3 ᠳ᠋ᠤᠭ᠋ᠠᠷ ᠰᠠᠷ᠎ᠠ ᠵᠢᠨ 13᠎ᠤ ᠡᠳᠦᠷ᠂ ᠪᠠᠷᠠᠭᠤᠨ ᠦᠵᠦᠮᠦᠴᠢᠨ ᠬᠤᠰᠢᠭᠤᠨ᠎ᠤ ᠳᠣᠳᠣᠭ᠋ᠠᠳᠣ ᠵᠢ ᠬᠠᠮᠠᠭ᠋ᠠᠯᠠᠬᠤ ᠳᠣᠪᠴᠢᠶ᠎ᠠ᠎ᠨᠢ ᠬᠤᠷᠢᠭᠤᠯ᠎ᠤᠨ ᠭᠠᠵᠠᠷ᠎ᠤᠨ ᠠᠷᠠᠳ᠎ᠤᠨ ᠴᠠᠭᠳᠠᠭ᠎ᠠ ᠠᠯᠳᠠᠨᠪᠤᠯᠠᠭ᠎ᠤᠨ ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠶᠠᠪᠣᠭᠳᠠᠭᠤᠯᠪᠠ᠃ ᠬᠤᠰᠢᠭᠤᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠤᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠮᠠ ᠮᠢᠩ᠂ ᠲᠣᠪᠴᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠥᠷᠥ ᠵᠢᠨ ᠭᠡᠰᠢᠭᠦᠨ ᠬᠥᠭᠵᠢᠯᠲᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠤ᠂ ᠲᠣᠪᠴᠢᠶᠠᠨ᠎ᠤ ᠨᠠᠮ᠎ᠤᠨ ᠬᠤᠷᠢᠶᠠᠨ᠎ᠤ ᠭᠡᠰᠢᠭᠦᠨ᠂ ᠤᠯᠤᠰ ᠲᠥᠷᠥ ᠵᠢᠨ ᠠᠵᠢᠯ᠎ᠤᠨ ᠠᠯᠪᠠᠨ ᠭᠡᠷ᠎ᠤᠨ ᠡᠷᠬᠢᠯᠡᠭᠴᠢ ᠨᠠᠷᠠᠨᠵᠢᠷᠦᠬ ᠶᠣᠰᠣᠯᠠᠯ᠎ᠢ ᠡᠷᠭᠢᠯᠡᠵᠦ᠂ ᠬᠤᠷᠢᠭᠤᠯ᠎ᠤᠨ ᠭᠠᠵᠠᠷ᠎ᠤᠨ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠣᠰᠣᠯᠠᠯ᠎ᠳᠤ ᠣᠷᠣᠯᠴᠠᠪᠠ᠃
ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠳᠡᠭᠡᠷ᠎ᠡ᠂ ᠮᠠ ᠮᠢᠩ ᠠᠯᠲᠠᠨᠪᠤᠯᠠᠭ ᠨᠥᠬᠦᠷ᠎ᠤᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠦᠵᠡᠭᠦᠯᠦᠭᠰᠡᠨ ᠬᠤᠪᠢ ᠨᠡᠮᠡᠷᠢ ᠵᠢ ᠨᠤᠲᠠᠯᠠᠵᠤ᠂ ᠲᠡᠭᠦᠨ᠎ᠤ ᠰᠢᠷᠭ᠋ᠠᠭᠤ ᠴᠢᠷᠮᠠᠶ᠋ᠢᠯᠭ᠎ᠠ᠎ᠳᠤ ᠴᠢᠩ ᠰᠡᠳᠬᠢᠯ᠎ᠤᠨ ᠲᠠᠯᠠᠷᠬᠠᠯ ᠪᠠ ᠬᠦᠨᠳᠦᠳᠬᠡᠯ ᠵᠶ᠋ᠠᠨ ᠳᠡᠪᠰᠢᠭᠦᠯᠪᠡ᠃ ᠪᠦᠬᠦ ᠵᠠᠯᠠᠭᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠬᠠᠮᠠᠳ ᠨᠥᠬᠦᠳ ᠵᠶ᠋ᠠᠷ ᠳᠠᠭᠤᠷᠢᠶᠠᠯ ᠪᠣᠯᠭ᠋ᠠᠵᠤ᠂ ᠢᠮᠠᠭᠲᠠ ᠢᠳᠡᠪᠬᠢᠲᠡᠢ ᠥᠭᠡᠳᠡᠯᠡᠨ ᠲᠠᠪᠰᠢᠬᠤ ᠠᠵᠢᠯ᠎ᠤᠨ ᠣᠪᠣᠷ᠎ᠢ ᠪᠠᠷᠢᠮᠲᠠᠯᠠᠵᠤ᠂ ᠤᠭ ᠰᠠᠨᠠᠭ᠎ᠠ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠦᠨᠡᠨᠴᠢ ᠰᠢᠳᠤᠷᠭᠤ᠎ᠪᠠᠷ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ ᠰᠢᠨ᠎ᠡ ᠭᠠᠪᠢᠶ᠎ᠠ ᠪᠠᠶ᠋ᠢᠭᠤᠯᠬᠤ ᠬᠡᠷᠡᠭᠲᠡᠢ ᠭᠡᠪᠡ᠃
ᠠᠯᠲᠠᠨᠪᠤᠯᠠᠭ ᠨᠥᠬᠦᠷ ᠲᠣᠪᠴᠢᠶᠠᠨ᠎ᠤ ᠨᠠᠮ᠎ᠤᠨ ᠬᠤᠷᠢᠶᠠᠨ᠎ᠤ ᠭᠦᠨ ᠬᠠᠯᠠᠮᠵᠢᠯᠠᠯ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠣᠯᠠᠨ ᠵᠢᠯ ᠮᠥᠷᠥ ᠵᠡᠷᠭᠡᠴᠡᠨ ᠲᠡᠮᠡᠴᠡᠵᠦ ᠪᠠᠶ᠋ᠢᠭ᠎ᠠ ᠬᠠᠮᠲᠤ ᠠᠵᠢᠯᠯᠠᠭᠰᠠᠳ᠎ᠲᠤ᠎ᠪᠠᠨ ᠴᠢᠩ ᠰᠡᠳᠬᠢᠯ᠎ᠤᠨ ᠵᠥᠩᠨᠡᠯ ᠵᠶ᠋ᠠᠨ ᠳᠡᠪᠰᠢᠭᠦᠯᠵᠦ᠂ 29 ᠵᠢᠯ᠎ᠤᠨ ᠴᠠᠭᠳᠠᠭ᠎ᠠ ᠵᠢᠨ ᠠᠮᠢᠳᠤᠷᠠᠯ ᠵᠶ᠋ᠠᠨ ᠡᠷᠭᠢᠴᠡᠭᠦᠯᠵᠦ᠂ ᠥᠪᠡᠷ᠎ᠤᠨ ᠬᠡᠳᠦᠨ ᠠᠷᠪᠠᠨ ᠵᠢᠯ ᠨᠢᠭᠡ ᠯᠡ ᠡᠳᠦᠷ ᠮᠡᠲᠦ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠦᠴᠢᠷ ᠵᠣᠪᠠᠭᠤᠷᠢ᠎ᠪᠠᠨ ᠡᠷᠭᠢᠴᠡᠭᠦᠯᠪᠡ᠃