ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠮᠠᠯ ᠬᠤᠯᠠᠭ᠋ᠠᠶ᠋ᠢᠯᠠᠭᠰᠠᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-02-04

     ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠷᠢᠶᠠᠲᠤ ᠣᠷᠣᠨ᠎ᠤ ᠮᠠᠯ ᠣᠨᠣᠭ᠎ᠠ ᠣᠯᠠᠨ ᠤᠳᠠᠭ᠎ᠠ ᠬᠤᠯᠠᠭ᠋ᠠᠶ᠋ᠢᠯᠠᠭᠳᠠᠭᠰᠠᠨ ᠬᠡᠷᠡᠭ᠎ᠲᠤ ᠴᠢᠭᠯᠡᠭᠦᠯᠦᠨ ᠪᠠᠶ᠋ᠢᠴᠠᠭ᠋ᠠᠯᠲᠠ ᠬᠢᠵᠦ᠂ ᠪᠠᠶ᠋ᠢᠴᠠᠭ᠋ᠠᠨ ᠰᠤᠷᠪᠤᠯᠵᠢᠯᠠᠬᠤ ᠪᠠ ᠨᠠᠷᠢᠨ ᠨᠢᠮᠪᠠᠶ ᠲᠤᠷᠰᠢᠨ ᠪᠠᠶ᠋ᠢᠴᠠᠭ᠋ᠠᠬᠤ᠎ᠪᠠᠷ ᠳᠡᠮᠵᠢᠨ᠂ ᠼᠤᠤ ᠣᠪᠣᠭᠲᠤ ᠵᠡᠷᠭᠡ ᠭᠤᠷᠪᠠᠨ ᠬᠥᠮᠦᠨ᠎ᠤ ᠬᠦᠨᠳᠦ ᠶᠡᠬᠡ ᠬᠡᠷᠡᠭ ᠬᠢᠭᠰᠡᠨ ᠰᠡᠵᠢᠭᠲᠡᠢ ᠪᠠᠢ᠌ᠬᠤ ᠵᠢ ᠳᠣᠲᠣᠯᠠᠵᠤ᠂ ᠣᠶ᠋ᠢᠷ᠎ᠠ᠎ᠳᠤ ᠲᠡᠳᠡᠨ᠎ᠢ ᠪᠠᠷᠢᠪᠴᠢᠯᠠᠪᠠ᠃
     ᠰᠢᠭᠦᠨ ᠠᠰᠠᠭᠤᠭᠰᠠᠨ᠎ᠳᠤ᠂ ᠶᠠᠯ᠎ᠠ ᠬᠢᠭᠰᠡᠨ ᠰᠡᠵᠢᠭᠳᠡᠨ ᠼᠤᠤ ᠣᠪᠣᠭᠲᠤ ᠵᠡᠷᠭᠡ ᠭᠤᠷᠪᠠᠨ ᠬᠥᠮᠦᠨ ᠮᠠᠯ ᠬᠤᠯᠠᠭ᠋ᠠᠶ᠋ᠢᠯᠠᠭᠰᠠᠨ ᠶᠠᠯ᠎ᠠ ᠵᠢᠨ ᠪᠣᠳᠠᠲᠤ ᠬᠡᠷᠡᠭ᠎ᠢ ᠥᠴᠢᠭᠯᠡᠨ ᠮᠡᠳᠡᠷᠡᠵᠡᠶ᠃ ᠣᠳᠣᠬᠠᠨ᠎ᠳᠤ᠂ ᠶᠠᠯ᠎ᠠ ᠬᠢᠭᠰᠡᠨ ᠰᠡᠵᠢᠭᠳᠡᠨ᠎ᠢ ᠨᠢᠭᠡᠨᠲᠡ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠬᠡᠷᠡᠭ᠎ᠢ ᠤᠯᠠᠮ ᠨᠢᠭᠡ ᠠᠯᠬᠤᠮ ᠰᠢᠢ᠍ᠳᠪᠦᠷᠢᠯᠡᠵᠦ ᠪᠠᠶ᠋ᠢᠨ᠎ᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ