ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠳ᠋ᠦᠩ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ᠎ᠬᠢᠨ ᠠᠢ᠌ᠯ ᠡᠷᠦᠬᠡ᠎ᠳᠤ ᠣᠷᠣᠵᠤ ᠬᠤᠯᠠᠭ᠋ᠠᠶ᠋ᠢᠯᠠᠭᠰᠠᠨ ᠬᠡᠷᠡᠭ᠎ᠢ ᠲᠦᠷᠭᠡᠨ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-10-06

      ᠣᠶ᠋ᠢᠷ᠎ᠠ᠎ᠳᠤ᠂ ᠪᠤᠭᠤᠲᠤ ᠬᠣᠲᠠ ᠵᠢᠨ ᠳ᠋ᠦᠩ ᠾᠧ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠵᠢᠨ᠎ᠬᠢᠨ ᠨᠢᠭᠡᠨ ᠬᠦᠮᠦᠨ᠎ᠤ ᠥᠪᠡᠷ᠎ᠤᠨ ᠬᠡᠷ᠎ᠤᠨ ᠡᠳ᠋ ᠪᠣᠳᠠᠰ᠎ᠨᠢ ᠬᠤᠯᠠᠭ᠋ᠠᠶ᠋ᠢᠯᠠᠭᠳᠠᠵᠤ᠂ ᠬᠡᠷᠡᠭ᠎ᠲᠤ ᠬᠣᠯᠪᠣᠭᠳᠠᠭᠰᠠᠨ ᠥᠷᠳᠡᠭ᠎ᠨᠢ ᠪᠠᠷᠤᠭ 10 ᠲᠦᠮᠡ ᠭᠠᠷᠤᠶ ᠲᠥᠭᠥᠷᠢᠭ᠎ᠲᠤ ᠬᠦᠷᠴᠡᠶ ᠭᠡᠰᠡᠨ ᠬᠡᠷᠡᠭ᠎ᠤᠨ ᠮᠡᠳᠡᠭᠦᠯᠦᠯᠲᠡ ᠵᠢ ᠲᠤᠰᠪᠠ᠃ ᠲᠤᠬᠠᠶ ᠵᠢᠨ ᠲᠠᠯᠠᠪᠤᠷ᠎ᠲᠤ ᠬᠠᠶ᠋ᠢᠨ ᠪᠠᠶ᠋ᠢᠴᠠᠭ᠋ᠠᠵᠤ ᠭᠡᠷᠡᠴᠢ ᠠᠪᠬᠤ ᠵᠢᠨ ᠬᠠᠮᠲᠤ ᠭᠦᠨᠵᠡᠭᠡᠶ ᠵᠠᠳᠠᠯᠵᠤ ᠰᠤᠳᠤᠯᠤᠨ ᠮᠠᠭ᠋ᠠᠳᠯᠠᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ᠎ᠠᠴᠠ ᠰᠢᠯᠢ ᠵᠢᠨ ᠬᠣᠲᠠ᠎ᠳᠤ ᠳᠤᠲᠠᠭ᠋ᠠᠵᠤ ᠣᠴᠢᠭᠰᠠᠨ ᠵᠣᠣ ᠣᠪᠣᠭᠲᠤ ᠪᠣᠯ ᠬᠡᠷᠡᠭ᠎ᠲᠤ ᠬᠣᠯᠪᠣᠭᠳᠠᠭᠰᠠᠨ ᠬᠥᠮᠥᠨ ᠪᠣᠯᠬᠤ ᠵᠢ ᠮᠠᠰᠢ ᠲᠦᠷᠭᠡᠨ ᠵᠶ᠋ᠠᠷ ᠪᠠᠶ᠋ᠢᠴᠠᠭ᠋ᠠᠨ ᠳᠣᠲᠣᠯᠠᠵᠠᠶ᠃

      ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠰᠢᠯᠢ ᠵᠢᠨ ᠬᠣᠲᠠ᠎ᠳᠤ ᠬᠦᠷᠴᠦ᠂ ᠲᠤᠬᠠᠶ ᠵᠢᠨ ᠭᠠᠵᠠᠷ᠎ᠤᠨ ᠴᠠᠭᠳᠠᠭ᠋ᠠᠨ᠎ᠤ ᠲᠠᠯ᠎ᠠ ᠵᠢᠨ᠎ᠬᠢᠨ᠎ᠤ ᠬᠠᠪᠰᠤᠷᠤᠯᠭ᠎ᠠ᠎ᠪᠠᠷ ᠶᠠᠯ᠎ᠠ ᠬᠢᠭᠰᠡᠨ ᠰᠡᠵᠢᠭᠳᠡᠨ ᠵᠣᠣ ᠣᠪᠣᠭᠲᠤ ᠵᠢ ᠪᠠᠷᠢᠪᠴᠢᠯᠠᠵᠤ᠂ ᠬᠡᠰᠡᠭ ᠪᠤᠵᠠᠷ ᠡᠳ᠋᠎ᠢ᠎ᠨᠢ ᠣᠯᠵᠠᠯᠠᠵᠠᠶ᠃ ᠬᠡᠷᠡᠭ᠎ᠢ ᠴᠢᠨᠠᠭᠰᠢᠲᠠ ᠲᠣᠷᠰᠢᠨ ᠪᠠᠢ᠌ᠴᠠᠭ᠋ᠠᠬᠤ᠎ᠪᠠᠷ ᠳᠠᠮᠵᠢᠨ᠂ ᠲᠤᠬᠠᠶ ᠵᠢᠨ ᠡᠳᠦᠷ᠎ᠲᠤ ᠨᠥᠭᠥᠭᠡ ᠨᠢᠭᠡ ᠶᠠᠯ᠎ᠠ ᠬᠢᠭᠰᠡᠨ ᠰᠡᠵᠢᠭᠳᠡᠨ᠎ᠢ ᠪᠠᠰᠠ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠵᠣᠭᠣᠰ ᠮᠥᠩᠭᠥ ᠡᠳ᠋ ᠪᠣᠳᠠᠰ᠎ᠢ ᠪᠦᠬᠦᠨ ᠵᠶ᠋ᠠᠷ᠎ᠨᠢ ᠨᠡᠬᠡᠮᠵᠢᠯᠡᠨ ᠠᠪᠴᠢᠷᠠᠪᠠ᠃

ᠢᠷᠡᠯᠲᠡ᠄ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ