ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠰᠥᠨᠢᠳ ᠪᠠᠷᠠᠭᠤᠨ ᠬᠣᠰᠢᠭᠤᠨ᠎ᠤ ᠰᠠᠭᠤᠭ᠋ᠠᠯᠢ ᠠᠷᠠᠳ ᠥᠪᠡᠷ᠎ᠢ᠎ᠪᠠᠨ 95636 ᠲᠥᠭᠥᠷᠢᠭ ᠮᠡᠬᠡᠯᠡᠭᠳᠡᠪᠡ ᠭᠡᠵᠦ ᠲᠥᠭᠰᠢᠭᠦᠷᠢ ᠮᠡᠳᠡᠭᠦᠯᠵᠡᠶ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠡᠷᠡ ᠳᠠᠷᠤᠶᠳᠤᠨᠢ ᠲᠤᠰᠬᠠᠶ ᠬᠡᠷᠡᠭ᠎ᠤᠨ ᠳᠤᠭᠤᠶ᠋ᠢᠯᠠᠩ ᠪᠠᠶ᠋ᠢᠭᠤᠯᠵᠤ᠂ ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠬᠤ ᠪᠠ ᠶᠡᠬᠡ ᠬᠡᠮᠵᠢᠶ᠎ᠡ᠎ᠪᠠᠷ ᠵᠢᠭᠰᠠᠭ᠋ᠠᠨ ᠪᠠᠶ᠋ᠢᠴᠠᠭ᠋ᠠᠬᠤ᠎ᠪᠠᠷ ᠳᠡᠮᠵᠢᠨ᠂ ᠡᠴᠦᠰ᠎ᠲᠤ᠎ᠪᠠᠨ ᠶᠠᠯ᠎ᠠ ᠬᠢᠭᠰᠡᠨ ᠰᠡᠵᠢᠭᠳᠡᠨ ᠯᠢᠨ ᠣᠪᠣᠭᠲᠤ ᠵᠢ ᠪᠠᠶ᠋ᠢᠴᠠᠭ᠋ᠠᠨ ᠳᠣᠲᠣᠯᠠᠬᠤ ᠵᠢᠨ ᠬᠠᠮᠲᠤ ᠲᠡᠭᠦᠨ᠎ᠢ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠪᠠ᠃
ᠣᠶ᠋ᠢᠷ᠎ᠠ ᠵᠢᠨ ᠬᠤᠭᠤᠴᠠᠭ᠋ᠠᠨ᠎ᠳᠤ᠂ ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠯᠢᠨ ᠣᠪᠣᠭᠲᠤ ᠵᠢᠨ ᠹᠦᠵᠢᠶᠠᠨ᠎ᠳᠤ ᠶᠠᠪᠤᠵᠤ ᠰᠠᠭᠤᠭᠰᠠᠨ ᠮᠡᠳᠡᠭᠡ ᠵᠠᠩᠭᠢ ᠵᠢ ᠣᠯᠤᠭᠰᠠᠨ ᠪᠥᠭᠡᠳ ᠲᠡᠷᠡ ᠳᠠᠷᠤᠶᠳᠤᠨᠢ ᠲᠡᠨᠳᠡ ᠬᠦᠷᠦᠭᠡᠳ ᠲᠡᠭᠦᠨ᠎ᠢ ᠪᠠᠷᠢᠪᠴᠢᠯᠠᠪᠠ᠃
ᠰᠢᠭᠦᠨ ᠠᠰᠠᠭᠤᠬᠤ᠎ᠪᠠᠷ ᠳᠠᠮᠵᠢᠭ᠋ᠠᠳ ᠯᠢᠨ ᠣᠪᠣᠭᠲᠤ ᠥᠪᠡᠷ᠎ᠤᠨ ᠬᠠᠤᠯᠢ ᠵᠢ ᠵᠥᠷᠢᠴᠡᠵᠦ ᠶᠠᠯ᠎ᠠ ᠬᠢᠭᠰᠡᠨ ᠪᠣᠳᠠᠲᠤ ᠶᠠᠪᠤᠳᠠᠯ ᠵᠶ᠋ᠠᠨ ᠥᠴᠢᠭᠯᠡᠨ ᠮᠡᠳᠡᠷᠡᠵᠦ᠂ ᠬᠡᠷᠡᠭ᠎ᠲᠤ ᠬᠣᠯᠪᠣᠭᠳᠠᠭᠰᠠᠨ ᠪᠤᠵᠠᠷ ᠵᠣᠭᠣᠰ᠎ᠢ ᠨᠢᠭᠡᠨᠲᠡ ᠪᠦᠬᠦᠨ᠎ᠢ ᠬᠣᠬᠢᠷᠠᠯ ᠠᠮᠰᠠᠭᠴᠢ᠎ᠳᠤ ᠪᠤᠴᠠᠭ᠋ᠠᠵᠤ ᠥᠭᠪᠡ᠃