ᠪᠠᠶᠠᠠᠨᠠᠭᠤᠷ ᠬᠣᠲᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ᠎ᠬᠢᠨ ᠭᠢᠨᠳᠡᠨ ᠬᠤᠷᠢᠭᠤᠯ᠎ᠤᠨ ᠭᠠᠵᠠᠷ᠎ᠤᠨ ᠠᠮᠤᠷ ᠲᠦᠪᠰᠢᠨ ᠲᠣᠭᠲᠠᠭᠤᠨ᠎ᠢ ᠪᠠᠲᠤᠯᠠᠬᠤ᠎ᠪᠠᠷ ᠭᠤᠣᠯ ᠪᠣᠯᠭ᠋ᠠᠨ᠂ ᠦᠢ᠍ᠯᠡᠴᠢᠯᠡᠭᠡᠨ᠎ᠤ ᠵᠠᠭᠪᠤᠷ᠎ᠤᠨ ᠥᠭᠡᠷᠡᠴᠢᠯᠡᠯᠲᠡ᠎ᠪᠠᠷ ᠠᠬᠢᠭᠤᠯᠤᠭᠴᠢ ᠪᠣᠯᠭ᠋ᠠᠵᠤ᠂ ᠲᠡᠷᠢᠭᠦᠨ ᠵᠡᠷᠭᠡ ᠵᠢᠨ ᠭᠢᠨᠳᠡᠨ ᠬᠤᠷᠢᠭᠤᠯ᠎ᠤᠨ ᠭᠠᠵᠠᠷ᠎ᠢ ᠪᠠᠶ᠋ᠢᠭᠤᠯᠬᠤ᠎ᠪᠠᠷ ᠬᠠᠷᠠᠯᠲᠠ ᠪᠣᠯᠭ᠋ᠠᠨ᠂ ᠭᠢᠨᠳᠡᠨ ᠬᠤᠷᠢᠭᠤᠯ᠎ᠤᠨ ᠭᠠᠵᠠᠷ᠎ᠤᠨ 《ᠲᠠᠪᠤᠨ ᠣᠳᠣᠬᠢᠴᠢᠯᠠᠯᠲᠠ ᠵᠢᠨ ᠪᠠᠶ᠋ᠢᠭᠤᠯᠤᠯᠲᠠ》 ᠵᠢ ᠭᠦᠨᠵᠡᠭᠡᠢ᠌ᠷᠡᠭᠦᠯᠵᠦ᠂ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠰᠦᠪᠡᠭᠴᠢᠯᠡᠨ᠂ ᠤᠯᠠᠮᠵᠢᠯᠠᠯᠲᠤ ᠠᠵᠢᠯ᠎ᠤᠨ ᠰᠡᠳᠬᠢᠴᠡ ᠵᠢ ᠡᠪᠳᠡᠵᠦ᠂ ᠬᠥᠮᠥᠡᠯᠢᠭ ᠬᠠᠮᠢᠶᠠᠷᠤᠯᠲᠠ ᠵᠢᠨ ᠪᠣᠳᠠᠲᠤ ᠦᠷ᠎ᠡ ᠪᠦᠲᠦᠮᠵᠢ ᠵᠢ ᠲᠤᠪᠤᠶ᠋ᠢᠯᠭ᠋ᠠᠨ᠂ ᠴᠡᠷᠢᠭᠵᠢᠭᠰᠡᠨ ᠵᠢᠷᠤᠮᠵᠢᠭᠰᠠᠨ ᠬᠠᠮᠢᠶᠠᠷᠤᠯᠲᠠ ᠵᠢ ᠴᠢᠩᠳᠠᠯᠠᠵᠤ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠠᠵᠢᠯ ᠦᠢ᠍ᠯᠡᠰ᠎ᠤᠨ ᠰᠡᠳᠬᠢᠯᠭᠡ᠎ᠪᠠᠷ ᠭᠢᠨᠳᠡᠨ ᠬᠤᠷᠢᠭᠤᠯ᠎ᠤᠨ ᠭᠠᠵᠠᠷ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠵᠢᠷᠭᠤᠭ᠋ᠠᠨ ᠵᠢᠯ ᠳᠠᠷᠠᠭ᠋ᠠᠯᠠᠨ ᠠᠮᠤᠷ ᠲᠦᠪᠰᠢᠨ᠎ᠤ ᠲᠠᠯ᠎ᠠ᠎ᠪᠠᠷ ᠡ᠊ᠨᠳᠡᠯ ᠦᠭᠡᠢ ᠪᠠᠶ᠋ᠢᠬᠤ ᠵᠢ ᠪᠡᠶᠡᠯᠡᠭᠦᠯᠪᠡ᠃
ᠨᠢᠭᠡ᠂ ᠣᠨᠣᠯᠵᠢᠬᠤᠨ᠎ᠤ ᠰᠢᠨ᠎ᠡ ᠵᠢ ᠡᠭᠦᠳᠴᠦ ᠰᠠᠭᠤᠷᠢ ᠵᠢ ᠪᠠᠬᠢᠵᠢᠭᠦᠯᠵᠦ᠂ ᠲᠡᠷᠢᠭᠦᠨ᠎ᠤ ᠬᠢᠨᠠᠨ ᠬᠠᠮᠢᠶᠠᠷᠬᠤ ᠨᠢᠭᠡᠴᠢ ᠵᠢ ᠪᠠᠢ᠌ᠭᠤᠯᠪᠠ᠃
(ᠨᠢᠭᠡ) ᠤᠳᠤᠷᠢᠳᠤᠯᠭ᠎ᠠ᠎ᠠᠴᠠ ᠰᠠᠭᠤᠷᠢ ᠠᠵᠢᠯ᠎ᠢ ᠴᠢᠬᠤᠯᠠᠴᠢᠯᠠᠵᠤ ᠴᠢᠩᠭ᠋ᠠᠷᠠᠭᠤᠯᠪᠠ᠃
(ᠬᠤᠶᠠᠷ) ᠴᠠᠭᠳᠠᠭ᠋ᠠᠨ᠎ᠤ ᠬᠦᠴᠦᠨ᠎ᠤ ᠣᠷᠣᠨ ᠲᠤᠭ᠎ᠠ ᠵᠢ ᠨᠠᠶ᠋ᠢᠳᠠᠪᠤᠷᠢᠵᠢᠭᠤᠯᠵᠤ᠂ ᠡᠩᠨᠡᠭᠡ ᠵᠢᠨ ᠪᠦᠲᠦᠴᠡ ᠵᠢ ᠰᠢᠯᠢᠳᠡᠭᠵᠢᠭᠦᠯᠪᠡ᠃
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠵᠤ᠂ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠵᠠᠭᠪᠤᠷ᠎ᠢ ᠪᠥᠬᠦ ᠲᠠᠯ᠎ᠠ᠎ᠪᠠᠷ ᠬᠡᠷᠡᠭᠵᠢᠭᠦᠯᠪᠡ᠃
ᠬᠤᠶᠠᠷ᠂ ᠬᠠᠮᠢᠶᠠᠷᠤᠯᠲᠠ ᠵᠢ ᠵᠢᠷᠤᠮᠵᠢᠭᠤᠯᠤᠨ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠭᠢᠨᠳᠠᠨ ᠬᠤᠷᠢᠭᠤᠯ᠎ᠤᠨ ᠭᠠᠵᠠᠷ᠎ᠢ ᠵᠢᠷᠤᠮᠵᠢᠭᠤᠯᠬᠤ ᠰᠢᠨ᠎ᠡ ᠬᠡᠪ ᠵᠠᠭᠪᠤᠷ᠎ᠢ ᠪᠣᠶ ᠪᠣᠯᠭ᠋ᠠᠪᠠ᠃
(ᠨᠢᠭᠡ) ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠴᠢᠩᠭ᠎ᠠ ᠠᠳᠬᠤᠵᠤ᠂ ᠬᠢᠨᠠᠨ ᠬᠠᠮᠢᠶᠠᠷᠬᠤ ᠠᠷᠠᠳ᠎ᠤᠨ ᠴᠠᠭᠳᠠᠭ᠎ᠠ ᠵᠢᠨ ᠬᠡᠪ ᠴᠢᠨᠠᠷ᠎ᠢ ᠳᠡᠭᠡᠭᠰᠢᠯᠡᠭᠦᠯᠪᠡ᠃
(ᠬᠤᠶᠠᠷ) ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠴᠢᠩᠳᠠᠯᠠᠵᠤ᠂ ᠬᠥᠮᠥᠡᠯᠢᠭ ᠬᠠᠮᠢᠶᠠᠷᠤᠯᠲᠠ ᠵᠢ ᠴᠢᠩᠭ᠋ᠠᠷᠠᠭᠤᠯᠪᠠ᠃
(ᠭᠤᠷᠪᠠ) ᠠᠵᠢᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠵᠢᠨ ᠠᠮᠤᠷ ᠲᠦᠪᠰᠢᠨ᠎ᠢ ᠦᠨᠡᠨ ᠬᠦ᠌ ᠪᠠᠳᠤᠯᠠᠪᠠ᠃