ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠠᠷᠤ ᠬᠤᠷᠴᠢᠨ᠎ᠤ 《ᠣᠲᠣᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠨᠢ ᠠᠷᠠᠳ᠎ᠤᠨ ᠲᠥᠯᠥᠭᠡ ᠭᠡᠬᠦ ᠣᠭ ᠰᠠᠨᠠᠭ᠎ᠠ᠎ᠪᠠᠨ ᠦᠯᠦ ᠮᠠᠷᠲᠠᠨ 《ᠥᠴᠦᠬᠡᠨ ᠴᠦ᠍ ᠵᠠᠶ ᠥᠬᠡᠶ》 ᠥᠷᠭᠡᠨ ᠣᠯᠠᠨ ᠮᠠᠯᠴᠢᠳ᠎ᠲᠤ ᠦᠢ᠍ᠯᠡᠴᠢᠯᠡᠨ᠎ᠡ
ᠨᠡᠶ᠋ᠢᠲᠡᠯᠡᠭᠰᠡᠨ ᠴᠠᠭ᠄ 2023-03-01

      ᠤᠯᠠᠭ᠋ᠠᠨᠬᠠᠳᠠ ᠬᠤᠲᠠ ᠵᠢᠨ ᠠᠷᠤ ᠬᠤᠷᠴᠢᠨ ᠬᠤᠰᠢᠭᠤᠨ᠎ᠤ ᠪᠠᠶᠠᠨ᠌ᠦ᠌ᠨᠳᠦᠷ ᠰᠤᠮᠤ ᠵᠢᠨ ᠮᠠᠯᠴᠢᠳ ᠳᠡᠭᠡᠳᠦᠰ᠎ᠤᠨ ᠰᠤᠷᠭ᠋ᠠᠯ ᠵᠶ᠋ᠠᠨ ᠤᠯᠠᠮᠵᠢᠯᠠᠵᠤ᠂ ᠪᠠᠢ᠌ᠭ᠋ᠠᠯᠢ ᠵᠢ ᠬᠦᠨᠳᠦᠳᠬᠡᠨ᠂ ᠡᠬᠡ ᠪᠠᠶ᠋ᠢᠭ᠋ᠠᠯᠢ᠎ᠲᠠᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠵᠤ᠂ ᠣᠳᠣ ᠪᠣᠯᠲᠠᠯ᠎ᠠ ᠤᠯᠠᠮᠵᠢᠯᠠᠯᠲᠤ ᠨᠡᠭᠦᠳᠡᠯ ᠮᠠᠯᠵᠢᠯ᠎ᠤᠨ ᠵᠠᠩ ᠵᠠᠩᠰᠢᠯ ᠵᠶ᠋ᠠᠨ ᠵᠢᠷᠤᠮᠯᠠᠨ ᠰᠠᠬᠢᠭᠰᠠᠭ᠋ᠠᠷ ᠪᠠᠶ᠋ᠢᠨ᠎ᠠ᠃ ᠮᠠᠯᠴᠢᠳ 100 ᠺᠢᠯᠦᠮᠸᠲᠷ᠎ᠤᠨ ᠴᠠᠭ᠋ᠠᠨᠠᠬᠢ ᠮᠠᠯᠵᠢᠯ᠎ᠤᠨ ᠲᠠᠯᠠᠪᠠᠶ᠎ᠳᠤ ᠨᠡᠭᠦᠳᠡᠯᠯᠡᠬᠦ ᠪᠦᠷᠢ᠂ ᠬᠡᠳᠦᠨ ᠴᠠᠭᠳᠠᠭ᠎ᠠ ᠬᠠᠵᠠᠭᠤ᠎ᠪᠠᠷ᠎ᠨᠢ ᠬᠠᠪᠰᠤᠷᠴᠤ᠂ ᠲᠠᠳᠠ ᠠᠯᠲᠠᠨ ᠰᠢᠷᠭ᠋ᠠᠯ ᠴᠠᠭᠳᠠᠭ᠋ᠠᠨ᠎ᠤ ᠰᠦᠯᠳᠡ ᠪᠣᠯᠤᠨ ᠬᠠᠲᠠᠨ ᠵᠣᠷᠢᠭ᠎ᠤᠨ ᠪᠠᠷ᠎ᠠ᠎ᠪᠠᠷ ᠮᠣᠩᠭᠤᠯ ᠦᠨᠳᠦᠰᠦᠲᠡᠨ᠎ᠤ ᠤᠯᠠᠮᠵᠢᠯᠠᠯᠲᠤ ᠨᠡᠭᠦᠳᠡᠯ ᠮᠠᠯᠵᠢᠯ᠎ᠤᠨ ᠥᠨᠢ ᠤᠳᠠᠭ᠋ᠠᠨ ᠲᠡᠦᠬᠡ ᠵᠢ ᠰᠠᠬᠢᠨ ᠬᠠᠮᠠᠭ᠋ᠠᠯᠠᠵᠤ᠂ ᠮᠠᠯᠴᠢᠨ ᠲᠦᠮᠡᠨ᠎ᠤ ᠠᠮᠢ ᠨᠠᠰᠤ ᠪᠣᠯᠤᠨ ᠡᠳ᠋ ᠬᠥᠷᠥᠩᠭᠡ ᠵᠢᠨ ᠠᠮᠤᠷ ᠲᠦᠪᠰᠢᠨ᠎ᠢ ᠰᠡᠳᠬᠢᠯ ᠳᠡᠯᠪᠢᠨ ᠬᠠᠮᠠᠭ᠋ᠠᠯᠠᠵᠤ ᠪᠠᠶ᠋ᠢᠳᠠᠭ᠃

 0d01ddc78dcfc35f916e11ca666d207.jpg 


      ᠲᠠᠳᠠ ᠪᠣᠯ ᠠᠷᠤ ᠬᠤᠷᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶᠠᠨ᠌ᠦ᠌ᠨᠳᠦᠷ ᠲᠣᠮᠢᠯᠠᠭᠰᠠᠨ ᠰᠠᠯᠪᠤᠷᠢ ᠵᠢᠨ 《ᠣᠲᠣᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ 《ᠡᠷᠡᠯᠬᠡᠭ ᠳᠠᠢ᠌ᠴᠢᠨ》 ᠬᠠᠮᠠᠭ᠋ᠠᠯᠠᠭᠴᠢᠳ ᠪᠣᠯᠤᠨ᠎ᠠ᠃ ᠨᠡᠭᠦᠳᠡᠯ ᠮᠠᠯᠵᠢᠯ᠎ᠤᠨ ᠭᠠᠵᠠᠷ ᠪᠤᠶ᠋ᠢᠳᠠ ᠪᠦᠭᠯᠡᠭᠦᠦ᠂ ᠮᠠᠯᠴᠢᠳ᠎ᠤᠨ ᠣᠷᠣᠨ ᠰᠠᠭᠤᠴᠠ ᠲᠠᠷᠠᠬᠠᠶ ᠪᠤᠲᠠᠷᠬᠠᠶ ᠵᠡᠷᠭᠡ ᠣᠨᠴᠠᠯᠢᠭ᠎ᠲᠤ ᠴᠢᠭᠯᠡᠭᠦᠯᠦᠨ᠂ ᠨᠡᠭᠦᠳᠡᠯ ᠮᠠᠯᠵᠢᠯ᠎ᠤᠨ ᠭᠠᠵᠠᠷ ᠣᠷᠣᠨ᠎ᠤ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ 《ᠣᠲᠣᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠨᠢ 2014 ᠣᠨ᠎ᠤ 6 ᠳ᠋ᠤᠭ᠋ᠠᠷ ᠰᠠᠷ᠎ᠠ᠎ᠳᠤ ᠪᠠᠢ᠌ᠭᠤᠯᠤᠭᠳᠠᠭᠰᠠᠨ ᠶᠤᠮ᠃ ᠲᠡᠳᠡᠨ ᠭᠤᠤᠯᠳᠠᠭᠤ᠄ ᠮᠠᠯᠴᠢᠳ᠎ᠤᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠨᠤᠲᠤᠭ ᠪᠡᠯᠴᠢᠭᠡᠷ᠎ᠤᠨ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠰᠠᠬᠢᠨ ᠬᠠᠮᠠᠭ᠋ᠠᠯᠠᠬᠤ᠂ ᠬᠦᠴᠢᠷᠳᠡᠯ᠎ᠳᠤ ᠲᠤᠯᠭ᠋ᠠᠷᠠᠭᠰᠠᠨ ᠮᠠᠯᠴᠢᠳ᠎ᠢ ᠠᠪᠤᠷᠠᠨ ᠲᠤᠰᠠᠯᠠᠬᠤ᠂ ᠮᠠᠯᠴᠢᠳ᠎ᠤᠨ ᠬᠤᠭᠤᠷᠣᠨᠳᠣᠬᠢ ᠵᠥᠷᠢᠴᠡᠯ᠎ᠢ ᠡᠶᠡᠳᠡᠭᠦᠯᠬᠦ᠂ ᠬᠠᠤᠯᠢ ᠴᠠᠭ᠋ᠠᠵᠠ ᠵᠢᠨ ᠮᠡᠳᠡᠯᠭᠡ ᠵᠢ ᠤᠬᠠᠭᠤᠯᠬᠤ ᠵᠡᠷᠭᠡ ᠠᠵᠢᠯ᠎ᠢ ᠭᠦᠢ᠍ᠴᠡᠳᠭᠡᠨ᠎ᠡ᠃ ᠲᠠᠳᠠ ᠮᠠᠯᠵᠢᠬᠤ ᠣᠷᠣᠨ᠎ᠤ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠲᠦᠪᠰᠢᠨ ᠵᠶ᠋ᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠴᠢᠳ᠎ᠲᠤ ᠦᠢ᠍ᠯᠡᠴᠢᠯᠡᠬᠦ ᠡᠴᠦᠰ᠎ᠤᠨ ᠨᠢᠭᠡ ᠺᠢᠯᠦᠮᠸᠲᠷ᠎ᠢ ᠨᠡᠪᠲᠡᠷᠡᠭᠦᠯᠬᠦ᠎ᠪᠠᠷ ᠰᠢᠢ᠍ᠳᠪᠦᠷᠢᠳᠤ ᠢᠯᠠᠯᠲᠠ ᠵᠢ ᠤᠯᠪᠠ᠃

 c736f8bc818fb85d51d0657264688ce.jpg  


      《ᠲᠠᠯ᠎ᠠ ᠨᠤᠲᠤᠭ᠎ᠤᠨ ᠭᠠᠵᠠᠷ᠎ᠤᠨ ᠪᠠᠶ᠋ᠢᠴᠠ ᠵᠢᠨ ᠨᠥᠯᠥᠭᠡ᠎ᠠᠴᠠ ᠪᠣᠯᠵᠣ ᠮᠠᠯᠴᠢᠳ᠎ᠤᠨ ᠣᠷᠣᠨ ᠰᠠᠭᠤᠴᠠ ᠨᠡᠯᠢᠶᠡᠳ ᠲᠠᠷᠠᠬᠠᠶ ᠪᠤᠲᠠᠷᠬᠠᠶ ᠪᠠᠶ᠋ᠢᠵᠤ᠂ ᠮᠠᠭᠤ ᠠᠭᠤᠷ ᠠᠮᠢᠰᠬᠤᠯ ᠲᠣᠬᠢᠶᠠᠯᠳᠤᠵᠤ᠂ ᠲᠡᠷᠭᠡ ᠵᠢᠯᠣᠭᠤᠳᠤᠨ ᠲᠣᠭᠤᠷᠢᠨ ᠴᠠᠭᠳᠠᠬᠤ ᠵᠢᠨ ᠠᠷᠭ᠎ᠠ ᠥᠬᠡᠶ ᠪᠣᠯᠬᠤ ᠪᠦᠷᠢ᠂ ᠠᠷᠠᠳ᠎ᠤᠨ ᠴᠠᠭᠳᠠᠭ᠎ᠠ ᠨᠠᠷ ᠵᠥᠪᠬᠡᠨ ᠮᠣᠷᠢ ᠤᠨᠤᠬᠤ ᠪᠤᠶᠤ ᠶᠠᠪᠠᠭ᠋ᠠᠨ ᠵᠶ᠋ᠠᠷ ᠲᠣᠭᠤᠷᠢᠨ ᠴᠠᠭᠳᠠᠬᠤ ᠦᠶᠡᠰ᠂ ᠨᠢᠭᠡ ᠡᠳᠦᠷ ᠠᠷᠪᠠᠨ ᠬᠡᠳᠦᠨ ᠺᠢᠯᠦᠮᠸᠲᠷ ᠪᠣᠶᠤ ᠬᠡᠳᠦᠨ ᠠᠷᠪᠠᠨ ᠺᠢᠯᠦᠮᠸᠲᠷ ᠲᠤᠭᠤᠷᠢᠨ ᠴᠠᠭᠳᠠᠳᠠᠭ᠃》 ᠭᠡᠵᠦ 《ᠣᠲᠤᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠠᠷᠠᠳ᠎ᠤᠨ ᠴᠠᠭᠳᠠᠭ᠎ᠠ ᠬᠥᠭᠵᠢᠯ ᠪᠢᠳᠡᠨ᠎ᠳᠤ ᠲᠡᠳᠡᠨ᠎ᠤ ᠠᠵᠢᠯ ᠵᠶ᠋ᠠᠨ ᠲᠠᠨᠢᠯᠴᠠᠭᠤᠯᠪᠠ᠃ ᠬᠠᠪᠤᠷ ᠪᠣᠯᠪᠠᠯ ᠨᠢᠭᠡ ᠪᠡᠶ᠎ᠡ ᠡᠯᠡᠰᠦ᠂ ᠵᠤᠨ ᠪᠣᠯᠪᠠᠯ ᠨᠢᠭᠡ ᠪᠡᠶ᠎ᠡ ᠰᠢᠪᠠᠷ᠂ ᠨᠠᠮᠤᠷ ᠪᠣᠯᠪᠠᠯ ᠨᠢᠭᠡ ᠪᠡᠶ᠎ᠡ ᠰᠢᠮᠠᠭᠤᠯ᠂ ᠡᠪᠦᠯ ᠪᠣᠯᠪᠠᠯ ᠨᠢᠭᠡ ᠨᠢᠭᠤᠷ ᠴᠠᠰᠤ 《ᠣᠲᠣᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠠᠷᠠᠳ᠎ᠤᠨ ᠴᠠᠭᠳᠠᠭ᠎ᠠ ᠵᠢᠨ ᠦᠨᠡᠨ ᠪᠣᠳᠠᠲᠠᠶ ᠵᠢᠷᠤᠭᠯᠠᠯ ᠪᠣᠯᠤᠨ᠎ᠠ᠃

 ecf2821f696bae3db1ccc7ecac62c78.jpg 


      ᠨᠢᠳᠦᠨᠦᠨ᠎ᠤ 6— 10 ᠳ᠋ᠤᠭ᠋ᠠᠷ ᠰᠠᠷ᠎ᠠ ᠵᠢᠨ ᠬᠤᠭᠤᠷᠤᠨᠳᠤ᠂ ᠠᠷᠤ ᠬᠤᠷᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶᠠᠨ᠌ᠦ᠌ᠨᠳᠦᠷ ᠲᠣᠮᠢᠯᠠᠭᠰᠠᠨ ᠰᠠᠯᠪᠤᠷᠢ ᠨᠡᠭᠦᠳᠡᠯ ᠮᠠᠯᠵᠢᠯ᠎ᠤᠨ ᠲᠠᠯᠠᠪᠠᠶ ᠰᠢᠯᠵᠢᠬᠦ ᠬᠤᠭᠤᠴᠠᠭ᠋ᠠᠨ᠎ᠳᠤ᠂ ᠪᠥᠬᠦ ᠲᠠᠯ᠎ᠠ᠎ᠪᠠᠷ ᠬᠡᠷᠡᠭᠵᠢᠭᠦᠯᠦᠭᠰᠡᠨ 《131》 ᠠᠵᠢᠯ᠎ᠤᠨ ᠠᠷᠭ᠎ᠠ ᠵᠢ ᠬᠤᠪᠢᠷᠠᠭᠤᠯᠤᠨ ᠠᠵᠢᠯᠯᠠᠭᠤᠯᠵᠤ᠂ 《10 + 20》 ᠠᠵᠢᠯ᠎ᠤᠨ ᠵᠠᠭᠪᠤᠷ᠎ᠢ ᠬᠡᠷᠡᠭᠯᠡᠵᠦ᠂ ᠲᠤᠬᠠᠶ᠋ᠢᠯᠠᠪᠠᠯ ᠠᠷᠠᠳ᠎ᠤᠨ ᠴᠠᠭᠳᠠᠭ᠎ᠠ + ᠲᠤᠤᠷᠵᠢᠭᠤᠯᠤᠭᠰᠠᠨ ᠬᠠᠮᠢᠶᠠᠷᠤᠯᠲᠠ ᠵᠢᠨ ᠠᠵᠢᠯᠲᠠᠨ ᠰᠠᠷ᠎ᠠ ᠪᠦᠷᠢ ᠣᠲᠣᠷ᠎ᠤᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠲᠤ 10 ᠡᠳᠦᠷ ᠠᠵᠢᠯᠯᠠᠵᠤ᠂ ᠦᠯᠡᠳᠡᠭᠰᠡᠨ 20 ᠡᠳᠦᠷ᠎ᠲᠤ ᠳᠣᠮᠢᠯᠠᠭᠰᠠᠨ ᠰᠠᠯᠪᠤᠷᠢ᠎ᠳᠤ᠎ᠪᠠᠨ ᠠᠵᠢᠯ ᠵᠶ᠋ᠠᠨ ᠥᠷᠨᠢᠭᠦᠯᠵᠦ᠂ ᠦᠨᠳᠦᠰᠦᠨ ᠱᠠᠲᠤᠨ᠎ᠤ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠬᠡᠷᠡᠭᠴᠡᠭᠡ᠎ᠳᠤ ᠬᠠᠮᠤᠭ᠎ᠤᠨ ᠶᠡᠭᠡ ᠬᠡᠮᠵᠢᠶ᠎ᠡ᠎ᠪᠠᠷ ᠣᠶ᠋ᠢᠷᠠᠲᠤᠭᠤᠯᠤᠨ᠎ᠠ᠃ 《ᠣᠲᠣᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠢ ᠰᠠᠬᠢᠨ ᠬᠠᠮᠠᠭ᠋ᠠᠯᠠᠵᠤ ᠪᠠᠶ᠋ᠢᠭ᠎ᠠ ᠠᠷᠠᠳ᠎ᠤᠨ ᠴᠠᠭᠳᠠᠭ᠎ᠠ ᠨᠠᠷ ᠡᠩ᠎ᠤᠨ ᠬᠥᠮᠦᠰ᠎ᠤᠨ ᠲᠥᠰᠦᠭᠡᠯᠡᠬᠦᠶ᠎ᠡ ᠪᠡᠷᠬᠡ ᠬᠦᠴᠢᠷ ᠵᠣᠪᠠᠭᠤᠷᠢ ᠵᠢ ᠠᠮᠰᠠᠵᠤ᠂ ᠰᠦᠨᠢ ᠵᠢᠨ ᠭᠦᠨ᠎ᠤ ᠣᠳᠤᠨ ᠮᠡᠴᠢᠳ᠎ᠤᠨ ᠬᠡᠷᠡᠯ᠎ᠨᠢ 《ᠣᠲᠣᠷ》 ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠠᠷᠠᠳ᠎ᠤᠨ ᠴᠠᠭᠳᠠᠭ᠎ᠠ ᠨᠠᠷ᠎ᠤᠨ ᠪᠡᠶ᠎ᠡ ᠳᠡᠭᠡᠷ᠎ᠡ ᠲᠣᠰᠬᠤ ᠪᠦᠷᠢ᠂ ᠲᠠᠳᠠ ᠪᠣᠯ ᠨᠡᠷ᠎ᠡ ᠨᠢᠳᠡᠷ᠎ᠲᠤ᠎ᠪᠠᠨ ᠨᠡᠶ᠋ᠢᠴᠡᠭᠰᠡᠨ ᠲᠠᠯ᠎ᠠ ᠨᠤᠲᠤᠭ᠎ᠤᠨ ᠠᠮᠤᠷ ᠲᠦᠪᠰᠢᠨ᠎ᠤ ᠲᠣᠲ᠋ᠧᠮ ᠮᠥᠨ᠂ ᠲᠠᠳᠠ ᠪᠣᠯ ᠠᠳᠡᠬᠢ ᠮᠠᠯᠴᠢᠳ᠎ᠤᠨ ᠰᠡᠳᠬᠢᠯ᠎ᠳᠤ᠎ᠬᠢ ᠵᠢᠩᠬᠢᠨᠢ 《ᠰᠠᠬᠢᠭᠤᠰᠤ》 ᠮᠥᠨ᠃

    ᠮᠡᠳᠡᠭᠡᠯᠡᠭᠴᠢ᠄ ᠠᠷᠤ ᠬᠣᠷᠴᠢᠨ ᠬᠣᠰᠢᠭᠤᠨ᠎ᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠢᠦᠢ ᠱ᠌ᠢ ᠪᠦᠸᠸ

 

ᠢᠷᠡᠯᠲᠡ᠄ ᠤᠯᠠᠭ᠋ᠠᠨᠬᠠᠳᠠ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ