ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠤᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠰᠢᠯᠢ ᠵᠢᠨ ᠭᠣᠤᠯ ᠠᠢ᠌ᠮᠠᠭ᠎ᠤᠨ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ
《ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 〈2+3〉 ᠵᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ᠎ᠤᠨ ᠤᠯᠤᠰ ᠲᠥᠷᠥ ᠵᠢᠨ ᠬᠡᠪ ᠴᠢᠨᠠᠷ᠎ᠢ ᠰᠢᠨᠵᠢᠯᠡᠨ ᠪᠠᠶ᠋ᠢᠴᠠᠭ᠋ᠠᠬᠤ ᠲᠥᠰᠦᠯ》᠎ᠢ ᠢᠳᠡᠪᠬᠢᠲᠡᠶ ᠨᠠᠶ᠋ᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ᠎ᠤᠨ᠎ᠬᠢᠨ ᠰᠢᠨᠵᠢᠯᠡᠨ ᠪᠠᠶ᠋ᠢᠴᠠᠭ᠋ᠠᠬᠤ ᠠᠵᠢᠯ᠎ᠢ ᠭᠦᠨᠵᠡᠭᠡᠶ ᠠᠬᠢᠭᠤᠯᠵᠤ᠂ ᠤᠯᠤᠰ ᠲᠥᠷᠥ ᠵᠢᠨ ᠬᠡᠪ ᠴᠢᠨᠠᠷ᠎ᠢ ᠰᠢᠨᠵᠢᠯᠡᠨ ᠪᠠᠶ᠋ᠢᠴᠠᠭ᠋ᠠᠬᠤ ᠵᠢ ᠬᠡᠮᠵᠢᠶᠡᠵᠢᠭᠦᠯᠦᠨ ᠪᠤᠳᠠᠳᠠᠢ᠌ᠵᠢᠭᠤᠯᠬᠤ᠂ ᠨᠠᠷᠢᠯᠢᠭᠵᠢᠭᠤᠯᠬᠤ᠂ 《2+3》 ᠵᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ᠎ᠤᠨ ᠤᠯᠤᠰ ᠲᠥᠷᠥ ᠵᠢᠨ ᠬᠡᠪ ᠴᠢᠨᠠᠷ᠎ᠢ ᠰᠢᠨᠵᠢᠯᠡᠨ ᠪᠠᠶ᠋ᠢᠴᠠᠭ᠋ᠠᠬᠤ᠎ᠪᠠᠷ ᠭᠠᠷᠳᠠᠴᠠ ᠪᠣᠯᠭ᠋ᠠᠵᠤ᠂ ᠠᠷᠠᠳ᠎ᠤᠨ ᠴᠠᠭᠳᠠᠭ᠎ᠠ ᠵᠢᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠵᠠᠩᠭᠢᠯᠠᠭ᠎ᠠ ᠵᠢᠨ ᠺᠠᠳ᠋ᠷ᠂ ᠵᠠᠯᠠᠭᠤ ᠠᠷᠠᠳ᠎ᠤᠨ ᠴᠠᠭᠳᠠᠭ᠎ᠠ ᠵᠡᠷᠭᠡ ᠡᠲᠡᠭᠡᠳ᠎ᠲᠠᠢ ᠶᠠᠷᠢᠯᠴᠠᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠠᠰᠠᠭᠤᠳᠠᠯ᠎ᠤᠨ ᠲᠡᠮᠳᠡᠭᠯᠡᠯ᠎ᠤᠨ ᠲᠣᠳᠣᠷᠬᠠᠶ ᠬᠠᠭᠤᠳᠠᠰᠤ᠂ ᠺᠠᠳ᠋ᠷᠴᠤᠳ᠎ᠤᠨ ᠤᠯᠤᠰ ᠲᠥᠷᠥ ᠵᠢᠨ ᠬᠡᠪ ᠴᠢᠨᠠᠷ᠎ᠤᠨ ᠪᠠᠶ᠋ᠢᠴᠠᠭ᠋ᠠᠯᠲᠠ ᠵᠢᠨ ᠲᠠᠩᠰᠠ ᠡᠪᠬᠡᠮᠡᠯ ᠪᠠᠶ᠋ᠢᠭᠤᠯᠵᠤ᠂ ᠠᠷᠠᠳ᠎ᠤᠨ ᠴᠠᠭᠳᠠᠭ᠎ᠠ ᠵᠢᠨ ᠨᠠᠢ᠍ᠮᠠᠨ ᠴᠠᠭ᠎ᠤᠨ ᠳᠣᠲᠣᠷ᠎ᠠ ᠭᠠᠳᠠᠨᠠᠬᠢ ᠠᠵᠢᠯ᠂ ᠰᠤᠷᠤᠯᠴᠠᠯᠭ᠎ᠠ᠂ ᠦᠵᠡᠯ ᠰᠠᠨᠠᠭ᠋ᠠᠨ᠎ᠤ ᠪᠠᠶ᠋ᠢᠳᠠᠯ᠎ᠢ ᠣᠶ᠋ᠢᠯᠠᠭ᠋ᠠᠪᠠ᠃
ᠲᠠᠷᠠᠭ᠋ᠠᠴᠢ ᠵᠢᠨ ᠠᠯᠬᠤᠮ᠎ᠳᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ 《2+3》 ᠵᠢᠨ ᠬᠤᠪᠢ ᠬᠤᠷᠠᠮᠳᠤᠭᠤᠯᠬᠤ ᠳᠦᠷᠢᠮᠲᠦ ᠺᠠᠳ᠋ᠷ᠎ᠤᠨ ᠤᠯᠤᠰ ᠲᠦᠷᠦ ᠵᠢᠨ ᠬᠡᠪ ᠴᠢᠨᠠᠷ᠎ᠢ ᠰᠢᠨᠵᠢᠯᠡᠨ ᠪᠠᠶ᠋ᠢᠴᠠᠭ᠋ᠠᠬᠤ᠎ᠪᠠᠷ ᠭᠠᠷᠳᠠᠴᠠ ᠪᠣᠯᠭ᠋ᠠᠵᠤ᠂ ᠦᠷᠭᠦᠯᠵᠢᠯᠡᠨ ᠭᠣᠣᠯᠳᠠᠯᠭ᠎ᠠ᠎ᠲᠠᠢ ᠠᠵᠢᠯ᠎ᠤᠨ ᠪᠠᠶ᠋ᠢᠷᠢ᠂ ᠭᠣᠣᠯᠳᠠᠯᠭ᠎ᠠ᠎ᠲᠠᠢ ᠬᠥᠮᠦᠰ᠎ᠲᠤ ᠬᠠᠨᠳᠤᠭᠤᠯᠤᠨ 《ᠬᠡᠪᠴᠢᠶ᠎ᠠ ᠵᠢ ᠬᠢᠵᠠᠭ᠋ᠠᠷᠯᠠᠬᠤ ᠦᠭᠡᠢ᠂ ᠴᠠᠭ᠎ᠢ ᠬᠢᠵᠠᠭ᠋ᠠᠷᠯᠠᠬᠤ ᠦᠭᠡᠢ᠂ ᠠᠷᠭ᠎ᠠ ᠬᠡᠯᠪᠡᠷᠢ ᠵᠢ ᠬᠢᠵᠠᠭ᠋ᠠᠷᠯᠠᠬᠤ ᠦᠭᠡᠢ》 ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ ᠵᠠᠭᠪᠤᠷ᠎ᠢ ᠪᠠᠶ᠋ᠢᠭᠤᠯᠵᠤ᠂ ᠪᠠᠶ᠋ᠢᠭᠤᠯᠭ᠎ᠠ ᠨᠢᠭᠡᠴᠢ᠂ ᠰᠠᠯᠠᠭ᠎ᠠ ᠮᠥᠴᠢᠷ᠂ ᠭᠣᠣᠯ ᠤᠳᠤᠷᠢᠳᠤᠯᠭ᠎ᠠ ᠵᠢᠴᠢ ᠪᠠᠭ᠎ᠤᠨ ᠪᠦᠷᠢᠯᠳᠦᠬᠦᠨ᠂ ᠺᠠᠳ᠋ᠷ᠂ ᠤᠯᠠᠨ ᠲᠦᠮᠡᠨ ᠵᠡᠷᠭᠡ ᠡᠲᠡᠭᠡᠳ᠎ᠲᠠᠢ ᠶᠠᠷᠢᠯᠴᠠᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ ᠬᠢᠨᠠᠨ ᠰᠢᠯᠭ᠋ᠠᠬᠤ ᠠᠵᠢᠯ᠎ᠤᠨ ᠬᠠᠨᠳᠤᠯᠭ᠋ᠠᠲᠤ ᠴᠢᠨᠠᠷ᠂ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠲᠤᠷᠰᠢᠯᠭ᠎ᠠ ᠬᠢᠳᠡᠯ ᠵᠶ᠋ᠠᠨ ᠴᠠᠭ ᠲᠤᠬᠠᠢᠳᠤᠨᠢ ᠳ᠋ᠦᠩᠨᠡᠵᠦ᠂ ᠬᠠᠮᠢᠶ᠎ᠠ ᠪᠦᠬᠦᠢ ᠲᠠᠩᠰᠠ ᠡᠪᠬᠡᠮᠡᠯ᠎ᠤᠨ ᠮᠠᠲᠸᠷᠢᠶᠠᠯ᠎ᠢ ᠴᠠᠭ ᠲᠤᠬᠠᠢᠳᠤᠨᠢ ᠳ᠋ᠦᠩᠨᠡᠵᠦ᠂ ᠶᠡᠷᠦᠩᠬᠡᠢ ᠱᠦᠵᠢ ᠵᠢᠨ ᠥᠪᠥᠷ ᠮᠤᠩᠭᠤᠯ᠎ᠳᠤ ᠲᠤᠰᠢᠶᠠᠭᠰᠠᠨ ᠡᠭᠥᠷᠬᠡ ᠵᠢ ᠰᠠᠢ᠌ᠨ ᠪᠡᠶᠡᠯᠡᠭᠥᠯᠵᠦ᠂ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠬᠠᠷᠢᠴᠠᠭᠤᠯᠭ᠎ᠠ ᠵᠢ ᠪᠠᠳᠠᠷᠠᠭᠤᠯᠵᠦ᠂ ᠭᠥᠴᠦᠨ ᠵᠶ᠋ᠠᠨ ᠡᠷᠭᠦᠰᠦᠭᠡᠢ᠃
(ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠡᠰᠢᠭ ᠮᠡᠳᠡᠭᠡᠯᠡᠪᠡ)