《ᠵᠢᠷᠭᠤᠭ᠎ᠠ ᠵᠢ ᠰᠡᠷᠬᠡᠶ᠋ᠢᠯᠡᠵᠦ ᠲᠠᠪᠤ ᠵᠢ ᠡᠵᠡᠮᠳᠡᠨ ᠳᠥᠷᠪᠡ ᠵᠢ ᠠᠬᠢᠭᠤᠯᠬᠤ》 ᠰᠠᠭᠤᠷᠢ ᠵᠢ ᠴᠢᠩᠭ᠋ᠠᠳᠬᠠᠬᠤ ᠢᠨᠵᠧᠨᠧᠷᠢᠩ᠎ᠢ ᠪᠦᠬᠦ ᠲᠠᠯ᠎ᠠ᠎ᠪᠠᠷ ᠠᠬᠢᠭᠤᠯᠬᠤ᠂ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠴᠢᠨᠠᠷ᠎ᠢ ᠴᠢᠩᠭ᠋ᠠᠳᠬᠠᠬᠤ᠂ ᠰᠤᠷᠲᠠᠯ᠎ᠢ ᠴᠡᠭᠴᠡᠯᠡᠬᠦ᠂ ᠳᠦᠷᠢ ᠲᠥᠷᠬᠦ ᠵᠢ ᠪᠤᠢ ᠪᠣᠯᠭ᠋ᠠᠬᠤ》 ᠲᠤᠰᠬᠠᠢ ᠠᠵᠢᠯᠯᠠᠭ᠎ᠠ ᠵᠢ ᠭᠦᠨᠵᠡᠭᠡᠢ ᠲᠤᠭᠤᠰᠢᠯᠠᠭᠤᠯᠬᠤ᠂ ᠬᠠᠷᠢᠶ᠎ᠠ ᠣᠷᠣᠨ᠎ᠤ ᠤᠯᠠᠨ ᠲᠦᠮᠡᠨ᠎ᠤ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠬᠦ᠂ ᠮᠡᠬᠡᠯᠡᠯ᠎ᠢ ᠡᠰᠡᠷᠭᠦᠴᠡᠬᠦ 《ᠰᠡᠷᠭᠡᠶ᠋ᠢᠯᠡᠯᠲᠡ ᠵᠢᠨ ᠬᠡᠷᠡᠮ》᠎ᠢ ᠪᠡᠬᠢᠵᠢᠭᠦᠯᠬᠦ᠂ ᠤᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ ᠵᠢ ᠬᠠᠮᠠᠭ᠋ᠠᠯᠠᠬᠤ ᠵᠢᠨ ᠲᠥᠯᠥᠭᠡ᠂ ᠰᠢᠯᠢ ᠵᠢᠨ ᠭᠣᠤᠯ ᠠᠢ᠌ᠮᠠᠭ᠎ᠤᠨ ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠢᠷᠦᠬᠡ ᠲᠣᠮᠢᠯᠠᠭᠰᠠᠨ ᠰᠠᠯᠪᠤᠷᠢ ᠵᠢᠨ᠎ᠬᠢᠨ ᠪᠠᠶ᠋ᠢᠩᠭᠤ ᠬᠠᠷᠢᠶ᠎ᠠ ᠣᠷᠣᠨ᠎ᠳᠤ ᠭᠦᠨᠵᠡᠭᠡᠶ᠋ᠢᠷᠡᠨ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠤᠯᠠᠨ ᠲᠦᠮᠡᠨ᠎ᠤ 《ᠵᠣᠭᠤᠰ᠎ᠤᠨ ᠴᠦᠩᠬᠦ》 ᠵᠢ ᠡᠷᠡᠰ ᠰᠠᠬᠢᠨ ᠬᠠᠮᠠᠭ᠋ᠠᠯᠠᠪᠠ᠃
ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ᠂ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯᠯᠠᠭ᠎ᠠ ᠵᠢ ᠣᠯᠠᠨ ᠳᠡᠰ ᠳᠠᠪᠬᠤᠷᠭ᠎ᠠ᠂ ᠪᠦᠬᠦ ᠲᠠᠯ᠎ᠠ᠎ᠪᠠᠷ ᠥᠷᠨᠢᠭᠦᠯᠵᠦ᠂ ᠬᠠᠷᠢᠶ᠎ᠠ ᠣᠷᠣᠨ᠎ᠤ ᠬᠥᠮᠥᠨ ᠬᠠᠷ᠎ᠠ ᠲᠥᠪᠯᠡᠷᠡᠭᠰᠡᠨ ᠲᠠᠯᠠᠪᠤᠷ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ᠎ᠳᠤ ᠭᠦᠨᠵᠡᠭᠡᠶ᠋ᠢᠷᠡᠭᠦᠯᠦᠨ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ᠂ ᠵᠠᠷᠯᠠᠯ ᠨᠠᠭ᠋ᠠᠬᠤ᠂ ᠰᠡᠷᠭᠡᠶ᠋ᠢᠯᠡᠬᠦ ᠮᠡᠳᠡᠯᠭᠡ ᠵᠢ ᠳᠠᠮᠵᠢᠭᠤᠯᠤᠨ ᠲᠠᠷᠬᠠᠭ᠋ᠠᠬᠤ ᠵᠢᠴᠢ ᠣᠯᠠᠨ ᠲᠦᠮᠡᠨ᠎ᠳᠤ ᠰᠡᠷᠭᠡᠶ᠋ᠢᠯᠡᠬᠦ ᠮᠡᠳᠡᠯᠭᠡ ᠵᠢ ᠨᠢᠭᠤᠷᠲᠠᠨ ᠲᠠᠶ᠋ᠢᠯᠪᠤᠷᠢᠯᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠯᠠᠨ ᠲᠦᠮᠡᠨ᠎ᠢ ᠥᠷᠭᠡᠨ ᠵᠶ᠋ᠠᠷ ᠳᠠᠶ᠋ᠢᠴᠢᠯᠠᠨ 《ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ》᠎ᠤᠨ APP ᠵᠢ ᠤᠭᠰᠠᠷᠠᠨ ᠥᠭᠴᠦ᠂ ᠦᠨᠡᠨ ᠬᠤᠳᠠᠯ᠎ᠢ ᠢᠯᠭ᠋ᠠᠵᠤ ᠳᠡᠶ᠋ᠢᠯᠬᠦ ᠦᠭᠡᠢ ᠮᠡᠳᠡᠭᠡ ᠵᠠᠩᠭᠢ ᠵᠢᠨ ᠳ᠋ᠢᠶᠠᠩᠬᠤᠸᠠ ᠲᠣᠬᠢᠶᠠᠯᠳᠤᠪᠠᠯ᠂ ᠴᠠᠭᠳᠠᠭ᠋ᠠᠨ᠎ᠤ ᠲᠠᠯ᠎ᠠ᠎ᠠᠴᠠ ᠴᠠᠭ ᠲᠤᠬᠠᠢᠳᠤᠨᠢ ᠲᠤᠰᠠᠯᠠᠮᠵᠢ ᠭᠤᠶᠤᠵᠤ᠂ ᠮᠡᠬᠡᠯᠡᠭᠳᠡᠬᠦ᠎ᠠᠴᠠ ᠰᠡᠷᠡᠮᠵᠢᠯᠡᠨ᠂ ᠣᠯᠠᠨ ᠲᠦᠮᠡᠨ᠎ᠤ ᠮᠡᠭᠡᠯᠡᠯ᠎ᠢ ᠲᠠᠨᠢᠬᠤ᠂ ᠮᠡᠬᠡᠯᠡᠬᠦ ᠵᠢ ᠡᠰᠡᠷᠭᠦᠴᠡᠬᠦ ᠴᠢᠳᠠᠪᠤᠷᠢ ᠵᠢ ᠳᠡᠭᠡᠭᠰᠢᠯᠡᠭᠦᠯᠦᠨ᠂ ᠴᠠᠬᠢᠯᠭ᠋ᠠᠨ ᠬᠣᠯᠪᠤᠭ᠎ᠠ ᠰᠦᠯᠵᠢᠶᠡᠨ᠎ᠤ ᠮᠡᠬᠡᠯᠡᠯ᠎ᠢ ᠤᠷᠢᠳᠴᠢᠯᠠᠨ ᠰᠡᠷᠭᠡᠶ᠋ᠢᠯᠡᠵᠦ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠥᠬᠦ ᠬᠦᠴᠦᠨ ᠵᠶ᠋ᠠᠷ ᠵᠶ᠋ᠠᠨ ᠪᠡᠬᠢᠵᠢᠭᠦᠯᠦᠨ᠂ ᠠᠷᠠᠳ ᠣᠯᠠᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠢ ᠭᠦᠢ᠍ᠴᠡᠳ ᠪᠠᠳᠤᠯᠠᠪᠠ᠃