ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠪᠠᠶᠠᠨᠮᠤᠲᠤ ᠵᠢᠨ ᠲᠣᠮᠢᠯᠠᠭᠰᠠᠨ ᠰᠠᠯᠪᠤᠷᠢ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠰᠤᠷᠲᠠᠯ᠎ᠢ ᠴᠡᠭᠴᠡᠯᠡᠬᠦ᠂ ᠬᠡᠪ ᠴᠢᠨᠠᠷ᠎ᠢ ᠴᠢᠩᠭ᠋ᠠᠳᠬᠠᠬᠤ᠂ ᠳᠦᠷᠢ ᠲᠥᠷᠬᠦ ᠵᠢ ᠪᠤᠶ ᠪᠣᠯᠭ᠋ᠠᠬᠤ》 ᠲᠤᠰᠬᠠᠶ ᠠᠵᠢᠯᠯᠠᠭ᠎ᠠ ᠶᠠᠪᠤᠭᠤᠯᠤᠭᠰᠠᠨ᠎ᠠᠴᠠ ᠨᠠᠭ᠋ᠠᠰᠢ᠂ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠲᠠᠢ᠌ᠪᠤᠩᠲᠤ ᠲᠦᠷᠦᠭᠳᠡᠯ᠎ᠢ ᠨᠥᠯᠥᠭᠡᠯᠡᠵᠦ ᠪᠠᠶ᠋ᠢᠭ᠎ᠠ ᠤᠯᠠᠨ ᠲᠦᠮᠡᠨ᠎ᠤ ᠳᠡᠷᠭᠡᠳᠡᠬᠢ 《ᠪᠠᠭ᠎ᠠ ᠬᠡᠷᠡᠭ》᠂ 《ᠪᠠᠭ᠎ᠠ ᠶᠠᠪᠤᠳᠠᠯ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠰᠠᠨᠠᠭ᠎ᠠ᠎ᠪᠠᠷ ᠴᠠᠭᠳᠠᠭ᠋ᠠᠨ᠎ᠤ ᠶᠠᠪᠤᠳᠠᠯ᠎ᠢ ᠬᠦᠳᠦᠯᠦᠨ ᠳᠠᠭ᠋ᠠᠭᠤᠯᠵᠤ᠂ ᠲᠦᠭᠰᠢᠭᠦᠷᠢ ᠵᠢᠨ ᠪᠠᠶ᠋ᠢᠳᠠᠯ ᠵᠶ᠋ᠠᠷ ᠠᠷᠠᠳ᠎ᠤᠨ ᠪᠠᠶ᠋ᠢᠳᠠᠯ᠎ᠢ ᠬᠠᠯᠠᠮᠵᠢᠯᠠᠵᠤ᠂ ᠪᠣᠳᠠᠲᠤ ᠶᠠᠪᠤᠳᠠᠯ ᠬᠢᠵᠦ᠂ ᠪᠠᠭ᠎ᠠ ᠬᠡᠷᠡᠭ᠎ᠢ ᠢᠯᠡᠷᠡᠭᠦᠯᠦᠨ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠵᠤ᠂ ᠢᠮᠠᠭᠲᠠ 《ᠪᠠᠭ᠎ᠠ ᠬᠡᠷᠡᠭ᠎ᠢ ᠪᠠᠭ᠎ᠠ᠎ᠪᠠᠷ ᠦᠵᠡᠬᠦ ᠦᠭᠡᠢ᠂ ᠪᠠᠭ᠎ᠠ ᠬᠡᠷᠡᠭ᠎ᠢ ᠨᠠᠷᠢᠨ ᠬᠢᠨᠠᠮᠠᠭ᠋ᠠᠶ ᠰᠢᠢ᠍ᠳᠪᠦᠷᠢᠯᠡᠬᠦ》 ᠣᠪᠣᠷ ᠵᠶ᠋ᠠᠷ ᠤᠯᠠᠨ ᠲᠦᠮᠡᠨ᠎ᠤ ᠪᠠᠴᠢᠮ ᠪᠡᠷᠬᠡ ᠬᠦᠰᠡᠯ ᠵᠣᠪᠠᠨᠢᠯ᠎ᠢ ᠦᠨᠡᠨ ᠬᠦ᠌ ᠰᠢᠢ᠍ᠳᠪᠦᠷᠢᠯᠡᠵᠦ᠂ ᠠᠷᠠᠳ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠠᠷᠠᠳ᠎ᠤᠨ ᠬᠣᠭᠣᠷᠣᠨᠳᠣᠬᠢ ᠡᠯ᠎ᠡ ᠲᠥᠷᠥᠯ᠎ᠤᠨ ᠵᠠᠭᠤᠷᠠᠯᠳᠤᠭ᠋ᠠᠨ᠎ᠢ 23 ᠤᠳᠠᠭ᠎ᠠ ᠭᠥᠯᠢᠶᠡᠨ ᠠᠪᠴᠤ ᠡᠶᠡᠳᠡᠭᠦᠯᠦᠨ᠂ ᠣᠯᠠᠨ ᠲᠦᠮᠡᠨ᠎ᠤ ᠲᠤᠰᠠᠯᠠᠮᠵᠢ ᠭᠤᠶᠤᠴᠢᠯᠠᠭᠰᠠᠨ ᠦᠢ᠍ᠯᠡᠴᠢᠯᠡᠭᠡ ᠵᠢ 20 ᠤᠳᠠᠭ᠎ᠠ ᠬᠢᠵᠦ᠂ ᠬᠠᠷᠢᠶᠠᠲᠤ ᠣᠷᠣᠨ᠎ᠤ ᠮᠠᠯᠴᠢᠨ ᠲᠠᠷᠢᠶᠠᠴᠢᠳ᠎ᠤᠨ ᠬᠦᠴᠢᠷ ᠵᠣᠪᠠᠯᠠᠩ᠎ᠢ ᠰᠢᠢ᠍ᠳᠪᠦᠷᠢᠯᠡᠵᠦ ᠥᠭᠭᠦᠭᠰᠡᠨ ᠬᠠᠨᠤᠮᠵᠢ ᠵᠢᠨ ᠨᠣᠷᠮ᠎ᠠ ᠵᠢ 100%᠎ᠳᠤ ᠬᠦᠷᠭᠡᠪᠡ᠃
ᠣᠶ᠋ᠢᠯᠠᠭ᠋ᠠᠭᠰᠠᠨ ᠵᠶ᠋ᠠᠷ᠂ ᠣᠢ᠌ᠷ᠎ᠠ᠎ᠳᠤ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠪᠠᠶᠠᠨᠮᠤᠲᠤ ᠵᠢᠨ ᠲᠣᠮᠢᠯᠠᠭᠰᠠᠨ ᠰᠠᠯᠪᠤᠷᠢ ᠬᠠᠷᠢᠶ᠎ᠠ ᠣᠷᠣᠨ᠎ᠳᠠᠬᠢ ᠠᠷᠠᠳ᠎ᠤᠨ ᠪᠣᠰᠣᠳ ᠬᠥᠮᠥᠨ ᠲᠡᠭᠦᠨ᠎ᠢ ᠬᠠᠷᠢᠶᠠᠵᠤ ᠳᠣᠷᠣᠮᠵᠢᠯᠠᠵᠤ ᠪᠣᠢ ᠴᠠᠭᠳᠠᠭ᠎ᠠ ᠲᠣᠮᠢᠯᠠᠨ ᠰᠢᠢ᠍ᠳᠪᠦᠷᠢᠯᠡᠭᠦᠯᠬᠦ᠎ᠪᠠᠷ ᠭᠤᠶᠤᠴᠢᠯᠠᠭᠰᠠᠨ ᠲᠦᠭᠰᠢᠭᠦᠷᠢ ᠵᠢᠨ ᠮᠡᠳᠡᠭᠦᠯᠦᠯᠲᠡ ᠵᠢ ᠲᠤᠰᠪᠠ᠃ ᠵᠢᠵᠢᠭᠦᠷ᠎ᠤᠨ ᠴᠠᠭᠳᠠᠭ᠎ᠠ ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ ᠲᠡᠷᠡ ᠳᠠᠷᠤᠶᠳᠤᠨᠢ ᠲᠤᠬᠠᠶ ᠵᠢᠨ ᠲᠠᠯᠠᠪᠤᠷ᠎ᠲᠤ ᠬᠦᠷᠴᠦ᠂ ᠶᠧ ᠣᠪᠣᠭᠲᠤ ᠪᠣᠯᠤᠨ ᠲᠢᠶᠠᠨ ᠣᠪᠣᠭᠲᠤ ᠴᠥᠮ ᠬᠠᠶᠠᠭᠳᠠᠮᠠᠯ ᠡᠳ᠋᠎ᠢ ᠬᠣᠷᠢᠶᠠᠨ ᠠᠪᠴᠤ ᠠᠮᠢᠳᠤᠷᠠᠯ ᠵᠶ᠋ᠠᠨ ᠠᠷᠭ᠋ᠠᠴᠠᠵᠤ ᠪᠠᠶ᠋ᠢᠬᠤ ᠵᠢ ᠣᠯᠵᠤ ᠮᠡᠳᠡᠵᠡᠶ᠂ ᠬᠣᠶᠠᠷ ᠲᠠᠯ᠎ᠠ᠎ᠪᠠᠷ ᠵᠶ᠋ᠠᠨ ᠷᠠᠰᠢᠶᠠᠨ ᠤᠰᠤᠨ᠎ᠤ ᠨᠢᠭᠡ ᠯᠣᠩᠬᠣ ᠵᠢᠨ ᠬᠠᠷᠢᠶᠠᠯᠠᠯ᠎ᠤᠨ ᠠᠰᠠᠭᠤᠳᠠᠯ᠎ᠠᠴᠠ ᠪᠣᠯᠵᠣ ᠬᠡᠷᠡᠯᠳᠦᠭᠰᠡᠨ᠎ᠳᠤ᠂ ᠠᠷᠠᠳ᠎ᠤᠨ ᠴᠠᠭᠳᠠᠭ᠎ᠠ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠵᠢᠨ ᠬᠦᠯᠢᠴᠡᠩᠭᠦᠶ᠎ᠪᠠᠷ ᠡᠶᠡᠳᠡᠭᠦᠯᠬᠦ᠎ᠪᠠᠷ ᠳᠡᠮᠵᠢᠨ ᠬᠣᠶᠠᠭᠤᠯᠠ ᠵᠢᠨ ᠰᠡᠳᠬᠢᠯ᠎ᠤᠨ ᠵᠠᠩᠭ᠎ᠠ ᠵᠢ ᠲᠠᠶ᠋ᠢᠯᠤᠨ᠂ ᠭᠠᠷ ᠠᠳᠬᠤᠨ ᠡᠶᠡᠳᠡᠪᠡ᠃
ᠣᠢ᠌ᠷ᠎ᠠ᠎ᠳᠤ᠂ ᠪᠠᠶᠠᠨᠮᠤᠲᠤ ᠵᠢᠨ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ᠎ᠤ ᠭᠠᠴᠠᠭ᠋ᠠᠨ᠎ᠤ ᠠᠷᠠᠳ ᠹᠧᠩ ᠣᠪᠣᠭᠲᠤ ᠥᠪᠡᠷ᠎ᠤᠨ ᠡᠷ᠎ᠡ ᠨᠥᠬᠥᠷ ᠬᠠᠶ ᠣᠪᠣᠭᠲᠤ ᠨᠠᠷᠮᠠᠢ ᠵᠢ ᠵᠣᠳᠣᠭᠰᠠᠨ ᠭᠡᠵᠦ ᠲᠦᠭᠰᠢᠭᠦᠷᠢ ᠮᠡᠳᠡᠭᠦᠯᠪᠡ᠃ ᠠᠷᠠᠳ᠎ᠤᠨ ᠴᠠᠭᠳᠠᠭ᠎ᠠ ᠲᠡᠷᠡ ᠳᠠᠷᠤᠶᠳᠤᠨᠢ ᠲᠤᠬᠠᠢ ᠲᠠᠯᠠᠪᠤᠷ ᠬᠦᠷᠴᠦ ᠣᠢ᠌ᠯᠭ᠋ᠠᠭᠰᠠᠨ ᠵᠶ᠋ᠠᠷ᠂ ᠡᠷ᠎ᠡ ᠡᠮ᠎ᠡ ᠵᠢᠨ ᠠᠮᠢᠳᠤᠷᠠᠯ᠎ᠨᠢ ᠳᠠᠭ᠋ᠠᠷᠠᠬᠤ ᠦᠭᠡᠶ ᠤᠴᠢᠷ᠎ᠠᠴᠠ ᠡᠬᠡᠨᠡᠷ ᠹᠧᠩ ᠣᠪᠣᠭᠲᠤ᠎ᠨᠢ ᠡᠷ᠎ᠡ ᠨᠥᠬᠥᠷ ᠬᠠᠶ ᠣᠪᠣᠭᠲᠤ ᠵᠢ ᠨᠢᠭᠤᠴᠠ ᠠᠮᠠᠷᠠᠭ᠎ᠲᠠᠢ ᠭᠡᠵᠦ ᠰᠡᠵᠢᠭᠯᠡᠭᠰᠡᠨ᠎ᠳᠤ ᠡᠷ᠎ᠡ ᠨᠥᠬᠥᠷ ᠬᠠᠶ ᠣᠪᠣᠭᠲᠤ᠎ᠨᠢ ᠵᠥᠪᠰᠢᠶᠡᠷᠡᠭᠰᠡᠨ ᠦᠭᠡᠶ᠂ ᠡᠬᠡᠨᠡᠷ ᠹᠧᠩ ᠣᠪᠣᠭᠲᠤ᠎ᠨᠢ ᠢᠲᠡᠭᠡᠬᠦ ᠦᠭᠡᠶ ᠪᠣᠯᠬᠣᠷ ᠬᠣᠶᠠᠭᠤᠯᠠ ᠬᠡᠷᠡᠭᠦᠯ ᠬᠢᠵᠦ ᠭᠠᠷ ᠬᠥᠳᠡᠯᠵᠡᠶ᠃ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ᠂ ᠠᠷᠠᠳ᠎ᠤᠨ ᠴᠠᠭᠳᠠᠭ᠎ᠠ ᠬᠦᠯᠢᠴᠡᠩᠭᠦᠶ᠎ᠪᠠᠷ ᠢᠳᠬᠠᠨ ᠲᠠᠶ᠋ᠢᠯᠪᠤᠷᠢᠯᠠᠵᠤ᠂ ᠡᠷ᠎ᠡ ᠡᠮ᠎ᠡ ᠬᠣᠶᠠᠭᠤᠯᠠ ᠵᠢᠨ ᠤᠷᠮ᠎ᠠ ᠰᠡᠳᠬᠢᠯᠭᠡ ᠵᠢ ᠲᠠᠢ᠌ᠪᠤᠰᠢᠷᠠᠭᠤᠯᠤᠭᠰᠠᠨᠤ ᠳᠠᠷᠠᠭ᠎ᠠ ᠬᠥᠮᠦᠵᠢᠯ ᠬᠢᠭᠰᠡᠨ ᠪᠥᠭᠡᠳ ᠡᠷ᠎ᠡ ᠡᠮ᠎ᠡ ᠬᠣᠶᠠᠭᠤᠯᠠ ᠠᠮᠢᠳᠤᠷᠠᠯ᠎ᠤᠨ ᠳᠤᠮᠳᠠ᠎ᠪᠠᠨ ᠢᠯᠡᠭᠦᠬᠡᠨ ᠰᠠᠨᠠᠯ ᠵᠶ᠋ᠠᠨ ᠰᠣᠯᠢᠯᠴᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠵᠠᠶ᠃ ᠡᠷ᠎ᠡ ᠡᠮ᠎ᠡ ᠬᠣᠶᠠᠭᠤᠯᠠ᠎ᠪᠠᠨ ᠥᠪᠡᠷ ᠥᠪᠡᠷ᠎ᠤᠨ ᠪᠤᠷᠤᠭᠤ᠎ᠪᠠᠨ ᠲᠠᠨᠢᠭᠰᠠᠨᠤ ᠳᠠᠷᠠᠭ᠎ᠠ᠂ ᠠᠷᠠᠳ᠎ᠤᠨ ᠴᠠᠭᠳᠠᠭ᠎ᠠ᠎ᠳᠤ ᠲᠠᠯᠠᠷᠬᠠᠯ ᠵᠶ᠋ᠠᠨ ᠢᠯᠡᠳᠬᠡᠪᠡ᠃