ᠨᠠᠮ᠎ᠤᠨ ᠪᠠᠢ᠌ᠭᠤᠯᠤᠯᠳᠠ ᠵᠢ ᠠᠬᠢᠭᠤᠯᠵᠤ᠂ ᠦᠨᠳᠦᠰᠦᠨ ᠱᠠᠳᠤᠨ᠎ᠤ ᠵᠠᠰᠠᠨ ᠴᠡᠭᠴᠡᠯᠡᠬᠦ ᠠᠵᠢᠯ᠎ᠢ ᠴᠢᠩᠭ᠋ᠠᠳᠬᠠᠨ᠂ ᠰᠢᠨ᠎ᠡ ᠴᠠᠭ ᠦᠶ᠎ᠡ ᠵᠢᠨ ᠹᠸᠡᠭ ᠴᠢᠶᠤᠤ ᠵᠢᠨ ᠲᠤᠷᠰᠢᠯᠭ᠎ᠠ ᠵᠢ ᠬᠡᠷᠡᠭᠵᠢᠭᠦᠯᠬᠦ ᠪᠠ ᠪᠠᠷᠢᠮᠳᠠᠯᠠᠬᠤ ᠵᠢᠨ ᠡᠭᠦᠳᠡᠨ᠎ᠠᠴᠠ ᠬᠡᠰᠢᠭᠳᠡᠨ ᠬᠤᠰᠢᠭᠤᠨ᠎ᠤ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠨᠢ 71 ᠴᠠᠭᠳᠠᠭ᠎ᠠ ᠵᠢ ᠭᠠᠴᠠᠭ᠎ᠠ ᠲᠤᠰᠬᠤᠨ᠎ᠳᠤ ᠲᠤᠰᠢᠶᠠᠯ ᠡᠭᠦᠷᠭᠡᠯᠡᠭᠦᠯᠦᠨ ᠳᠣᠮᠢᠯᠠᠵᠤ᠂ ᠠᠷᠠᠳ᠎ᠤᠨ ᠴᠠᠭᠳᠠᠭ᠎ᠠ ᠪᠠ ᠬᠠᠪᠰᠣᠷᠤᠭᠴᠢ ᠴᠠᠭᠳᠠᠭ᠎ᠠ ᠨᠠᠷ᠎ᠤᠨ ᠬᠤᠰᠢᠭᠤᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ ᠵᠢᠨ ᠠᠵᠢᠯ᠎ᠢ ᠤᠯᠠᠮ ᠨᠢᠭᠡ ᠠᠯᠬᠤᠮ ᠲᠠᠢ᠌ᠴᠢᠯᠠᠵᠤ᠂ ᠴᠠᠭᠳᠠᠭ᠎ᠠ ᠠᠷᠠᠳ᠎ᠤᠨ ᠬᠠᠷᠢᠴᠠᠭ᠎ᠠ ᠵᠢ ᠤᠯᠠᠮ ᠨᠢᠭᠳᠠᠷᠠᠭᠤᠯᠤᠨ᠂ ᠠᠷᠠᠳ ᠲᠦᠮᠡᠨ᠎ᠤ ᠠᠮᠤᠷ ᠲᠦᠪᠰᠢᠨ ᠪᠠ ᠬᠠᠨᠤᠮᠵᠢᠳᠠᠢ ᠪᠠᠢ᠌ᠬᠤ ᠰᠡᠳᠬᠢᠯᠭᠡ ᠵᠢ ᠨᠡᠮᠡᠭᠳᠡᠭᠦᠯᠵᠦ ᠴᠢᠳᠠᠪᠠ᠃

ᠴᠠᠭᠳᠠᠭ᠎ᠠ ᠨᠠᠷ ᠦᠨᠳᠦᠰᠦᠨ ᠱᠠᠳᠤᠨ᠎ᠳᠤ ᠪᠠᠭᠤᠭᠰᠠᠨ᠎ᠤ ᠲᠠᠷᠠᠭ᠎ᠠ ᠨᠡᠢ᠌ᠭᠡᠮ᠎ᠤᠨ ᠠᠮᠤᠷ ᠲᠤᠪᠰᠢᠨ ᠪᠠ ᠠᠷᠠᠳ᠎ᠤᠨ ᠦᠨᠳᠦᠰᠦᠨ ᠠᠰᠢᠭ ᠲᠤᠰᠠ᠎ᠳᠤ ᠬᠤᠯᠪᠤᠭᠳᠠᠬᠤ ᠠᠰᠠᠭᠤᠳᠠᠯ᠎ᠢ ᠡᠷᠦᠬᠡ ᠲᠠᠷᠠᠭ᠋ᠠᠯᠠᠨ ᠣᠢ᠌ᠯᠠᠭ᠋ᠠᠨ᠂ ᠬᠠᠤᠯᠢ ᠴᠠᠭ᠋ᠠᠵᠠ ᠵᠢᠨ ᠤᠬᠠᠭᠤᠯᠭ᠎ᠠ ᠬᠢᠵᠦ᠂ ᠵᠦᠷᠢᠴᠡᠯ ᠮᠦᠷᠭᠦᠯᠳᠦᠭᠡᠨ᠎ᠢ ᠲᠠᠷᠤᠢ ᠲᠦᠷᠭᠡᠨ ᠢᠯᠡᠷᠡᠭᠦᠯᠦᠨ ᠡᠬᠢ ᠡᠭᠦᠰᠦᠯ᠎ᠠᠴᠠ᠎ᠨᠢ ᠰᠢᠢ᠍ᠳᠪᠦᠷᠢᠯᠡᠵᠦ᠂ ᠬᠠᠭ᠋ᠠᠰ ᠵᠢᠯ ᠬᠤᠭᠤᠴᠠᠭ᠋ᠠᠨ᠎ᠳᠤ 145 ᠵᠦᠷᠢᠴᠡᠯ ᠮᠦᠷᠭᠦᠯᠳᠦᠭᠡᠨ᠎ᠲᠠᠢ ᠬᠡᠷᠡᠭ ᠤᠴᠢᠷ᠎ᠢ ᠶᠡᠬᠡᠰᠬᠦᠠᠴᠠᠨᠢ ᠡᠮᠦᠨ᠎ᠡ ᠰᠢᠢ᠍ᠳᠪᠦᠷᠢᠯᠡᠵᠦ᠂ ᠠᠷᠠᠳ᠎ᠤᠨ ᠲᠤᠰᠬᠠᠭᠰᠠᠨ ᠪᠤᠳᠠᠳᠠᠢ ᠠᠰᠠᠭᠤᠳᠠᠯ 40 ᠭᠠᠷᠤᠢ ᠵᠢ ᠲᠤᠬᠠᠢ ᠵᠢᠨ ᠲᠠᠯᠠᠪᠠᠢ᠎ᠳᠤ ᠬᠠᠷᠢᠭᠤᠯᠳᠠ ᠦᠭᠴᠦ᠂ ᠠᠷᠠᠳ᠎ᠤᠨ ᠰᠠᠨᠠᠯ ᠰᠠᠨᠠᠭᠤᠯᠭ᠎ᠠ ᠵᠢ ᠠᠷᠪᠠᠨ ᠬᠡᠳᠦᠨ ᠵᠤᠷᠪᠤᠰ ᠬᠦᠯᠢᠶᠡᠨ ᠠᠪᠴᠤ ᠰᠢᠢ᠍ᠳᠪᠦᠷᠢ ᠭᠠᠷᠭ᠋ᠠᠵᠦ ᠥᠭᠪᠡ᠃ ᠬᠠᠭ᠋ᠠᠰ ᠵᠢᠯ᠎ᠤᠨ ᠬᠤᠭᠤᠴᠠᠭ᠋ᠠᠨ᠎ᠳᠤ᠂ ᠨᠡᠢ᠌ᠳᠡ 9 ᠮᠢᠡᠭᠭ᠎ᠠ ᠢᠯᠡᠭᠦᠦ ᠶᠠᠪᠤᠭᠤᠯ ᠬᠦᠮᠦᠨ ᠠᠮᠠ ᠵᠢ ᠲᠠᠡᠭᠰᠠᠯᠠᠨ ᠲᠡᠮᠳᠡᠭᠯᠡᠵᠦ ᠪᠠᠢ᠌ᠳᠠᠯ᠎ᠢ᠎ᠨᠢ ᠤᠢ᠌ᠯᠠᠭ᠋ᠠᠵᠤ 《ᠬᠠᠮᠳᠤ᠎ᠪᠠᠷ ᠰᠡᠷᠭᠡᠢ᠌ᠯᠡᠵᠦ᠂ ᠬᠠᠮᠳᠤᠪᠡᠷ ᠴᠡᠭᠴᠡᠯᠡᠬᠦ》 ᠪᠦᠬᠦ ᠬᠤᠰᠢᠭᠤᠨ᠎ᠤ ᠠᠮᠤᠷ ᠲᠦᠪᠰᠢᠨ᠂ ᠡᠶ᠎ᠡ ᠵᠤᠬᠢᠴᠠᠯᠳᠤ ᠨᠡᠢ᠌ᠭᠡᠮ᠎ᠤᠨ ᠪᠠᠢ᠌ᠭᠤᠯᠤᠯᠳᠠ ᠵᠢ ᠠᠬᠢᠭᠤᠯᠪᠠ᠃ (ᠬᠡᠰᠢᠭᠳᠡᠨ ᠬᠤᠰᠢᠭᠤᠨ᠎ᠤ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠰᠤᠨᠵᠠᠶᠠᠭ᠎ᠠ ᠮᠡᠳᠡᠭᠡᠯᠡᠪᠡ)