ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠺᠠᠶ᠋ᠢᠯᠦ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠥᠷᠲᠡᠭ ᠨᠡᠮᠡᠭᠳᠡᠯ᠎ᠤᠨ ᠭᠠᠶ᠋ᠢᠯᠢ ᠵᠢᠨ ᠪᠠᠷᠢᠮᠲᠠ ᠵᠢ ᠬᠤᠳᠠᠯ ᠵᠶ᠋ᠠᠷ ᠪᠢᠴᠢᠭᠰᠡᠨ ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ
ᠨᠡᠶ᠋ᠢᠲᠡᠯᠡᠭᠰᠡᠨ ᠴᠠᠭ᠄ 2023-12-29

      ᠣᠶ᠋ᠢᠷ᠎ᠠ᠎ᠳᠤ᠂ ᠲᠦᠩᠯᠢᠶᠣᠤ ᠬᠣᠲᠠ ᠵᠢᠨ ᠺᠠᠶ᠋ᠢᠯᠦ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠤ ᠠᠬᠤᠶ ᠵᠢᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠠᠷᠢᠮ ᠬᠥᠮᠦᠨ ᠴᠢᠬᠢ ᠮᠣᠳᠣᠨ᠎ᠤ ᠲᠥᠷᠥᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠪᠠᠷᠢᠮᠲᠠ ᠵᠢ ᠬᠤᠳᠠᠯ ᠵᠶ᠋ᠠᠷ ᠪᠢᠴᠢᠭᠰᠡᠨ ᠰᠡᠵᠢᠭᠯᠡᠯᠲᠡᠶ ᠪᠠᠶ᠋ᠢᠵᠤ᠂ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ ᠨᠡᠯᠢᠶᠡᠳ ᠶᠡᠬᠡ ᠪᠠᠶ᠋ᠢᠨ᠎ᠠ ᠭᠡᠰᠡᠨ ᠬᠡᠷᠡᠭ᠎ᠤᠨ ᠰᠦᠪᠡᠭᠴᠢ ᠵᠢ ᠣᠯᠵᠠᠢ᠃ ᠰᠦᠪᠡᠭᠴᠢ ᠣᠯᠤᠭᠰᠠᠨ᠎ᠤ ᠳᠠᠷᠠᠭ᠎ᠠ᠂ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠠᠵᠤ ᠠᠬᠤᠶ ᠵᠢᠨ ᠶᠠᠯᠠᠲᠤ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠲᠡᠷᠡ ᠳᠠᠷᠤᠶ᠎ᠳᠤ᠎ᠨᠢ ᠲᠤᠰᠬᠠᠶ ᠬᠡᠷᠡᠭ᠎ᠤᠨ ᠳᠤᠭᠤᠶ᠋ᠢᠯᠠᠩ ᠪᠠᠶ᠋ᠢᠭᠤᠯᠵᠤ ᠪᠠᠶ᠋ᠢᠴᠠᠭ᠋ᠠᠯᠲᠠ ᠬᠢᠪᠡ᠃ ᠲᠤᠰᠬᠠᠶ ᠬᠡᠷᠡᠭ᠎ᠤᠨ ᠳᠤᠭᠤᠶ᠋ᠢᠯᠠᠩ᠎ᠨᠢ ᠰᠦᠪᠡᠭᠴᠢ ᠥᠭᠭᠦᠭᠰᠡᠨ ᠪᠠᠶ᠋ᠢᠭᠤᠯᠭ᠎ᠠ᠎ᠲᠠᠢ ᠴᠠᠭ ᠲᠤᠬᠠᠶ᠎ᠳᠤ᠎ᠨᠢ ᠵᠣᠯᠭ᠋ᠠᠭᠤᠯᠵᠤ᠂ ᠬᠡᠷᠡᠭ᠎ᠲᠤ ᠬᠣᠯᠪᠣᠭᠳᠠᠭᠰᠠᠨ ᠬᠥᠮᠦᠰ᠎ᠤᠨ ᠬᠡᠷᠡᠭ ᠬᠢᠭᠰᠡᠨ ᠣᠨᠴᠠᠯᠢᠭ ᠵᠢᠴᠢ ᠠᠷᠭ᠎ᠠ ᠪᠠᠷᠢᠯ᠎ᠢ ᠤᠢ᠍ᠢ᠍ᠯᠠᠭ᠋ᠠᠨ ᠡᠵᠡᠮᠰᠢᠵᠦ᠂ ᠬᠡᠷᠡᠭ᠎ᠲᠤ ᠬᠣᠯᠪᠣᠭᠳᠠᠭᠰᠠᠨ ᠬᠥᠮᠦᠰ᠎ᠤᠨ ᠪᠠᠷᠢᠮᠲᠠ ᠥᠭᠭᠦᠭᠰᠡᠨ ᠲᠣᠭ᠎ᠠ ᠪᠠᠷᠢᠮᠲᠠ ᠵᠢᠨ ᠮᠡᠳᠡᠭᠡ ᠵᠠᠩᠭᠢ᠎ᠳᠤ ᠪᠦᠬᠦ ᠲᠠᠯ᠎ᠠ ᠵᠢᠨ ᠵᠠᠳᠠᠯᠤᠯᠲᠠ ᠬᠢᠵᠦ᠂ ᠪᠡᠯᠡ ᠮᠥᠩᠭᠥᠨ᠎ᠤ ᠴᠤᠪᠤᠷᠠᠯ ᠲᠣᠭ᠎ᠠ ᠪᠠᠷᠢᠮᠲᠠ᠂ ᠦᠢ᠍ᠯᠡᠳᠪᠦᠷᠢ ᠬᠤᠳᠠᠯᠳᠤᠭ᠋ᠠᠨ᠎ᠤ ᠳᠠᠩᠰᠠᠯᠠᠯ᠎ᠤᠨ ᠲᠣᠭ᠎ᠠ ᠪᠠᠷᠢᠮᠲᠠ ᠵᠡᠷᠭᠡ ᠪᠦᠬᠦ ᠬᠡᠯᠬᠢᠶᠡᠰᠦ ᠵᠢᠨ ᠲᠣᠭ᠎ᠠ ᠪᠠᠷᠢᠮᠲᠠ᠎ᠲᠠᠢ ᠤᠶᠠᠯᠳᠤᠭᠤᠯᠤᠨ ᠵᠠᠳᠠᠯᠤᠨ ᠰᠤᠳᠤᠯᠵᠤ ᠮᠠᠭ᠋ᠠᠳᠯᠠᠪᠠ᠃ ᠬᠠᠷᠠᠯᠲᠠ᠎ᠪᠠᠨ ᠲᠣᠭᠲᠠᠭ᠋ᠠᠭᠰᠠᠨ᠎ᠤ ᠲᠠᠷᠠᠭ᠎ᠠ ᠲᠤᠰᠬᠠᠶ ᠬᠡᠷᠡᠭ᠎ᠤᠨ ᠳᠤᠭᠤᠶ᠋ᠢᠯᠠᠩ ᠡᠷᠡᠰ ᠰᠢᠭᠤᠷᠬᠠᠶ᠎ᠪᠠᠷ ᠯᠢᠦ ᠣᠪᠣᠭᠲᠤ ᠵᠡᠷᠭᠡ ᠬᠡᠷᠡᠭ᠎ᠲᠤ ᠬᠣᠯᠪᠣᠭᠳᠠᠭᠰᠠᠨ 5 ᠬᠥᠮᠦᠨ᠎ᠢ ᠪᠠᠷᠢᠪᠴᠢᠯᠠᠪᠠ᠃

开鲁局抓获照片.jpg


      ᠰᠢᠭᠦᠨ ᠠᠰᠠᠭᠤᠬᠤ᠎ᠪᠠᠷ ᠳᠠᠮᠵᠢᠭ᠋ᠠᠳ ᠴᠧᠨ ᠣᠪᠣᠭᠲᠤ᠎ᠪᠠᠷ ᠲᠣᠯᠣᠭ᠋ᠠᠶ᠋ᠢᠯᠠᠭᠤᠯᠤᠭᠰᠠᠨ ᠬᠤᠳᠠᠯ ᠵᠶ᠋ᠠᠷ ᠪᠠᠷᠢᠮᠲᠠ ᠪᠢᠴᠢᠵᠦ ᠥᠭᠭᠦᠭᠰᠡᠨ ᠨᠢᠭᠡᠨ ᠶᠠᠯᠠᠲᠤ ᠪᠦᠯᠬᠦᠮ ᠭᠠᠷᠴᠤ ᠢᠷᠡᠪᠡ᠃ ᠶᠠᠯ᠎ᠠ ᠬᠢᠭᠰᠡᠨ ᠰᠡᠵᠢᠭᠳᠡᠨ ᠴᠧᠨ ᠣᠪᠣᠭᠲᠤ ᠥᠪᠡᠷ᠎ᠤᠨ ᠥᠨᠳᠥᠷ ᠠᠰᠢᠭ ᠲᠤᠰᠠ ᠵᠢᠨ ᠥᠳᠥᠭᠡᠯᠭᠡ ᠳᠣᠣᠷ᠎ᠠ᠂ ᠤᠯᠤᠰ᠎ᠤᠨ ᠲᠠᠷᠢᠶᠠᠯᠠᠩ᠎ᠤᠨ ᠦᠢ᠍ᠯᠡᠳᠪᠦᠷᠢᠯᠡᠭᠴᠢ ᠵᠢᠨ ᠥᠪᠡᠷ ᠵᠶ᠋ᠠᠨ ᠦᠢ᠍ᠯᠡᠳᠪᠦᠷᠢᠯᠡᠵᠦ ᠥᠪᠡᠷ ᠵᠶ᠋ᠠᠨ ᠪᠣᠷᠣᠯᠠᠭᠤᠯᠬᠤ ᠴᠢᠬᠢ ᠮᠣᠳᠣ ᠵᠢ ᠭᠠᠶ᠋ᠢᠯᠢ᠎ᠠᠴᠠ ᠬᠡᠯᠲᠦᠷᠢᠭᠦᠯᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠠᠰᠢᠭᠯᠠᠨ᠂ ᠪᠣᠳᠠᠲᠠᠶ ᠲᠤᠬᠠᠶ᠋ᠢᠯᠠᠭᠰᠠᠨ ᠠᠵᠢᠯ ᠦᠭᠡᠶ ᠪᠠᠶ᠋ᠢᠳᠠᠯ ᠳᠣᠣᠷ᠎ᠠ᠂ ᠶᠡᠬᠡ ᠬᠡᠮᠵᠢᠶᠡᠨ᠎ᠤ ᠬᠤᠳᠠᠯ ᠵᠶ᠋ᠠᠷ ᠪᠢᠴᠢᠭᠰᠡᠨ ᠴᠢᠬᠢ ᠮᠣᠳᠣᠨ᠎ᠤ ᠲᠥᠷᠥᠯ᠎ᠤᠨ ᠥᠷᠲᠡᠭ ᠨᠡᠮᠡᠭᠳᠡᠯ᠎ᠤᠨ ᠭᠠᠶ᠋ᠢᠯᠢ ᠵᠢᠨ ᠡᠩ᠎ᠤᠨ ᠪᠠᠷᠢᠮᠲᠠ ᠵᠢ 100 ᠭᠠᠷᠤᠶ ᠬᠤᠪᠢ ᠬᠤᠳᠠᠯ ᠵᠶ᠋ᠠᠷ ᠪᠢᠴᠢᠨ ᠭᠠᠳᠠᠭᠰᠢ ᠲᠠᠷᠬᠠᠭ᠋ᠠᠵᠤ᠂ ᠬᠤᠳᠠᠯ ᠵᠶ᠋ᠠᠷ ᠪᠢᠴᠢᠭᠰᠡᠨ ᠦᠨ᠎ᠡ᠎ᠨᠢ 9800 ᠭᠠᠷᠤᠶ ᠲᠦᠮᠡᠨ ᠲᠥᠭᠥᠷᠢᠭ ᠪᠠᠶ᠋ᠢᠵᠤ᠂ ᠬᠠᠤᠯᠢ ᠪᠤᠰᠤ᠎ᠪᠠᠷ 50 ᠲᠦᠮᠡᠨ ᠲᠥᠭᠥᠷᠢᠭ᠎ᠤᠨ ᠠᠰᠢᠭ ᠣᠯᠵᠠᠶ᠃
      ᠣᠳᠣᠬᠠᠨ᠎ᠳᠤ᠂ ᠬᠡᠷᠡᠭ᠎ᠲᠤ ᠬᠣᠯᠪᠣᠭᠳᠠᠭᠰᠠᠨ 12 ᠶᠠᠯ᠎ᠠ ᠬᠢᠭᠰᠡᠨ ᠰᠡᠵᠢᠭᠳᠡᠨ᠎ᠢ ᠨᠢᠭᠡᠨᠲᠡ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠬᠡᠷᠡᠭ᠎ᠢ ᠤᠯᠠᠮ ᠨᠢᠭᠡ ᠠᠯᠬᠤᠮ ᠭᠦᠨᠵᠡᠭᠡᠶ ᠰᠢᠢ᠍ᠳᠪᠦᠷᠢᠯᠡᠵᠦ ᠪᠠᠶ᠋ᠢᠨ᠎ᠠ᠃

ᠢᠷᠡᠯᠲᠡ᠄ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ