ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠤᠯᠭ᠋ᠠᠶ ᠬᠠᠮᠢᠶᠠᠷᠤᠯᠲᠠ ᠵᠢᠨ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠮ᠎ᠳᠤ ᠣᠷᠣᠬᠤ ᠵᠡᠷᠯᠢᠭ ᠤᠷᠭᠤᠮᠠᠯ᠎ᠢ ᠬᠤᠯᠠᠭ᠋ᠠᠶ᠋ᠢᠯᠠᠨ ᠮᠠᠯᠲᠠᠭᠰᠠᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-06-26

      ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠤᠯᠠᠭ᠋ᠠᠶ ᠬᠠᠮᠢᠶᠠᠷᠤᠯᠲᠠ ᠵᠢᠨ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠢ ᠠᠬᠤᠢ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠬᠠᠷᠢᠶᠠᠲᠤ ᠣᠷᠣᠨ᠎ᠤ ᠬᠠᠯᠠᠭ᠋ᠠᠶ᠋ᠢᠲᠤ ᠲᠠᠷᠢᠶᠠᠯᠠᠩ ᠮᠠᠯᠵᠢᠯ᠎ᠤᠨ ᠲᠠᠯᠠᠪᠠᠶ ᠵᠢᠨ ᠬᠡᠪᠴᠢᠶᠡᠨ᠎ᠳᠤ ᠡᠮ᠎ᠳᠤ ᠣᠷᠣᠬᠤ ᠵᠡᠷᠯᠢᠭ ᠤᠷᠭᠤᠮᠠᠯ᠎ᠢ ᠬᠤᠯᠠᠭ᠋ᠠᠶ᠋ᠢᠯᠠᠨ ᠮᠠᠯᠲᠠᠭᠰᠠᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠣᠯᠪᠠ᠃ ᠢᠯᠡᠴᠢᠯᠡᠨ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠠᠮᠢ ᠠᠬᠤᠢ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠬᠡ ᠠᠩᠭᠢ ᠭᠣᠤᠯᠳᠠᠯᠭ᠎ᠠ᠎ᠲᠠᠢ ᠣᠷᠣᠨ ᠪᠦᠰᠡ ᠵᠢ ᠲᠣᠭᠣᠷᠢᠨ ᠪᠠᠶ᠋ᠢᠴᠠᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠤᠨ ᠳᠡᠭᠡᠷ᠎ᠡ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠵᠡᠷᠭᠡ᠎ᠪᠠᠷ ᠬᠡᠷᠡᠭᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠴᠠᠭᠳᠠᠭ᠋ᠠᠨ᠎ᠤ ᠬᠦᠴᠦᠨ᠎ᠢ ᠦᠳᠲᠡᠷ ᠲᠦᠷᠭᠡᠨ ᠵᠶ᠋ᠠᠷ ᠪᠠᠶ᠋ᠢᠷᠢᠯᠠᠭᠤᠯᠤᠨ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠶᠡᠬᠡ ᠠᠨᠭ᠌ᠭᠢ᠂ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠨᠭ᠌ᠭᠢ ᠵᠡᠷᠭᠡ ᠰᠠᠯᠠᠭ᠎ᠠ ᠮᠥᠴᠢᠷ᠎ᠤᠨ ᠬᠠᠮᠲᠤ ᠵᠢᠨ ᠬᠦᠴᠦᠨ᠎ᠤ ᠬᠠᠮᠵᠢᠯᠴᠠᠭ᠎ᠠ᠎ᠪᠠᠷ᠂ ᠴᠠᠭᠳᠠᠨ ᠪᠠᠶ᠋ᠢᠴᠠᠭ᠋ᠠᠬᠤ ᠣᠨᠴᠠ ᠲᠥᠷᠥᠯ᠎ᠤᠨ ᠴᠠᠭᠳᠠᠭ᠎ᠠ᠂ ᠠᠮᠤᠷ᠎ᠢ ᠬᠠᠮᠠᠭ᠋ᠠᠯᠠᠬᠤ᠂ ᠲᠣᠮᠢᠯᠠᠭᠰᠠᠨ ᠰᠠᠯᠪᠤᠷᠢ ᠵᠡᠷᠭᠡ ᠤᠯᠠᠨ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠲᠣᠣᠷ᠎ᠢ ᠬᠤᠷᠢᠶᠠᠬᠤ ᠠᠵᠢᠯ᠎ᠢ ᠬᠠᠮᠵᠢᠯᠴᠠᠨ ᠥᠷᠨᠢᠭᠦᠯᠵᠦ᠂ ᠡᠮ᠎ᠳᠤ ᠣᠷᠣᠬᠤ ᠵᠡᠷᠯᠢᠭ ᠤᠷᠭᠤᠮᠠᠯ᠎ᠢ ᠬᠤᠯᠠᠭ᠋ᠠᠶ᠋ᠢᠯᠠᠨ ᠮᠠᠯᠲᠠᠭᠰᠠᠨ ᠨᠢᠭᠡᠨ ᠡᠪᠰᠡᠯ ᠪᠦᠯᠦᠭ᠎ᠢ ᠠᠮᠵᠢᠯᠲᠠ᠎ᠲᠠᠢ᠎ᠪᠠᠷ ᠰᠦᠢ᠍ᠷᠡᠭᠦᠯᠵᠦ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠬᠢᠭᠰᠡᠨ 19 ᠬᠥᠮᠦᠨ᠎ᠢ ᠪᠠᠷᠢᠪᠴᠢᠯᠠᠵᠤ᠂ ᠲᠤᠬᠠᠶ ᠵᠢᠨ ᠲᠠᠯᠠᠪᠤᠷ᠎ᠲᠤ ᠵᠡᠷᠯᠢᠭ ᠡᠮ᠎ᠤᠨ ᠮᠠᠲ᠋ᠧᠷᠢᠶᠠᠯ᠎ᠢ 400 ᠭᠠᠷᠤᠶ ᠵᠢᠩ᠂ ᠬᠡᠭᠡᠷᠡᠯᠡᠬᠦ ᠮᠠᠰᠢᠨ ᠲᠡᠷᠭᠡ ᠵᠢ 2 ᠵᠢᠴᠢ ᠲᠣᠯᠣᠭ᠋ᠠᠶ ᠵᠢᠨ ᠳ᠋ᠧᠩ᠂ ᠡᠮ᠎ᠤᠨ ᠮᠠᠲᠸᠷᠢᠶᠠᠯ᠎ᠢ ᠬᠤᠯᠠᠭᠤᠨ ᠮᠠᠯᠲᠠᠬᠤ ᠴᠠᠷᠢᠯ ᠵᠡᠷᠭᠡ ᠬᠡᠷᠡᠭ ᠦᠢ᠍ᠯᠡᠳᠬᠦ ᠪᠠᠭ᠋ᠠᠵᠢ ᠵᠢ ᠪᠠᠶ᠋ᠢᠴᠠᠭ᠋ᠠᠨ ᠬᠤᠷᠢᠶᠠᠪᠠ᠃ 
      ᠣᠳᠣᠬᠠᠨ᠎ᠳᠤ ᠵᠣᠬᠢᠶᠠᠨ ᠪᠠᠶ᠋ᠢᠭᠤᠯᠤᠭᠴᠢ᠂ ᠬᠤᠳᠠᠯᠳᠤᠨ ᠠᠪᠤᠭᠴᠢ ᠪᠠ ᠬᠤᠯᠠᠭ᠋ᠠᠶ᠋ᠢᠯᠠᠨ ᠮᠠᠯᠲᠠᠭᠰᠠᠨ ᠪᠤᠰᠤᠳ ᠬᠥᠮᠦᠰ᠎ᠢ ᠵᠠᠰᠠᠭ ᠵᠠᠬᠢᠷᠭ᠋ᠠᠨ ᠵᠶ᠋ᠠᠷ ᠲᠦᠷ ᠬᠣᠷᠢᠬᠤ ᠵᠢᠨ ᠬᠠᠮᠲᠤ ᠬᠠᠤᠯᠢ ᠵᠢ ᠵᠥᠷᠢᠴᠡᠵᠦ ᠣᠯᠤᠭᠰᠠᠨ ᠪᠦᠬᠦ ᠣᠯᠵᠠ ᠠᠰᠢᠭ᠎ᠢ᠎ᠨᠢ ᠬᠤᠷᠢᠶᠠᠨ ᠠᠪᠬᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠪᠡ᠃

 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ