ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠴᠢᠶᠣᠤ ᠪᠸᠢ ᠲᠣᠮᠢᠯᠠᠭᠰᠠᠨ ᠰᠠᠯᠪᠤᠷᠢ᠎ᠨᠢ ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠨᠡᠷᠡᠰ᠎ᠲᠤ ᠵᠢᠭᠰᠠᠭ᠋ᠠᠭᠳᠠᠪᠠ
ᠨᠡᠶ᠋ᠢᠲᠡᠯᠡᠭᠰᠡᠨ ᠴᠠᠭ᠄ 2023-11-13

      10 ᠰᠠᠷ᠎ᠠ ᠵᠢᠨ 18᠎ᠤ ᠡᠳᠦᠷ᠂ ᠳᠣᠲᠣᠭ᠋ᠠᠳᠤ ᠵᠢ ᠬᠠᠮᠠᠭ᠋ᠠᠯᠠᠬᠤ  ᠶᠠᠮᠤᠨ᠎ᠤ  ᠪᠦᠬᠦ  ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ

《ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠥᠷᠨᠢᠭᠦᠯᠬᠦ ᠲᠤᠬᠠᠶ ᠬᠠᠮᠢᠶ᠎ᠠ ᠪᠦᠬᠦᠢ ᠲᠣᠬᠢᠷᠠᠭᠤᠯᠤᠯᠲᠠ ᠵᠢ ᠦᠨᠳᠦᠰᠦᠯᠡᠪᠡᠯ᠂ ᠪᠥᠬᠥ ᠲᠠᠯ᠎ᠠ᠎ᠪᠠᠷ ᠡᠭᠦᠳᠦᠨ ᠪᠠᠶ᠋ᠢᠭᠤᠯᠬᠤ᠂ ᠱᠠᠲᠤ ᠳᠠᠷᠠᠭ᠋ᠠᠯᠠᠨ ᠲᠠᠨᠢᠯᠴᠠᠭᠤᠯᠬᠤ᠂ ᠬᠢᠨᠠᠨ ᠪᠠᠶ᠋ᠢᠴᠠᠭ᠋ᠠᠵᠤ ᠦᠨᠡᠯᠡᠬᠦ ᠪᠠ ᠳᠣᠲᠣᠭ᠋ᠠᠳᠤ᠎ᠳᠤ᠎ᠪᠠᠨ ᠬᠢᠨᠠᠨ ᠬᠠᠷᠭᠤᠭᠤᠯᠬᠤ᠎ᠪᠠᠷ ᠳᠡᠮᠵᠢᠨ᠂ ᠪᠥᠬᠥ ᠤᠯᠤᠰ᠎ᠤᠨ ᠭᠤᠷᠪᠠᠳᠤᠭ᠋ᠠᠷ ᠡᠭᠡᠯᠵᠢ ᠵᠢᠨ ᠨᠡᠷᠡᠶ᠋ᠢᠳᠬᠦ᠎ᠪᠠᠷ ᠪᠠᠶ᠋ᠢᠭ᠎ᠠ 《ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠪᠠ ᠵᠢᠱ᠌ᠢᠭᠳᠡᠭᠴᠢ ᠵᠢᠨ ᠲᠣᠮᠢᠯᠠᠭᠰᠠᠨ ᠰᠠᠯᠪᠤᠷᠢ ᠵᠢᠨ ᠨᠡᠷᠡᠰ᠎ᠢ ᠵᠠᠷᠯᠠᠨ ᠨᠡᠶ᠋ᠢᠲᠡᠯᠡᠵᠦ᠂ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠤᠩᠱ᠌ᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠵᠢᠨ ᠴᠢᠶᠣᠤ ᠪᠸᠢ ᠲᠣᠮᠢᠯᠠᠭᠰᠠᠨ ᠰᠠᠯᠪᠤᠷᠢ ᠨᠡᠷ᠎ᠡ ᠲᠣᠳᠣᠷᠠᠭᠰᠠᠨ ᠪᠠᠶ᠋ᠢᠨ᠎ᠠ᠃
      ᠴᠢᠶᠣᠤ ᠪᠸᠢ ᠲᠣᠮᠢᠯᠠᠭᠰᠠᠨ ᠰᠠᠯᠪᠤᠷᠢ 《ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠵᠢ ᠪᠠᠶ᠋ᠢᠭᠤᠯᠬᠤ ᠶᠠᠪᠤᠴᠠ᠎ᠳᠤ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠣᠣᠯ ᠰᠡᠷᠭᠡᠶ᠋ᠢᠯᠡᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠤᠶ ᠪᠣᠯᠭ᠋ᠠᠵᠤ᠂ ᠭᠣᠣᠯ ᠰᠡᠷᠭᠡᠶ᠋ᠢᠯᠡᠯᠲᠡ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠣᠮᠢᠯᠠᠭᠰᠠᠨ ᠰᠠᠯᠪᠤᠷᠢ ᠵᠢᠨ ᠠᠵᠢᠯ᠎ᠤᠨ ᠪᠠᠷᠢᠮᠵᠢᠶᠠᠵᠢᠭᠤᠯᠤᠯᠲᠠ ᠵᠢᠨ ᠪᠠᠶ᠋ᠢᠭᠤᠯᠤᠯᠲᠠ᠎ᠪᠠᠷ

《ᠬᠣᠶᠠᠷ ᠠᠩᠭᠢ ᠨᠢᠭᠡ ᠥᠷᠲᠡᠭᠡ》 ᠵᠢᠨ ᠴᠠᠭᠳᠠᠭ᠋ᠠᠨ᠎ᠤ ᠶᠠᠪᠤᠳᠠᠯ᠎ᠤᠨ ᠵᠠᠭᠪᠤᠷ᠎ᠢ ᠭᠦᠨᠵᠡᠭᠡᠶ ᠠᠵᠢᠯᠯᠠᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠲᠣᠮᠢᠯᠠᠭᠰᠠᠨ ᠰᠠᠯᠪᠤᠷᠢ ᠵᠢᠨ ᠠᠵᠢᠯ᠎ᠢ ᠬᠦᠳᠦᠯᠦᠨ ᠳᠠᠭ᠋ᠠᠭᠤᠯᠬᠤ ᠡᠨᠡ ᠬᠦ᠌ ᠭᠣᠣᠯᠳᠠᠯᠭ᠎ᠠ ᠵᠢᠨ ᠲᠣᠭᠣᠷᠢᠨ᠎ᠳᠤ᠂ ᠬᠦᠴᠦᠨ ᠵᠶ᠋ᠠᠨ ᠲᠥᠪᠯᠡᠷᠡᠭᠦᠯᠵᠦ ᠪᠠᠶ᠋ᠢᠭ᠋ᠠᠳ 《ᠬᠣᠶᠠᠷ ᠠᠩᠬᠢ ᠨᠢᠭᠡ ᠥᠷᠲᠡᠭᠡ》᠂ ᠴᠢᠶᠣᠤ ᠪᠸᠢ ᠲᠣᠮᠢᠯᠠᠭᠰᠠᠨ ᠰᠠᠯᠪᠤᠷᠢ ᠵᠢᠨ ᠵᠠᠭᠪᠤᠷ᠎ᠤᠨ 《ᠲᠦᠷᠪᠡᠨ ᠶᠡᠬᠡ ᠡᠯᠧᠮᠧᠨ᠋ᠲ》 ᠪᠣᠯᠤᠨ ᠦᠨᠳᠦᠰᠦᠨ ᠱᠠᠲᠤᠨ᠎ᠤ ᠴᠠᠭᠳᠠᠭ᠋ᠠᠨ᠎ᠤ ᠶᠠᠪᠤᠳᠠᠯ ᠪᠣᠯᠤᠨ ᠲᠣᠣᠷᠴᠢᠯᠠᠯᠲᠠ ᠵᠢᠨ ᠵᠠᠰᠠᠯᠲᠠ ᠵᠢ ᠭᠦᠨᠵᠡᠭᠡᠢ ᠠᠭᠤᠰᠤᠯᠴᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠨᠡᠩ ᠥᠨᠳᠥᠷ ᠠᠵᠢᠯ᠎ᠤᠨ ᠬᠢᠷᠢ ᠲᠦᠪᠰᠢᠨ ᠵᠶ᠋ᠡᠷ ᠰᠠᠭᠤᠷᠢᠯᠠᠨ᠂ ᠤᠴᠢᠷ ᠶᠠᠪᠤᠳᠠᠯ ᠴᠥᠭᠡᠨ ᠭᠠᠷᠬᠤ᠂ ᠠᠮᠤᠷ ᠲᠣᠭᠳᠠᠭᠤᠨ ᠪᠠᠢ᠌ᠬᠤ ᠵᠢ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ᠎ᠳᠤ ᠬᠠᠨᠤᠮᠵᠢᠲᠠᠢ ᠪᠠᠶ᠋ᠢᠬᠤ ᠠᠵᠢᠯ᠎ᠤᠨ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠢ᠌ᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ