ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠠᠷᠠᠳ᠎ᠤᠨ ᠴᠠᠭᠳᠠᠭ᠎ᠠ ᠪᠥᠬᠥ ᠬᠦᠴᠦᠨ ᠵᠶ᠋ᠠᠷ ᠵᠶ᠋ᠠᠨ ᠠᠮᠢ᠎ᠪᠠᠨ ᠬᠣᠣᠷᠯᠠᠬᠤ ᠭᠡᠰᠡᠨ ᠬᠡᠦᠬᠡᠨ᠎ᠢ ᠠᠪᠤᠷᠠᠪᠠ
ᠨᠡᠶ᠋ᠢᠲᠡᠯᠡᠭᠰᠡᠨ ᠴᠠᠭ᠄ 2024-11-21

     ᠣᠶ᠋ᠢᠷ᠎ᠠ᠎ᠳᠤ᠂ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠨᠢᠭᠡᠨ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ᠎ᠬᠢᠨ ᠨᠢᠭᠡᠨ ᠬᠡᠦᠬᠡᠨ ᠬᠥᠭᠥᠷᠭᠡᠨ ᠳᠡᠭᠡᠷ᠎ᠡ ᠰᠠᠭᠤᠵᠤ᠂ ᠠᠮᠢ᠎ᠪᠠᠨ ᠬᠣᠣᠷᠯᠠᠬᠤ ᠪᠣᠯᠤᠯᠴᠠᠭ᠎ᠠ᠎ᠲᠠᠢ᠂ ᠲᠥᠷᠭᠡᠨ ᠠᠪᠤᠷᠠᠭ᠋ᠠᠷᠠᠢ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ ᠠᠷᠠᠳ᠎ᠤᠨ ᠴᠠᠭᠳᠠᠭ᠎ᠠ ᠲᠤᠬᠠᠶ ᠵᠢᠨ ᠲᠠᠯᠠᠪᠠᠶ᠎ᠳᠤ ᠬᠦᠷᠦᠭᠰᠡᠨ᠎ᠳᠤ᠂ ᠨᠢᠭᠡ ᠬᠡᠦᠬᠡᠨ ᠨᠢᠭᠡᠨᠲᠡ ᠬᠥᠭᠥᠷᠭᠡ ᠵᠢᠨ ᠬᠠᠰᠢᠯᠭ᠎ᠠ ᠵᠢᠨ ᠭᠠᠳᠠᠷ ᠲᠠᠯ᠎ᠠ᠎ᠳᠤ ᠵᠣᠭᠰᠣᠵᠤ᠂ ᠰᠡᠳᠬᠢᠯ᠎ᠨᠢ ᠶᠡᠬᠡ ᠳᠣᠭᠳᠣᠯᠤᠩᠭᠤᠢ ᠪᠠᠢ᠌ᠪᠠ᠃ ᠠᠷᠠᠳ᠎ᠤᠨ ᠴᠠᠭᠳᠠᠭ᠎ᠠ ᠨᠢᠭᠡ ᠲᠠᠯ᠎ᠠ᠎ᠪᠠᠷ ᠡᠨᠡ ᠬᠡᠦᠬᠡᠨ᠎ᠤ ᠤᠷᠮ᠎ᠠ ᠰᠡᠳᠬᠢᠯᠭᠡ ᠵᠢ ᠲᠠᠶ᠋ᠢᠳᠬᠤᠷᠠᠭᠤᠯᠵᠤ᠂ ᠨᠥᠭᠥᠭᠡ ᠲᠠᠯ᠎ᠠ᠎ᠪᠠᠷ ᠢᠳᠬᠠᠨ ᠰᠤᠷᠭ᠋ᠠᠬᠤ ᠶᠠᠪᠤᠴᠠ᠎ᠳᠤ ᠵᠠᠪᠰᠢᠶᠠᠨ᠎ᠢ ᠳᠠᠯᠢᠮᠳᠠᠭᠤᠯᠤᠨ ᠬᠡᠦᠬᠡᠨ᠎ᠢ ᠲᠠᠲᠠᠨ ᠵᠠᠢ᠌ᠯᠠᠭᠤᠯᠵᠤ ᠠᠶᠤᠯ᠎ᠠᠴᠠ ᠠᠪᠤᠷᠠᠵᠠᠢ᠃ 
      ᠣᠶ᠋ᠢᠯᠠᠭ᠋ᠠᠭᠰᠠᠨ ᠵᠶ᠋ᠠᠷ᠂ ᠡᠨᠡ ᠬᠡᠦᠬᠡᠨ ᠠᠷᠰᠠᠷ ᠤᠴᠢᠷ᠎ᠲᠤ ᠠᠭᠤᠷᠯᠠᠨ ᠭᠡᠷ᠎ᠠᠴᠠ᠎ᠪᠠᠨ ᠰᠠᠯᠵᠤ ᠶᠠᠪᠤᠭ᠋ᠠᠳ ᠠᠮᠢ᠎ᠪᠠᠨ ᠬᠣᠣᠷᠯᠠᠬᠤ ᠪᠣᠳᠣᠯ ᠣᠷᠣᠪᠠ᠃ ᠠᠷᠠᠳ᠎ᠤᠨ ᠴᠠᠭᠳᠠᠭ᠎ᠠ᠎ᠠᠴᠠ ᠬᠦᠯᠢᠴᠡᠩᠭᠦᠢ᠎ᠪᠠᠷ ᠢᠳᠬᠠᠨ ᠰᠤᠷᠭ᠋ᠠᠬᠤ᠎ᠳᠤ᠂ ᠲᠡᠷᠡ ᠠᠮᠢ᠎ᠪᠠᠨ ᠬᠣᠣᠷᠯᠠᠬᠤ ᠪᠣᠳᠣᠯ ᠵᠶ᠋ᠠᠨ ᠲᠡᠪᠴᠢᠭᠰᠡᠨ ᠪᠥᠭᠡᠳ ᠭᠡᠷ᠎ᠤᠨ ᠬᠦᠮᠦᠨ ᠵᠶ᠋ᠡᠨ ᠳᠠᠭ᠋ᠠᠭ᠋ᠠᠳ ᠭᠡᠷ᠎ᠲᠤ᠎ᠪᠠᠨ ᠪᠤᠴᠠᠪᠠ᠃  

ᠢᠷᠡᠯᠲᠡ᠄ ᠪᠠᠶᠠᠨᠨᠠᠭᠤᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ