1 ᠳ᠋ᠦ᠍ᠭᠡᠷ ᠰᠠᠷ᠎ᠠ ᠵᠢᠨ 12᠎ᠤᠨ ᠡᠳᠦᠷ᠂ ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ 《ᠵᠠᠭᠤᠨ ᠡᠳᠦᠷ᠎ᠤᠨ ᠪᠤᠭᠤᠮᠲᠠ ᠰᠢᠪᠳᠤᠯᠬᠤ》 ᠲᠤᠰᠬᠠᠶ ᠠᠵᠢᠯᠯᠠᠭ᠎ᠠ ᠵᠢᠨ ᠶᠠᠪᠤᠴᠠ᠎ᠳᠤ ᠬᠤᠷᠢᠶᠠᠮᠵᠢᠯᠠᠭᠰᠠᠨ ᠡᠳ᠋ ᠪᠤᠳᠠᠰ᠎ᠢ ᠲᠥᠪᠯᠡᠷᠡᠭᠦᠯᠦᠨ ᠪᠤᠴᠠᠭ᠋ᠠᠬᠤ ᠶᠣᠰᠣᠯᠠᠯ᠎ᠢ ᠦᠪᠡᠳᠡᠭᠰᠢ ᠶᠡᠬᠡ᠎ᠪᠠᠷ ᠶᠠᠪᠤᠭᠳᠠᠭᠤᠯᠪᠠ᠃
《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠲᠤᠰᠬᠠᠢ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠪᠥᠬᠥ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ 《ᠠᠷᠠᠳ ᠲᠦᠮᠡᠨ ᠵᠶ᠋ᠠᠷ ᠭᠣᠤᠯ ᠪᠣᠯᠭ᠋ᠠᠬᠤ》 ᠬᠥᠭᠵᠢᠯᠲᠡ ᠵᠢᠨ ᠦᠵᠡᠯ ᠰᠠᠨᠠᠭ᠎ᠠ ᠪᠠ 《ᠣᠯᠠᠨ ᠲᠦᠮᠡᠨ᠎ᠤ ᠠᠰᠢᠭ ᠲᠤᠰᠠ᠎ᠳᠤ ᠪᠠᠭ᠎ᠠ ᠶᠠᠪᠤᠳᠠᠯ ᠭᠡᠵᠦ ᠥᠬᠡᠶ》 ᠠᠵᠢᠯ᠎ᠤᠨ ᠣᠶ᠋ᠢᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠠᠷᠠᠳ ᠲᠦᠮᠡᠨ᠎ᠤ ᠠᠰᠢᠭ ᠲᠤᠰᠠ ᠵᠢ ᠦᠨᠡᠨ ᠬᠦ᠌ ᠲᠡᠷᠢᠭᠦᠨ ᠪᠠᠶ᠋ᠢᠷᠢᠨ᠎ᠳᠤ ᠲᠠᠯᠪᠢᠵᠤ᠂ ᠠᠷᠠᠳ ᠣᠯᠠᠨ᠎ᠤ ᠲᠤᠰᠬᠠᠯ ᠶᠡᠬᠡᠲᠡᠶ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠲᠥᠪᠯᠡᠷᠡᠭᠦᠯᠦᠨ ᠴᠢᠩᠭ᠎ᠠ ᠴᠤᠬᠢᠯᠲᠠ ᠥᠭᠪᠡ᠃
ᠲᠤᠰ ᠤᠳᠠᠭ᠋ᠠᠨ᠎ᠤ ᠪᠤᠴᠠᠭ᠋ᠠᠬᠤ ᠶᠣᠰᠣᠯᠠᠯ ᠵᠶ᠋ᠠᠷ ᠠᠵᠠ ᠲᠣᠬᠢᠶᠠᠯ ᠪᠣᠯᠭ᠋ᠠᠵᠤ᠂ ᠭᠣᠣᠯ ᠬᠠᠷᠢᠭᠤᠴᠠᠯᠭ᠎ᠠ ᠭᠣᠣᠯ ᠠᠵᠢᠯ ᠵᠶ᠋ᠠᠨ ᠰᠠᠶ᠋ᠢᠲᠤᠷ ᠬᠢᠵᠦ᠂ ᠢᠮᠠᠭᠲᠠ ᠴᠣᠬᠢᠯᠲᠠ ᠥᠭᠬᠦ ᠬᠤᠷᠴᠠ ᠦᠵᠦᠭᠦᠷ ᠵᠶ᠋ᠠᠨ ᠠᠷᠠᠳ ᠣᠯᠠᠨ᠎ᠤ ᠲᠤᠰᠬᠠᠯ ᠴᠢᠩᠭ᠎ᠠ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠳᠤ ᠬᠠᠨᠳᠤᠭᠤᠯᠵᠤ᠂ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶ᠋ᠢᠳᠠᠯ᠎ᠢ ᠦᠷᠭᠦᠯᠵᠢᠯᠡᠨ ᠪᠠᠲᠤᠯᠠᠵᠤ᠂ ᠬᠠᠤᠯᠢ ᠵᠢ ᠵᠥᠷᠢᠴᠡᠵᠦ ᠶᠠᠯ᠎ᠠ ᠬᠢᠬᠦ ᠦᠵᠡᠭᠳᠡᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠰᠢᠬᠠᠨ ᠳᠠᠷᠤᠵᠤ᠂ ᠨᠡᠶ᠋ᠢᠭᠡᠮ᠎ᠤᠨ ᠠᠮᠤᠷ ᠲᠣᠭᠲᠠᠭᠤᠨ ᠪᠠᠶ᠋ᠢᠳᠠᠯ᠎ᠢ ᠡᠷᠡᠰ ᠬᠠᠮᠠᠭ᠋ᠠᠯᠠᠨ᠂ ᠠᠷᠠᠳ ᠣᠯᠠᠨ᠎ᠤ ᠰᠡᠳᠬᠢᠯ ᠬᠠᠨᠤᠮᠵᠢᠲᠠᠶ ᠪᠠᠶ᠋ᠢᠬᠤ ᠪᠠ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠵᠦ᠂ ᠪᠥᠬᠥ ᠬᠣᠰᠢᠭᠤᠨ᠎ᠤ ᠨᠡᠶ᠋ᠢᠭᠡᠮ᠎ᠤᠨ ᠠᠮᠤᠷ ᠲᠦᠪᠰᠢᠨ᠎ᠤ ᠪᠦᠬᠦ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ᠃