠡᠨ ᠰᠡᠵᠢᠭᠳᠡᠨ 2 ᠬᠥᠮᠥᠨ ᠪᠥᠭᠡᠳ ᠬᠠᠷᠢᠶ᠎ᠠ ᠣᠷᠣᠨ᠎ᠤ ᠣᠶ᠋ᠢᠷ᠎ᠠ ᠵᠢᠨ ᠬᠤᠭᠤᠴᠠᠭ᠋ᠠᠨ᠎ᠳᠠᠬᠢ ᠣᠯᠠᠨ ᠤᠳᠠᠭ᠋ᠠᠨ᠎ᠤ ᠬᠤᠯᠠᠭ᠋ᠠᠶ᠋ᠢᠯᠠᠭᠰᠠᠨ ᠬᠡᠷᠡᠭ᠎ᠤᠨ ᠬᠡᠷᠡᠭ ᠬᠢᠭᠰᠡᠨ ᠠᠷᠭ᠎ᠠ ᠪᠠᠷᠢᠯ᠎ᠲᠠᠢ ᠲᠤᠶ᠋ᠢᠯ᠎ᠤᠨ ᠠᠳᠠᠯᠢᠪᠲᠤᠷ ᠭᠡᠵᠦ ᠲᠣᠳᠣᠯᠠᠵᠠᠢ᠃

11.jpg


    ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠤᠯᠠᠮ ᠨᠢᠭᠡ ᠠᠯᠬᠤᠮ ᠵᠠᠳᠠᠯᠤᠨ ᠰᠤᠳᠤᠯᠵᠤ ᠮᠠᠭ᠋ᠠᠳᠯᠠᠬᠤ᠎ᠪᠠᠷ ᠳᠡᠮᠵᠢᠨ᠂ ᠬᠠᠷᠢᠶ᠎ᠠ ᠣᠷᠣᠨ᠎ᠤ ᠭᠦ᠋ ᠣᠪᠤᠭᠲᠤ ᠡᠴᠢᠭᠡ ᠬᠦᠦ ᠬᠤᠶᠠᠭᠤᠯᠠ ᠬᠦᠨᠳᠦ ᠶᠡᠬᠡ ᠬᠡᠷᠡᠭ ᠬᠢᠭᠰᠡᠨ ᠰᠡᠵᠢᠭ᠎ᠲᠠᠢ ᠪᠠᠶ᠋ᠢᠬᠤ ᠵᠢ ᠳᠣᠲᠣᠯᠠᠭᠰᠠᠨ ᠪᠥᠭᠡᠳ ᠬᠤᠶᠠᠭᠤᠯᠠ ᠵᠢ ᠠᠮᠵᠢᠯᠲᠠᠲᠠᠶ ᠪᠠᠷᠢᠪᠴᠢᠯᠠᠪᠠ᠃
    ᠰᠢᠭᠦᠨ ᠠᠰᠠᠭᠤᠬᠤ᠎ᠪᠠᠷ ᠳᠠᠮᠵᠢᠭ᠋ᠠᠳ᠂ ᠭᠦ᠋ ᠣᠪᠤᠭᠲᠤ ᠡᠴᠢᠭᠡ ᠬᠦᠦ ᠬᠤᠶᠠᠭᠤᠯᠠ ᠬᠤᠯᠠᠭ᠋ᠠᠶ᠋ᠢᠯᠠᠭᠰᠠᠨ ᠪᠣᠳᠠᠲᠤ ᠬᠡᠷᠡᠭ ᠵᠶ᠋ᠡᠨ ᠥᠴᠢᠭᠯᠡᠨ ᠮᠡᠳᠡᠷᠡᠭᠰᠡᠨ ᠪᠥᠭᠡᠳ ᠬᠤᠯᠠᠭ᠋ᠠᠶ᠋ᠢᠯᠠᠭᠰᠠᠨ ᠪᠤᠰᠤᠳ ᠣᠯᠠᠨ ᠶᠠᠯᠠᠲᠤ ᠠᠵᠢᠯᠯᠠᠭ᠎ᠠ᠎ᠪᠠᠨ ᠲᠤᠰᠢᠶᠠᠪᠠ᠃ ᠣᠳᠣᠬᠠᠨ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠶᠠᠯ᠎ᠠ ᠬᠢᠭᠰᠡᠨ 2 ᠰᠡᠵᠢᠭᠳᠡᠨ᠎ᠳᠤ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠲᠤᠰ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃

 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ