ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠵᠠᠮ᠎ᠤᠨ ᠳᠠᠷᠤᠭ᠎ᠠ ᠵᠢᠨ ᠲᠦᠷᠢᠮ》᠎ᠤᠨ ᠰᠢᠨ᠎ᠡ ᠵᠠᠭᠪᠤᠷ᠎ᠢ ᠡᠬᠢᠯᠡᠨ ᠬᠡᠷᠡᠭᠵᠢᠭᠦᠯᠵᠦ ᠵᠠᠮ ᠬᠠᠷᠢᠯᠴᠠᠭ᠋ᠠᠨ᠎ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠬᠦᠴᠦᠯᠡᠨ ᠴᠢᠷᠮᠠᠶ᠋ᠢᠪᠠ
ᠨᠡᠶ᠋ᠢᠲᠡᠯᠡᠭᠰᠡᠨ ᠴᠠᠭ᠄ 2023-11-29

      ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠰᠢᠯᠢ ᠵᠢᠨ ᠭᠣᠣᠯ ᠠᠢ᠌ᠮᠠᠭ᠎ᠤᠨ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠴᠢᠨᠠᠷ᠎ᠢ ᠴᠢᠩᠭ᠋ᠠᠳᠬᠠᠬᠤ᠂ ᠰᠤᠷᠲᠠᠯ᠎ᠢ ᠴᠡᠭᠴᠡᠯᠡᠬᠦ᠂ ᠳᠦᠷᠢ ᠲᠥᠷᠬᠦ ᠵᠢ ᠪᠣᠶ ᠪᠣᠯᠭ᠋ᠠᠬᠤ》 ᠲᠤᠰᠬᠠᠶ ᠠᠵᠢᠯᠯᠠᠭ᠎ᠠ ᠵᠢᠨ ᠲᠥᠰᠦᠯ᠎ᠤᠨ ᠱᠠᠭ᠋ᠠᠷᠳᠠᠯᠭ᠎ᠠ ᠵᠢ ᠨᠠᠷᠢᠯᠢᠬ᠍ᠵᠢᠭᠤᠯᠵᠤ᠂ ᠵᠠᠮ ᠬᠠᠷᠢᠯᠴᠠᠭ᠋ᠠᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠬᠦ 《ᠬᠡᠮᠵᠢᠶ᠎ᠡ ᠵᠢ ᠪᠠᠭ᠋ᠠᠰᠬᠠᠨ ᠶᠡᠬᠡ ᠵᠢ ᠡᠵᠡᠮᠳᠡᠬᠦ》 ᠠᠵᠢᠯ᠎ᠢ ᠭᠦᠨᠵᠡᠭᠡᠶ ᠠᠬᠢᠭᠤᠯᠵᠤ᠂ 《ᠵᠠᠮ᠎ᠤᠨ ᠳᠠᠷᠤᠭ᠎ᠠ ᠵᠢᠨ ᠲᠦᠷᠢᠮ》᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠡᠬᠢᠯᠡᠭᠦᠯᠪᠡ᠃ ᠡᠯ᠎ᠡ ᠲᠥᠷᠥᠯ᠎ᠤᠨ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠪᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠭᠰᠢᠭᠦᠷᠢ ᠵᠢᠨ ᠳᠠᠯᠳᠠ ᠬᠡᠮ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠵᠠᠰᠠᠵᠤ᠂ ᠬᠠᠷᠢᠶ᠎ᠠ ᠣᠷᠣᠨ᠎ᠤ ᠵᠠᠮ ᠬᠠᠷᠢᠯᠴᠠᠭ᠋ᠠᠨ᠎ᠤ ᠡᠮᠬᠢ ᠳᠢᠭᠯᠢᠮ᠂ ᠠᠮᠤᠷ ᠲᠦᠪᠰᠢᠨ᠂ ᠰᠠᠭ᠋ᠠᠳ ᠥᠬᠡᠶ ᠨᠡᠪᠲᠡᠷᠡᠬᠦ ᠵᠢ ᠪᠥᠬᠥ ᠬᠦᠴᠦᠨ ᠵᠶ᠋ᠠᠷ ᠵᠶ᠋ᠠᠨ ᠬᠠᠮᠠᠭ᠋ᠠᠯᠠᠵᠤ᠂ ᠬᠠᠷᠢᠶ᠎ᠠ ᠣᠷᠣᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢᠨ ᠶᠠᠰᠤ ᠴᠢᠨᠠᠷ᠎ᠢ ᠳᠡᠭᠡᠭᠰᠢᠯᠡᠭᠦᠯᠪᠡ᠃

供稿3图片1.jpg


      《ᠵᠠᠮ᠎ᠤᠨ ᠳᠠᠷᠤᠭ᠎ᠠ ᠵᠢᠨ ᠳᠦᠷᠢᠮ》᠎ᠤᠨ ᠰᠢᠨ᠎ᠡ ᠵᠠᠭᠪᠤᠷ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠴᠢᠨᠠᠷ᠎ᠢ ᠴᠢᠩᠭ᠋ᠠᠳᠬᠠᠬᠤ᠂ ᠰᠤᠷᠲᠠᠯ᠎ᠢ ᠴᠡᠭᠴᠡᠯᠡᠬᠦ᠂ ᠳᠦᠷᠢ ᠲᠥᠷᠬᠦ ᠵᠢ ᠪᠣᠶ ᠪᠣᠯᠭ᠋ᠠᠬᠤ》 ᠲᠤᠰᠬᠠᠶ ᠠᠵᠢᠯᠯᠠᠭ᠎ᠠ᠎ᠲᠠᠢ ᠤᠶᠠᠯᠳᠤᠭᠤᠯᠤᠨ᠂ ᠵᠠᠮ᠎ᠤᠨ ᠳᠠᠷᠤᠭ᠎ᠠ ᠵᠢᠨ 《ᠵᠠᠮ ᠳᠡᠭᠡᠷ᠎ᠡ ᠲᠣᠭᠣᠷᠢᠨ ᠴᠠᠭᠳᠠᠬᠤ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ᠂ ᠡᠨᠳᠡᠯ ᠬᠡᠷᠡᠭ᠎ᠢ ᠪᠠᠭ᠋ᠠᠰᠬᠠᠬᠤ᠂ ᠠᠪᠤᠷᠠᠨ ᠲᠤᠰᠠᠯᠠᠬᠤ ᠦᠢ᠍ᠯᠡᠴᠢᠯᠡᠭᠡ ᠬᠠᠩᠭ᠋ᠠᠬᠤ》 ᠲᠠᠪᠤᠨ ᠶᠡᠬᠡ ᠡᠭᠦᠷᠭᠡ ᠬᠠᠷᠢᠭᠤᠴᠠᠯᠭ᠎ᠠ ᠵᠢ ᠪᠥᠬᠥ ᠬᠦᠴᠦᠨ ᠵᠶ᠋ᠠᠷ ᠵᠶ᠋ᠠᠨ ᠪᠣᠳᠠᠲᠠᠶ᠋ᠢᠵᠢᠭᠤᠯᠵᠤ᠂ ᠲᠣᠭᠣᠷᠢᠨ ᠴᠠᠭᠳᠠᠬᠤ ᠵᠠᠮ᠎ᠤᠨ ᠵᠠᠶ ᠵᠢ 55000 ᠭᠠᠷᠤᠶ ᠺᠢᠯᠣᠮᠧᠲᠷ᠎ᠲᠤ ᠬᠦᠷᠦᠭᠦᠯᠵᠦ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 7000 ᠭᠠᠷᠤᠶ ᠴᠡᠭᠴᠡᠯᠡᠨ ᠵᠠᠰᠠᠵᠤ᠂ ᠵᠠᠮ ᠬᠠᠷᠢᠯᠴᠠᠭ᠋ᠠᠨ᠎ᠤ ᠡᠯ᠎ᠡ ᠲᠥᠷᠥᠯ᠎ᠤᠨ ᠳᠠᠯᠳᠠ ᠬᠡᠮ᠎ᠢ 10 ᠠᠷᠢᠯᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ 17 ᠬᠥᠮᠥᠨ᠂ 9 ᠮᠠᠰᠢᠨ ᠲᠡᠷᠭᠡ ᠵᠢ ᠬᠠᠪᠰᠤᠷᠤᠨ ᠠᠪᠤᠷᠠᠨ ᠲᠤᠰᠠᠯᠠᠵᠤ᠂ ᠵᠠᠮ ᠳᠡᠭᠡᠷᠡᠬᠢ ᠵᠠᠮ ᠬᠠᠷᠢᠯᠴᠠᠭ᠋ᠠᠨ᠎ᠤ ᠡᠮᠬᠢ ᠳᠢᠭᠯᠢᠮ ᠪᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃

供稿3图片3.jpg


      ᠲᠠᠷᠠᠭ᠋ᠠᠴᠢ ᠵᠢᠨ ᠠᠯᠬᠤᠮ᠎ᠳᠤ᠂ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠡᠨᠳᠡᠯ᠎ᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ》 ᠶᠡᠷᠦᠩᠬᠡᠶ ᠬᠠᠷᠠᠯᠲᠠ ᠪᠠ ᠵᠠᠮ ᠬᠠᠷᠢᠯᠴᠠᠭ᠋ᠠᠨ᠎ᠤ ᠡᠨᠳᠡᠯ᠎ᠢ ᠰᠡᠷᠭᠡᠶ᠋ᠢᠯᠡᠬᠦ 《ᠬᠡᠮᠵᠢᠶ᠎ᠡ ᠵᠢ ᠪᠠᠭ᠋ᠠᠰᠬᠠᠨ ᠶᠡᠬᠡ ᠵᠢ ᠡᠵᠡᠮᠳᠡᠬᠦ》 ᠠᠵᠢᠯ᠎ᠤᠨ ᠶᠡᠷᠦᠩᠬᠡᠶ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ᠂ 《ᠵᠠᠮ᠎ᠤᠨ ᠳᠠᠷᠤᠭ᠎ᠠ ᠵᠢᠨ ᠲᠦᠷᠢᠮ》᠎ᠤᠨ ᠠᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠠᠵᠢᠯ᠎ᠤᠨ ᠬᠠᠷᠠᠯᠲᠠ᠎ᠪᠠᠨ ᠲᠣᠳᠣᠷᠬᠠᠶ᠋ᠢᠯᠠᠵᠤ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠵᠠᠮ᠎ᠤᠨ ᠭᠠᠳᠠᠷᠭᠤ᠎ᠳᠠᠬᠢ ᠰᠡᠷᠡᠮᠵᠢᠯᠡᠭᠦᠯᠬᠦ ᠨᠣᠷᠮ᠎ᠠ᠂ ᠠᠷᠠᠳ᠎ᠤᠨ ᠴᠠᠭᠳᠠᠭ᠎ᠠ ᠵᠢᠨ ᠬᠡᠷᠡᠭ ᠬᠠᠮᠢᠶᠠᠷᠬᠤ ᠨᠣᠷᠮ᠎ᠠ ᠪᠠ ᠲᠤᠬᠠᠶ ᠵᠢᠨ ᠲᠠᠯᠠᠪᠤᠷ᠎ᠲᠠᠬᠢ ᠭᠣᠤᠯᠳᠠᠯᠭ᠎ᠠ᠎ᠲᠠᠢ ᠬᠠᠤᠯᠢ᠎ᠠᠴᠠ ᠵᠥᠷᠢᠴᠡᠭᠰᠡᠨ᠎ᠢ ᠪᠠᠶ᠋ᠢᠴᠠᠭ᠋ᠠᠨ ᠰᠢᠢ᠍ᠳᠪᠦᠷᠢᠯᠡᠬᠦ ᠨᠣᠷᠮ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢ ᠨᠠᠩ ᠵᠢᠷᠤᠮᠵᠢᠯ᠎ᠲᠠᠢ ᠪᠥᠭᠡᠳ ᠡᠮᠬᠢ ᠵᠢᠷᠤᠮ᠎ᠲᠠᠢ ᠪᠣᠯᠭ᠋ᠠᠬᠤ ᠵᠢ ᠠᠬᠢᠭᠤᠯᠤᠨ᠎ᠠ᠃ ᠵᠠᠮ ᠳᠡᠭᠡᠷᠡᠬᠢ ᠬᠠᠮᠢᠶᠠᠷᠤᠨ ᠡᠵᠡᠮᠳᠡᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠬᠦ᠂ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠬᠦ᠂ ᠵᠠᠮ ᠬᠠᠷᠢᠯᠴᠠᠭ᠋ᠠᠨ᠎ᠤ ᠡᠨᠳᠡᠯ᠎ᠢ ᠢᠯᠡᠳᠲᠡ ᠪᠠᠭᠤᠷᠠᠭᠤᠯᠬᠤ᠂ ᠵᠠᠮ ᠬᠠᠷᠢᠯᠴᠠᠭ᠋ᠠᠨ᠎ᠤ ᠲᠦᠭᠵᠢᠷᠡᠯ᠎ᠢ ᠢᠯᠡᠳᠲᠡ ᠪᠠᠭᠤᠷᠠᠭᠤᠯᠬᠤ᠂ ᠵᠠᠮ ᠳᠡᠭᠡᠷᠡᠬᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠳᠲᠡ ᠪᠠᠭᠤᠷᠠᠭᠤᠯᠬᠤ 《ᠭᠤᠷᠪᠠ ᠵᠢ ᠳᠡᠭᠡᠭᠰᠢᠯᠡᠭᠦᠯᠬᠦ᠂ ᠭᠤᠷᠪᠠ ᠵᠢ ᠪᠠᠭᠤᠷᠠᠭᠤᠯᠬᠤ》 ᠠᠵᠢᠯ᠎ᠤᠨ ᠶᠡᠷᠦᠩᠬᠡᠶ ᠬᠠᠷᠠᠯᠲᠠ ᠵᠢ ᠪᠡᠶᠡᠯᠡᠭᠦᠯᠵᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠠᠶ᠋ᠢᠳᠠᠯ᠎ᠤᠨ ᠦᠷᠭᠦᠯᠵᠢᠯᠡᠨ ᠰᠠᠶ᠋ᠢᠵᠢᠷᠠᠨ ᠬᠥᠭᠵᠢᠬᠦ ᠵᠢ ᠦᠷᠭᠦᠯᠵᠢᠯᠡᠨ ᠠᠬᠢᠭᠤᠯᠤᠨ᠎ᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ