ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠤᠷᠠᠳ᠎ᠤᠨ ᠡᠮᠦᠨᠡᠲᠦ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠤᠯᠠᠭ᠋ᠠᠶ᠋ᠢᠯᠠᠭᠰᠠᠨ ᠰᠢᠷᠢᠰ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-01-25

      ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ ᠵᠢᠨ ᠲᠥᠯᠥᠭᠡ᠂ ᠤᠷᠠᠳ᠎ᠤᠨ ᠡᠮᠦᠨᠡᠲᠦ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠢᠮᠠᠭᠲᠠ ᠳᠣᠲᠣᠭ᠋ᠠᠳᠤ ᠵᠢ ᠬᠠᠮᠠᠭ᠋ᠠᠯᠠᠬᠤ ᠡᠭᠦᠷᠭᠡ ᠴᠢᠳᠠᠪᠤᠷᠢ᠎ᠳᠤ᠎ᠪᠠᠨ ᠰᠠᠭᠤᠷᠢᠯᠠᠨ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠭᠰᠠᠭ᠋ᠠᠷ ᠢᠷᠡᠵᠡᠶ᠃ ᠣᠶ᠋ᠢᠷ᠎ᠠ᠎ᠳᠤ᠂ ᠤᠷᠠᠳ᠎ᠤᠨ ᠡᠮᠦᠨᠡᠲᠦ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠷᠭᠦᠯᠵᠢᠯᠡᠨ ᠪᠣᠭᠣᠮᠲᠠ ᠰᠢᠪᠲᠤᠯᠵᠤ᠂ ᠭᠦᠨ ᠠᠭᠤᠳᠠᠯᠤᠨ ᠱᠤᠭᠤᠮ᠎ᠢ ᠥᠷᠭᠡᠳᠬᠡᠬᠦ᠎ᠪᠠᠷ ᠳᠡᠮᠵᠢᠨ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ 76 ᠬᠤᠯᠠᠭ᠋ᠠᠶ᠋ᠢᠯᠠᠭᠰᠠᠨ ᠬᠡᠷᠡᠭ᠎ᠢ ᠠᠮᠵᠢᠯᠲᠠᠲᠠᠶ ᠢᠯᠡᠷᠡᠭᠦᠯᠵᠦ᠂ ᠶᠠᠯ᠎ᠠ ᠬᠢᠭᠰᠡᠨ 14 ᠰᠡᠵᠢᠭᠳᠡᠨ᠎ᠢ ᠪᠠᠷᠢᠪᠴᠢᠯᠠᠵᠤ᠂ 20 ᠭᠠᠷᠤᠶ ᠲᠦᠮᠡᠨ ᠲᠥᠭᠥᠷᠢᠭ᠎ᠤᠨ ᠥᠷᠲᠡᠭ ᠪᠥᠬᠥᠶ ᠬᠡᠷᠡᠭ᠎ᠲᠤ ᠬᠣᠯᠪᠣᠭᠳᠠᠭᠰᠠᠨ ᠪᠠᠶ᠋ᠢᠨ᠎ᠠ᠃

嫌疑人运输盗窃葵花籽车辆.jpg


     2023 ᠣᠨ᠎ᠤ 4 ᠰᠠᠷ᠎ᠠ ᠵᠢᠨ 30᠎ᠤ ᠡᠳᠦᠷ᠂ ᠤᠷᠠᠳ᠎ᠤᠨ ᠡᠮᠦᠨᠡᠲᠦ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠴᠠᠭᠳᠠᠭ᠎ᠠ ᠵᠢᠨ ᠶᠡᠬᠡ ᠠᠩᠭᠢ ᠤᠷᠠᠳ᠎ᠤᠨ ᠡᠮᠦᠨᠡᠲᠦ ᠬᠣᠰᠢᠭᠤᠨ᠎ᠤ ᠨᠢᠭᠡᠨ ᠺᠣᠮᠫᠠᠨᠢ ᠵᠢᠨ ᠦᠢ᠍ᠯᠡᠳᠪᠦᠷᠢ ᠵᠢᠨ ᠲᠣᠭᠣᠷᠢᠭ᠎ᠲᠠᠬᠢ ᠶᠡᠬᠡ ᠬᠡᠮᠵᠢᠶᠡᠨ᠎ᠤ ᠲᠣᠰᠣᠨ᠎ᠤ ᠵᠦᠢ᠍ᠯ᠂ ᠪᠣᠯᠣᠳ ᠬᠣᠭᠣᠯᠠᠶ᠂ ᠵᠡᠰ ᠬᠠᠪᠲᠠᠰᠤ ᠵᠡᠷᠭᠡ ᠡᠳ᠋ ᠪᠣᠳᠠᠰ ᠬᠤᠯᠠᠭ᠋ᠠᠶ᠋ᠢᠯᠠᠭᠳᠠᠵᠤ᠂ ᠬᠡᠷᠡᠭ᠎ᠲᠤ ᠬᠣᠯᠪᠣᠭᠳᠠᠭᠰᠠᠨ ᠦᠨ᠎ᠡ ᠥᠷᠲᠡᠭ᠎ᠨᠢ ᠯᠤᠲᠤ ᠶᠡᠬᠡ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠡᠷᠡᠭᠦᠦ ᠵᠢᠨ ᠴᠠᠭᠳᠠᠭ᠎ᠠ ᠵᠢᠨ ᠶᠡᠬᠡ ᠠᠩᠭᠢ ᠦᠳᠲᠡᠷ ᠲᠦᠷᠭᠡᠨ ᠵᠶ᠋ᠠᠷ ᠲᠤᠬᠠᠶ ᠵᠢᠨ ᠲᠠᠯᠠᠪᠠᠶ᠎ᠳᠤ ᠬᠦᠷᠴᠦ ᠲᠤᠷᠰᠢᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃ ᠲᠣᠰ ᠺᠣᠮᠫᠠᠨᠢ 2020 ᠣᠨ᠎ᠤ 7 ᠰᠠᠷ᠎ᠠ᠎ᠳᠤ ᠨᠢᠭᠡᠨᠲᠡ ᠦᠢ᠍ᠯᠡᠳᠪᠦᠷᠢᠯᠡᠯ ᠵᠶ᠋ᠠᠨ ᠵᠣᠭᠰᠣᠭ᠋ᠠᠭᠰᠠᠨ ᠪᠣᠯᠬᠣᠷ ᠬᠤᠯᠠᠭ᠋ᠠᠶ᠋ᠢᠯᠠᠭᠳᠠᠭᠰᠠᠨ ᠪᠣᠳᠠᠲᠠᠶ ᠴᠠᠭ᠎ᠨᠢ ᠲᠣᠳᠣᠷᠬᠠᠶ ᠥᠬᠡᠶ ᠮᠥᠷᠲᠡᠭᠡᠨ ᠲᠣᠰ ᠺᠣᠮᠫᠠᠨᠢ᠎ᠨᠢ ᠪᠣᠶ᠋ᠢᠳᠠ ᠪᠥᠭᠯᠡᠭᠦᠤ ᠬᠣᠲᠠ ᠵᠢᠨ ᠲᠡᠭᠦᠷᠭᠡ᠎ᠳᠤ ᠪᠠᠶ᠋ᠢᠷᠢᠯᠠᠵᠤ᠂ ᠦᠢ᠍ᠯᠡᠳᠪᠦᠷᠢ ᠵᠢᠨ ᠲᠣᠭᠣᠷᠢᠭ ᠵᠢᠴᠢ ᠡᠷᠬᠢᠨ ᠲᠣᠭᠣᠷᠢᠨ᠎ᠳᠤ᠎ᠨᠢ ᠬᠢᠨᠠᠨ ᠡᠵᠡᠮᠳᠡᠭᠦᠷ ᠥᠬᠡᠶ ᠪᠣᠯᠬᠣᠷ ᠬᠡᠷᠡᠭ᠎ᠢ ᠳᠡᠩᠨᠡᠨ ᠢᠯᠡᠷᠡᠭᠦᠯᠬᠦ᠎ᠳᠤ ᠮᠠᠰᠢ ᠶᠡᠬᠡ ᠬᠦᠴᠢᠷᠳᠡᠯ ᠤᠴᠠᠷᠠᠭᠤᠯᠤᠭᠰᠠᠨ ᠪᠠᠶ᠋ᠢᠨ᠎ᠠ᠃
      ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠲᠤᠷᠰᠢᠨ ᠪᠠᠶ᠋ᠢᠴᠠᠭ᠋ᠠᠬᠤ ᠬᠡᠪᠴᠢᠶ᠎ᠡ᠎ᠪᠠᠨ ᠤᠯᠠᠮ ᠨᠢᠭᠡ ᠠᠯᠬᠤᠮ ᠥᠷᠭᠡᠳᠬᠡᠵᠦ᠂ ᠶᠡᠬᠡ ᠬᠡᠮᠵᠢᠶᠡᠨ᠎ᠤ ᠮᠥᠷᠳᠡᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠬᠡᠷᠡᠭ᠎ᠤᠨ ᠰᠢᠪᠲᠤᠯᠤᠯᠲᠠ ᠵᠢᠨ ᠴᠡᠭ᠎ᠢ ᠴᠢᠷᠮᠠᠶ᠋ᠢᠨ ᠡᠷᠢᠵᠦ᠂ ᠡᠴᠦᠰ᠎ᠲᠤ᠎ᠪᠠᠨ ᠨᠢᠭᠡᠨ ᠰᠡᠵᠢᠭᠯᠡᠯᠲᠡᠶ ᠲᠠᠷᠢᠶᠠᠯᠠᠩ᠎ᠤᠨ ᠲᠡᠷᠭᠡᠨ ᠳᠡᠭᠡᠷ᠎ᠡ᠎ᠠᠴᠠ ᠶᠡᠬᠡ ᠬᠡᠮᠵᠢᠶᠡᠨ᠎ᠤ ᠬᠤᠯᠠᠭ᠋ᠠᠶ᠋ᠢᠯᠠᠭᠳᠠᠭᠰᠠᠨ ᠲᠣᠰᠣᠨ᠎ᠤ ᠵᠦᠢ᠍ᠯ᠎ᠢ ᠢᠯᠡᠷᠡᠭᠦᠯᠵᠦ᠂ ᠵᠠᠮ᠎ᠢ ᠳᠠᠭ᠋ᠠᠵᠤ ᠴᠠᠭᠳᠠᠨ ᠮᠥᠷᠳᠡᠯᠲᠡ᠎ᠪᠠᠷ ᠳᠠᠮᠵᠢᠭᠤᠯᠤᠨ᠂ ᠨᠢᠭᠡ ᠯᠡ ᠳᠡᠭᠡᠷ᠎ᠡ ᠶᠠᠯ᠎ᠠ ᠬᠢᠭᠰᠡᠨ 5 ᠰᠡᠵᠢᠭᠳᠡᠨ᠎ᠢ ᠪᠠᠷᠢᠪᠴᠢᠯᠠᠪᠠ᠃ ᠭᠡᠨᠡᠳᠲᠡ ᠵᠢᠨ ᠰᠢᠭᠦᠯᠲᠡ᠎ᠪᠠᠷ ᠳᠠᠮᠵᠢᠭ᠋ᠠᠳ᠂ ᠲᠣᠰ ᠲᠠᠪᠤᠨ ᠬᠥᠮᠦᠨ ᠲᠣᠰᠣᠨ᠎ᠤ ᠵᠦᠢ᠍ᠯ᠎ᠢ ᠬᠤᠯᠠᠭ᠋ᠠᠶ᠋ᠢᠯᠠᠭᠰᠠᠨ ᠶᠠᠯ᠎ᠠ ᠵᠢᠨ ᠪᠣᠳᠠᠲᠤ ᠶᠠᠪᠤᠳᠠᠯ ᠵᠶ᠋ᠠᠨ ᠥᠴᠢᠭᠯᠡᠨ ᠮᠡᠳᠡᠷᠡᠭᠰᠡᠨ ᠪᠥᠭᠡᠳ ᠡᠭᠦᠨ᠎ᠠᠴᠠ ᠡᠮᠦᠨ᠎ᠡ ᠣᠯᠠᠨ ᠤᠳᠠᠭ᠎ᠠ ᠬᠤᠯᠠᠭ᠋ᠠᠶ᠋ᠢᠯᠠᠭᠰᠠᠨ ᠶᠠᠯ᠎ᠠ ᠵᠢᠨ ᠪᠣᠳᠠᠲᠤ ᠶᠠᠪᠤᠳᠠᠯ ᠵᠶ᠋ᠠᠨ ᠲᠤᠰᠢᠶᠠᠵᠠᠶ᠃
      ᠪᠠᠶ᠋ᠢᠯᠳᠤᠭ᠋ᠠᠨ᠎ᠤ ᠦᠷ᠎ᠡ ᠪᠦᠳᠦᠮᠵᠢ᠎ᠪᠠᠨ ᠤᠯᠠᠮ ᠥᠷᠭᠡᠳᠬᠡᠬᠦ ᠵᠢᠨ ᠲᠥᠯᠥᠭᠡ᠂ ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠨᠢᠭᠡᠨᠲᠡ ᠡᠵᠡᠮᠰᠢᠭᠰᠡᠨ ᠶᠠᠯ᠎ᠠ ᠵᠢᠨ ᠭᠡᠷᠡᠴᠢ ᠪᠠᠷᠢᠮᠲᠠ ᠵᠢᠨ ᠰᠠᠭᠤᠷᠢᠨ ᠳᠡᠭᠡᠷ᠎ᠡ᠂ ᠲᠣᠰ ᠡᠪᠰᠡᠯ ᠪᠦᠯᠦᠭ᠎ᠤᠨ ᠪᠦᠷᠢᠯᠳᠦᠬᠦᠨ᠎ᠤ ᠨᠡᠶ᠋ᠢᠭᠡᠮ᠎ᠤᠨ ᠬᠠᠷᠢᠴᠠᠭ᠎ᠠ᠂ ᠰᠣᠯᠢᠯᠴᠠᠭ᠋ᠠᠨ᠎ᠤ ᠴᠤᠪᠤᠷᠠᠯ᠂ ᠦᠢ᠍ᠯᠡ ᠠᠵᠢᠯᠯᠠᠭ᠋ᠠᠨ᠎ᠤ ᠵᠠᠮ ᠮᠥᠷ ᠵᠡᠷᠭᠡ ᠮᠡᠳᠡᠭᠡ ᠵᠠᠩᠭᠢ ᠵᠢ ᠨᠠᠷᠢᠨ ᠨᠢᠮᠪᠠᠶ ᠰᠤᠳᠤᠯᠤᠨ ᠮᠠᠭ᠋ᠠᠳᠯᠠᠵᠤ ᠭᠦᠨ ᠠᠭᠤᠳᠠᠯᠬᠤ᠎ᠪᠠᠷ ᠳᠠᠮᠵᠢᠨ᠂ ᠤᠷᠢᠳ ᠬᠣᠵᠢᠳ ᠲᠣᠰ ᠬᠡᠷᠡᠭ᠎ᠤᠨ ᠪᠤᠰᠤᠳ ᠬᠠᠮᠰᠠᠭ᠋ᠠᠲᠠᠨ᠎ᠤ ᠪᠦᠷᠢᠯᠳᠦᠬᠦᠨ ᠵᠢᠴᠢ ᠳᠣᠤᠷᠠᠳᠤ ᠤᠷᠤᠰᠬᠠᠯ᠎ᠤᠨ ᠪᠤᠵᠠᠷ ᠡᠳ᠋ ᠪᠣᠷᠣᠯᠠᠭᠤᠯᠤᠭᠰᠠᠨ ᠬᠥᠮᠦᠰ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢ ᠲᠣᠭᠲᠠᠭ᠋ᠠᠵᠤ᠂ ᠴᠢᠩᠭ᠎ᠠ ᠨᠢᠮᠪᠠᠶ ᠪᠠᠷᠢᠪᠴᠢᠯᠠᠬᠤ ᠲᠥᠰᠦᠯ ᠲᠣᠭᠲᠠᠭ᠋ᠠᠨ᠂ 9 ᠶᠠᠯ᠎ᠠ ᠬᠢᠭᠰᠡᠨ ᠰᠡᠵᠢᠭᠳᠡᠨ᠎ᠢ ᠠᠮᠵᠢᠯᠲᠠᠲᠠᠶ ᠪᠠᠷᠢᠪᠴᠢᠯᠠᠪᠠ᠃ ᠣᠳᠣᠬᠠᠨ᠎ᠳᠤ ᠬᠡᠷᠡᠭ᠎ᠢ ᠪᠠᠰᠠ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃

ᠢᠷᠡᠯᠲᠡ᠄ ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ