ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ᠎ᠬᠢᠨ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭ᠋ᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2024-11-06

      ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠠᠵᠢᠯ᠎ᠤᠨ ᠳᠤᠮᠳᠠ᠎ᠪᠠᠨ  ᠰᠦᠯᠵᠢᠶᠡᠨ᠎ᠤ ᠠᠷᠠᠳ ᠯᠦ᠍ ᠣᠪᠣᠭᠲᠤ ᠰᠦᠯᠵᠢᠶᠡᠨ᠎ᠤ ᠲᠠᠪᠴᠠᠩ᠎ᠳᠤ ᠨᠢᠭᠡᠨ ᠠᠵᠤ ᠠᠬᠤᠶ᠋ᠢᠯᠠᠯ᠎ᠳᠤ ᠡᠨᠳᠡᠯ ᠭᠠᠷᠤᠭᠰᠠᠨ ᠸᠢᠳᠢᠣ᠋ ᠵᠢ ᠨᠡᠶ᠋ᠢᠲᠡᠯᠡᠭᠰᠡᠨ᠎ᠢ ᠣᠯᠵᠤ ᠬᠠᠷᠠᠭᠰᠠᠨ ᠪᠠᠢ᠌ᠨ᠎ᠠ᠃ ᠸᠢᠳᠢᠣ᠋ ᠵᠢᠨ ᠠᠭᠤᠯᠭ᠎ᠠ ᠵᠢ᠎ᠨᠢ ᠬᠢᠨᠠᠨ ᠬᠠᠷᠭᠤᠭᠤᠯᠤᠭ᠋ᠠᠳ ᠬᠤᠳᠠᠯ ᠬᠠᠭᠤᠷᠮᠠᠭ ᠮᠡᠳᠡᠭᠡ ᠵᠠᠩᠭᠢ ᠪᠣᠯᠬᠤ ᠵᠢ ᠲᠣᠳᠣᠯᠠᠪᠠ᠃ ᠠᠷᠠᠳ᠎ᠤᠨ ᠴᠠᠭᠳᠠᠭ᠎ᠠ ᠬᠠᠮᠤᠭ᠎ᠤᠨ ᠲᠡᠷᠢᠭᠦᠨ᠎ᠳᠤ ᠬᠣᠯᠪᠣᠭᠳᠠᠯ ᠪᠥᠬᠥᠶ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠬᠤ ᠵᠢᠨ ᠬᠠᠮᠲᠤ ᠲᠣᠰ ᠦᠨᠡᠨ ᠪᠣᠳᠠᠲᠠᠶ ᠪᠤᠰᠤ ᠮᠡᠳᠡᠭᠡ ᠵᠠᠩᠭᠢ ᠵᠢ ᠬᠠᠰᠤᠵᠤ ᠬᠠᠶᠠᠪᠠ᠃
      ᠯᠦ᠍ ᠣᠪᠣᠭᠲᠤ ᠵᠢᠨ ᠠᠵᠢᠯᠯᠠᠭ᠎ᠠ᠎ᠨᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠨᠢᠭᠡᠨᠲᠡ ᠬᠠᠤᠯᠢ ᠶᠣᠰᠣᠭ᠋ᠠᠷ ᠯᠦ᠍ ᠣᠪᠣᠭᠲᠤ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠭᠰᠡᠨ ᠪᠠᠶ᠋ᠢᠨ᠎ᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ