ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠪᠡ
ᠨᠡᠶ᠋ᠢᠲᠡᠯᠡᠭᠰᠡᠨ ᠴᠠᠭ᠄ 2023-12-21

     ᠰᠢᠯᠢ ᠵᠢᠨ ᠭᠣᠤᠯ ᠠᠢ᠌ᠮᠠᠭ᠎ᠤᠨ ᠷᠠᠰᠢᠶᠠᠨ ᠲᠤᠳᠤᠭ᠋ᠠᠳᠤ ᠵᠢ ᠬᠠᠮᠠᠭ᠋ᠠᠯᠠᠬᠤ ᠬᠤᠪᠢᠶᠠᠷᠢ ᠲᠤᠪᠴᠢᠶ᠎ᠠ ᠢᠮᠠᠭᠲᠠ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠣᠳᠣᠬᠢᠴᠢᠯᠠᠭᠰᠠᠨ ᠮᠡᠷᠭᠡᠵᠢᠯ᠎ᠢ ᠭᠦᠢ᠍ᠴᠡᠳ ᠬᠡᠷᠡᠭᠵᠢᠭᠦᠯᠦᠨ᠂ ᠴᠠᠭᠳᠠᠭ᠋ᠠᠨ᠎ᠤ ᠵᠢᠯᠣᠭᠤᠴᠢ ᠦᠭᠡᠢ ᠨᠢᠰᠬᠡᠯ ᠵᠶ᠋ᠠᠷ ᠡᠷᠢᠶᠡᠨ᠎ᠤ ᠴᠢᠯᠠᠭᠤᠨ ᠲᠤᠰᠤᠨ᠎ᠤ ᠠᠭᠤᠷᠬᠠᠢ ᠵᠢᠨ ᠬᠠᠷᠢᠶ᠎ᠠ ᠣᠷᠣᠨ᠎ᠤ ᠳᠠᠮᠵᠢᠭᠤᠯᠬᠤ ᠬᠤᠭᠤᠯᠠᠢ ᠵᠢ ᠲᠣᠭᠤᠷᠢᠨ ᠬᠠᠮᠠᠭ᠋ᠠᠯᠠᠬᠤ ᠠᠵᠢᠯ᠎ᠢ ᠪᠡᠶᠡᠯᠡᠭᠦᠯᠪᠡ᠃

科技强警1.jpg  

 

科技强警2.jpg


     ᠠᠭ᠋ᠠᠷ ᠪᠠ ᠣᠷᠤᠨ ᠨᠤᠲᠤᠭ᠎ᠤᠨ ᠬᠠᠷᠢᠶᠠᠲᠤ ᠤᠷᠤᠨ ᠵᠶ᠋ᠠᠷ ᠲᠣᠭᠤᠷᠢᠨ ᠴᠠᠭᠳᠠᠬᠤ ᠵᠢ ᠤᠶᠠᠯᠳᠤᠭᠤᠯᠤᠨ ᠥᠨᠴᠥᠭ ᠪᠤᠯᠤᠩ ᠦᠯᠡᠳᠡᠭᠡᠯ ᠥᠬᠡᠶ ᠪᠠᠶ᠋ᠢᠬᠤ ᠵᠢ ᠪᠡᠶᠡᠯᠡᠭᠦᠯᠦᠨ᠂ ᠦᠨᠳᠦᠰᠦᠨ ᠱᠠᠲᠤᠨ᠎ᠤ ᠴᠠᠭᠳᠠᠭ᠋ᠠᠨ᠎ᠤ ᠶᠠᠪᠤᠳᠠᠯ᠎ᠤᠨ ᠳᠠᠷᠤᠯᠲᠠ ᠵᠢ ᠪᠥᠬᠦ ᠲᠠᠯ᠎ᠠ᠎ᠪᠠᠷ ᠴᠢᠯᠥᠭᠡᠯᠡᠭᠰᠡᠨ ᠰᠠᠭᠤᠷᠢᠨ ᠳᠡᠭᠡᠷ᠎ᠡ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ