ᠤᠢ᠌ᠷ᠎ᠠ ᠵᠢᠨ ᠡᠳᠦᠷ᠂ ᠰᠢᠯᠢ ᠵᠢᠨ ᠭᠣᠤᠯ ᠠᠢ᠌ᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠥᠬᠥ ᠭᠡᠰᠢᠭᠦᠨ᠂ ᠠᠮᠤᠷ᠎ᠢ ᠬᠠᠮᠠᠭ᠋ᠠᠯᠠᠬᠤ ᠶᠡᠬᠡ ᠠᠩᠭᠢ ᠵᠢᠨ ᠳᠠᠷᠤᠭ᠎ᠠ᠂ ᠡᠯ᠎ᠡ ᠲᠣᠮᠢᠯᠠᠭᠰᠠᠨ ᠰᠠᠯᠪᠤᠷᠢ ᠵᠢᠨ ᠳᠠᠷᠤᠭ᠎ᠠ᠂ ᠵᠢᠭ᠋ᠠᠨ ᠵᠢᠯᠣᠭᠣᠳᠣᠭᠴᠢ ᠵᠢᠴᠢ ᠳᠣᠲᠣᠭ᠋ᠠᠳᠤ ᠵᠢᠨ ᠠᠵᠢᠯᠲᠠᠨ 29 ᠬᠥᠮᠦᠨ ᠪᠥᠬᠥ ᠤᠯᠤᠰ᠎ᠤᠨ ᠰᠢᠯᠢᠳᠡᠭ ᠦᠨᠳᠦᠰᠦᠨ ᠱᠠᠲᠤᠨ᠎ᠤ ᠨᠢᠭᠡᠴᠡ᠎ᠳᠤ ᠭᠦᠨᠵᠡᠭᠡᠶ᠋ᠢᠷᠡᠵᠦ᠂ 《ᠥᠪᠡᠷᠲᠡᠭᠡᠨ ᠵᠠᠰᠠᠬᠤ ᠣᠷᠣᠨ᠎ᠤ ᠹᠸᠩᠴᠢᠶᠣᠣ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠵᠢᠨ ᠴᠣᠯᠠ ᠭᠥᠷᠳᠡᠭᠰᠡᠨ ᠪᠤᠯᠠᠭ᠋ᠠᠨᠲᠤᠬᠤᠢ ᠲᠣᠮᠢᠯᠠᠭᠰᠠᠨ ᠰᠠᠯᠪᠤᠷᠢ᠎ᠪᠠᠷ ᠲᠣᠭᠣᠷᠢᠨ ᠦᠵᠡᠵᠦ ᠰᠣᠯᠢᠯᠴᠠᠨ ᠰᠤᠷᠤᠯᠴᠠᠭᠰᠠᠨ ᠪᠥᠭᠡᠳ 《ᠵᠥᠷᠢᠴᠡᠯ ᠵᠠᠭᠤᠷᠠᠯᠳᠤᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ》᠎ᠢ ᠬᠡᠷᠬᠢᠨ ᠰᠠᠶ᠋ᠢᠲᠤᠷ ᠬᠢᠬᠦ ᠵᠢᠨ ᠲᠣᠭᠣᠷᠢᠨ᠎ᠳᠤ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠪᠠ ᠶᠠᠷᠢᠯᠴᠠᠨ ᠰᠣᠯᠢᠯᠴᠠᠵᠤ᠂
《ᠵᠢᠷᠭᠤᠭ᠎ᠠ ᠵᠢ ᠰᠡᠷᠭᠡᠶ᠋ᠢᠯᠡᠬᠦ ᠲᠠᠪᠤ ᠵᠢ ᠬᠢᠵᠠᠭ᠋ᠠᠷᠯᠠᠬᠤ ᠳᠥᠷᠪᠡ ᠵᠢ ᠠᠬᠢᠭᠤᠯᠬᠤ》 ᠠᠵᠢᠯ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠬᠤ᠎ᠳᠤ ᠰᠠᠶ᠋ᠢᠨ ᠰᠠᠭᠤᠷᠢ ᠲᠠᠯᠪᠢᠪᠠ᠃
ᠬᠤᠷᠠᠯ᠎ᠳᠤ ᠣᠷᠣᠯᠴᠠᠭᠰᠠᠳ ᠪᠤᠯᠠᠭ᠋ᠠᠨᠲᠤᠬᠤᠢ ᠲᠣᠮᠢᠯᠠᠭᠰᠠᠨ ᠰᠠᠯᠪᠤᠷᠢ ᠵᠢᠨ ᠨᠠᠮ᠎ᠤᠨ ᠪᠠᠶ᠋ᠢᠭᠤᠯᠤᠯᠲᠠ᠂ ᠲᠤᠬᠠᠶ᠋ᠢᠯᠠᠭᠰᠠᠨ ᠠᠵᠢᠯ᠂ ᠳᠠᠩᠰᠠ ᠡᠪᠬᠡᠮᠡᠯ᠎ᠤᠨ ᠮᠠᠲ᠋ᠧᠷᠢᠶᠠᠯ᠂ ᠳᠣᠲᠣᠭ᠋ᠠᠳᠤ ᠶᠠᠪᠤᠳᠠᠯ᠎ᠤᠨ ᠬᠠᠮᠢᠶᠠᠷᠤᠯᠲᠠ ᠵᠡᠷᠭᠡ ᠵᠢ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠵᠦ ᠰᠤᠷᠤᠯᠴᠠᠪᠠ᠃ ᠬᠦᠷᠦᠭᠰᠡᠨ ᠭᠠᠵᠠᠷ ᠪᠣᠯᠭ᠋ᠠᠨ᠎ᠳᠤ᠂ ᠲᠣᠭᠣᠷᠢᠨ ᠦᠵᠡᠵᠦ ᠰᠤᠷᠤᠯᠴᠠᠬᠤ ᠳᠤᠭᠤᠶ᠋ᠢᠯᠠᠩ᠎ᠤᠨ᠎ᠬᠢᠨ ᠴᠥᠮ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ ᠵᠢ ᠰᠣᠨᠣᠰᠬᠤ᠂ ᠲᠤᠬᠠᠶ ᠵᠢᠨ ᠲᠠᠯᠠᠪᠤᠷ᠎ᠲᠤ ᠲᠣᠭᠣᠷᠢᠨ ᠦᠵᠡᠵᠦ ᠣᠶ᠋ᠢᠯᠠᠭ᠋ᠠᠬᠤ᠂ ᠨᠠᠷᠢᠨ ᠠᠭᠤᠯᠭ᠎ᠠ ᠵᠢ ᠯᠠᠪᠯᠠᠨ ᠠᠰᠠᠭᠤᠬᠤ᠂ ᠲᠤᠷᠰᠢᠯᠭ᠎ᠠ᠎ᠪᠠᠨ ᠬᠠᠮᠲᠤ᠎ᠪᠠᠷ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠡᠷᠬᠢᠨ ᠡᠯ᠎ᠡ ᠰᠤᠳᠤᠯᠭ᠋ᠠᠨ᠎ᠤ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ 《ᠹᠸᠩᠴᠢᠶᠣᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠵᠢᠨ ᠣᠶᠤᠨ ᠰᠠᠨᠠᠭ᠋ᠠᠨ᠎ᠤ ᠠᠭᠤᠯᠤᠭᠳᠠᠬᠤᠨ᠎ᠢ ᠨᠠᠩ ᠰᠠᠶ᠋ᠢᠨ ᠢᠯᠡᠷᠡᠭᠦᠯᠬᠦ ᠲᠤᠬᠠᠶ ᠰᠤᠳᠤᠯᠤᠨ ᠶᠠᠷᠢᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠪᠤᠯᠠᠭ᠋ᠠᠨᠲᠤᠬᠤᠢ ᠲᠣᠮᠢᠯᠠᠭᠰᠠᠨ ᠰᠠᠯᠪᠤᠷᠢ ᠵᠢᠨ ᠳᠠᠷᠤᠭ᠎ᠠ ᠬᠠᠷᠢᠶ᠎ᠠ ᠣᠷᠣᠨ᠎ᠤ᠎ᠪᠠᠨ ᠨᠡᠶ᠋ᠢᠭᠡᠮ᠎ᠤᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ᠂ ᠤᠶᠤᠨᠲᠤ ᠴᠠᠭᠳᠠᠭ᠋ᠠᠨ᠎ᠤ ᠶᠠᠪᠤᠳᠠᠯ᠂ 《ᠹᠸᠩᠴᠢᠶᠤᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠵᠢ ᠡᠭᠦᠳᠦᠨ ᠪᠠᠶ᠋ᠢᠭᠤᠯᠬᠤ ᠶᠠᠪᠤᠴᠠ᠎ᠳᠠᠬᠢ ᠵᠥᠷᠢᠴᠡᠯ ᠵᠠᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠲᠣᠭᠲᠠᠴᠠ ᠵᠢᠴᠢ ᠦᠷ᠎ᠡ ᠪᠦᠲᠦᠮᠵᠢ᠂ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢᠴᠢ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠡᠷᠭᠡ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠨᠠᠷᠢᠨ ᠲᠠᠨᠢᠯᠴᠠᠭᠤᠯᠵᠠᠢ᠃ ᠤᠯᠤᠰ ᠲᠥᠷᠥ ᠵᠢᠨ ᠭᠡᠰᠢᠭᠦᠨ ᠡᠷᠳᠡᠨᠢᠴᠢᠯᠠᠭᠤ ᠨᠥᠬᠥᠷ ᠮᠠᠨ᠎ᠤ ᠲᠣᠪᠴᠢᠶ᠎ᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ 《ᠵᠥᠷᠢᠴᠡᠯ ᠵᠠᠭᠤᠷᠠᠯᠳᠤᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠬᠦ》 ᠠᠵᠢᠯ᠎ᠤᠨ ᠲᠣᠭᠣᠷᠢᠨ᠎ᠳᠤ ᠡᠯ᠎ᠡ ᠲᠣᠮᠢᠯᠠᠭᠰᠠᠨ ᠰᠠᠯᠪᠤᠷᠢ ᠵᠢᠨ ᠳᠠᠷᠤᠭ᠎ᠠ᠎ᠲᠠᠢ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ (ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠡᠰᠢᠭ ᠮᠡᠳᠡᠭᠡᠯᠡᠪᠡ)