ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠠᠤᠬᠠᠨ ᠬᠤᠰᠢᠭᠤᠨ᠎ᠤ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ᠎ᠤᠨ ᠣᠯᠠᠨ ᠠᠷᠭ᠎ᠠ ᠬᠡᠮᠵᠢᠶ᠎ᠡ᠎ᠨᠢ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2023-08-01

      ᠡᠨᠡ ᠵᠢᠯ᠎ᠠᠴᠠ ᠨᠠᠭ᠋ᠠᠰᠢ᠂ ᠤᠯᠠᠭ᠋ᠠᠨᠬᠠᠳᠠ ᠬᠤᠲᠠ ᠵᠢᠨ ᠠᠤᠬᠠᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠵᠢᠨ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ 《ᠠᠷᠠᠳ ᠲᠦᠮᠡᠨ ᠵᠶ᠋ᠠᠷ ᠭᠤᠤᠯ ᠪᠣᠯᠭ᠋ᠠᠬᠤ》 ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠣᠶ ᠪᠣᠯᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠠᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠠᠷᠠᠳ ᠣᠯᠠᠨ᠎ᠤ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠪᠡ᠃

微信图片_20230718150759.jpg   


     ᠨᠢᠭᠡ᠎ᠳᠤ 《ᠨᠢᠭᠡ ᠴᠣᠩᠬᠤᠪᠴᠢ᠎ᠪᠠᠷ ᠨᠡᠶ᠋ᠢᠳᠡᠮ ᠭᠦᠢ᠍ᠴᠡᠳᠭᠡᠬᠦ》 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠭᠡᠬᠦ》 ᠵᠢ ᠬᠡᠷᠡᠭᠵᠢᠭᠦᠯᠵᠦ᠂ ᠣᠯᠠᠨ ᠲᠦᠮᠡᠨ᠎ᠳᠤ ᠨᠢᠭᠡ ᠯᠡ ᠤᠳᠠᠭ᠎ᠠ ᠳᠡᠭᠡᠷ᠎ᠡ ᠰᠢᠢ᠍ᠳᠪᠦᠷᠢᠯᠡᠨ ᠥᠭᠴᠦ᠂ ᠳᠠᠬᠢᠨ ᠳᠠᠪᠲᠠᠨ ᠭᠠᠷ ᠭᠦᠢ᠍ᠴᠡᠳᠭᠡᠯ᠎ᠢ ᠦᠭᠡᠢ᠌ᠰᠭᠡᠪᠡ᠃ ᠲᠡᠷᠭᠡ ᠬᠠᠮᠢᠶᠠᠷᠬᠤ ᠭᠠᠵᠠᠷ᠎ᠨᠢ ᠠᠵᠢᠯ ᠶᠠᠪᠤᠳᠠᠯ ᠭᠦᠢ᠍ᠴᠡᠳᠭᠡᠬᠦ ᠴᠤᠪᠤᠷᠠᠯ ᠵᠶ᠋ᠠᠨ ᠰᠢᠯᠢᠳᠡᠭᠵᠢᠭᠦᠯᠵᠦ᠂ ᠲᠤᠬᠠᠶ᠋ᠢᠯᠠᠭᠰᠠᠨ ᠠᠵᠢᠯ᠎ᠤᠨ ᠭᠦᠢ᠍ᠴᠡᠳᠭᠡᠬᠦ ᠴᠣᠩᠬᠤᠪᠴᠢ᠂ ᠲᠡᠷᠭᠡ ᠬᠥᠰᠬᠡ ᠵᠢᠨ ᠳᠡᠩᠰᠡᠯᠡᠨ ᠲᠡᠮᠳᠡᠭᠯᠡᠬᠦ ᠭᠤᠳᠤᠮ᠂ ᠦᠢ᠍ᠯᠡᠴᠢᠯᠡᠭᠡᠨ᠎ᠤ ᠬᠥᠲᠥᠯᠦᠨ ᠭᠦᠢ᠍ᠴᠡᠳᠭᠡᠬᠦ ᠪᠠᠷᠢᠮᠵᠢᠶᠠᠲᠤ ᠠᠷᠭ᠎ᠠ ᠠᠪᠴᠠᠯ᠎ᠢ ᠬᠡᠷᠡᠭᠵᠢᠭᠦᠯᠵᠦ᠂ 《ᠵᠠᠮ ᠬᠠᠷᠢᠯᠴᠠᠭ᠎ᠠ ᠵᠢᠨ ᠬᠠᠮᠢᠶᠠᠷᠤᠯᠲᠠ 12123》 ᠢᠨᠲ᠋ᠧᠷ ᠰᠦᠯᠵᠢᠶᠡᠨ᠎ᠤ ᠲᠠᠪᠴᠠᠩ᠎ᠳᠤ ᠲᠦᠰᠢᠭᠯᠡᠨ ᠠᠵᠢᠯ ᠶᠠᠪᠤᠳᠠᠯ ᠭᠦᠢ᠍ᠴᠡᠳᠭᠡᠬᠦ ᠲᠡᠷᠭᠡᠨ᠎ᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ 《ᠨᠢᠭᠡ ᠤᠳᠠᠭ᠎ᠠ᠎ᠳᠤ ᠵᠢᠭᠰᠠᠭ᠋ᠠᠵᠤ᠂ ᠨᠢᠭᠡ ᠤᠳᠠᠭ᠎ᠠ᠎ᠳᠤ ᠭᠦᠢ᠍ᠴᠡᠳᠭᠡᠵᠦ ᠳᠠᠭᠤᠰᠬᠠᠬᠤ》 ᠵᠢ ᠪᠡᠶᠡᠯᠡᠭᠦᠯᠪᠡ᠃

 微信图片_20230718151130.jpg  


     ᠬᠤᠶᠠᠷ᠎ᠲᠤ᠂ ᠡᠷᠬᠡ ᠵᠢ ᠳᠣᠷᠣᠭᠰᠢ ᠲᠠᠯᠪᠢᠵᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠣᠯᠠᠨ ᠲᠦᠮᠡᠨ᠎ᠳᠤ ᠨᠠᠩ ᠰᠢᠯᠢᠳᠡᠭ ᠦᠢ᠍ᠯᠡᠴᠢᠯᠡᠭᠡᠨ᠎ᠤ ᠣᠷᠴᠢᠨ ᠲᠣᠭᠤᠷᠢᠨ᠎ᠢ ᠮᠡᠳᠡᠷᠡᠭᠦᠯᠪᠡ᠃ ᠮᠠᠰᠢᠨ ᠲᠡᠷᠭᠡᠨ᠎ᠤ ᠬᠠᠮᠢᠶᠠᠷᠤᠯᠲᠠ ᠵᠢᠨ ᠭᠠᠵᠠᠷ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠠᠷᠠᠳ᠎ᠲᠤ ᠲᠥᠬᠦᠮ ᠦᠵᠡᠭᠦᠯᠬᠦ ᠲᠥᠷᠥ ᠵᠢᠨ ᠪᠣᠳᠣᠯᠭ᠎ᠠ ᠵᠢ ᠭᠦᠨᠵᠡᠭᠡᠶ ᠠᠬᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠥᠷᠲᠡᠭᠡ ᠵᠢ ᠨᠡᠶ᠋ᠢᠲᠡ 3 ᠪᠠᠶ᠋ᠢᠭᠤᠯᠵᠤ᠂ ᠮᠠᠰᠢᠨᠲᠤ ᠲᠡᠷᠭᠡᠨ᠎ᠤ ᠲᠤᠬᠠᠶ᠋ᠢᠯᠠᠭᠰᠠᠨ ᠠᠵᠢᠯ᠎ᠤᠨ ᠵᠢᠵᠢᠭ ᠬᠡᠯᠪᠡᠷᠢ ᠵᠢᠨ ᠮᠠᠰᠢᠨᠲᠤ ᠲᠡᠷᠭᠡ ᠵᠢ ᠳᠡᠩᠰᠡᠯᠡᠨ ᠲᠡᠮᠳᠡᠭᠯᠡᠬᠦ ᠲᠤᠬᠠᠶ᠋ᠢᠯᠠᠭᠰᠠᠨ ᠠᠵᠢᠯ᠂ ᠰᠢᠯᠵᠢᠭᠦᠯᠦᠨ ᠳᠡᠩᠰᠡᠯᠡᠨ ᠲᠡᠮᠳᠡᠭᠯᠡᠬᠦ ᠲᠤᠬᠠᠶ᠋ᠢᠯᠠᠭᠰᠠᠨ ᠠᠵᠢᠯ ᠵᠡᠷᠭᠡ 12 ᠵᠦᠢ᠍ᠯ᠎ᠤᠨ ᠡᠷᠬᠡ ᠵᠢᠨ ᠬᠢᠵᠠᠭ᠋ᠠᠷ᠎ᠢ ᠳᠣᠷᠣᠭᠰᠢ ᠲᠠᠯᠪᠢᠵᠤ᠂ ᠣᠯᠠᠨ ᠲᠦᠮᠡᠨ᠎ᠤ ᠣᠶ᠋ᠢᠷ᠎ᠠ ᠬᠠᠪᠢ᠎ᠳᠤ᠎ᠪᠠᠨ ᠭᠦᠢ᠍ᠴᠡᠳᠭᠡᠬᠦ᠎ᠳᠤ ᠲᠥᠬᠦᠮ ᠦᠵᠡᠭᠦᠯᠪᠡ᠃

微信图片_20230718153145.jpg   


     ᠭᠤᠷᠪᠠ᠎ᠳᠤ᠂ ᠠᠷᠭ᠎ᠠ ᠵᠠᠮ᠎ᠢ ᠰᠢᠯᠤᠭᠤᠳᠬᠠᠨ ᠰᠤᠷᠲᠠᠯ᠎ᠢ ᠰᠠᠶ᠋ᠢᠵᠢᠷᠠᠭᠤᠯᠵᠤ᠂ ᠣᠯᠠᠨ ᠲᠦᠮᠡᠨ᠎ᠳᠤ ᠲᠠᠭ᠋ᠠᠰᠢᠶᠠᠭᠳᠠᠭᠰᠠᠨ ᠦᠢ᠍ᠯᠡᠴᠢᠯᠡᠭᠡ ᠵᠢ ᠪᠣᠶ ᠪᠣᠯᠭ᠋ᠠᠪᠠ᠃ ᠴᠠᠭ ᠵᠥᠷᠢᠭᠦᠯᠦᠨ ᠦᠢ᠍ᠯᠡᠴᠢᠯᠡᠬᠦ᠂ ᠬᠤᠶ᠋ᠢᠰᠢᠯᠠᠭᠤᠯᠤᠨ ᠦᠢ᠍ᠯᠡᠴᠢᠯᠡᠬᠦ᠂ ᠭᠡᠷ᠎ᠲᠤ᠎ᠨᠢ ᠬᠦᠷᠴᠦ ᠦᠢ᠍ᠯᠡᠴᠢᠯᠡᠬᠦ ᠵᠢ ᠪᠠᠷᠢᠮᠲᠠᠯᠠᠪᠠ᠃ 《ᠣᠯᠠᠨ ᠲᠦᠮᠡᠨ ᠠᠵᠢᠯ᠎ᠠᠴᠠ᠎ᠪᠠᠨ ᠪᠠᠭᠤᠪᠠᠯ ᠪᠢ ᠠᠵᠢᠯᠯᠠᠵᠤ᠂ ᠣᠯᠠᠨ ᠲᠦᠮᠡᠨ ᠠᠮᠠᠷᠠᠪᠠᠯ ᠪᠢ ᠵᠢᠵᠢᠭᠦᠷᠯᠡᠬᠦ》 ᠦᠢ᠍ᠯᠡᠴᠢᠯᠡᠭᠡᠨ᠎ᠤ ᠠᠮᠠᠯᠠᠯᠲᠠ ᠵᠢ ᠦᠢ᠍ᠯᠡᠳᠦᠯᠭᠡᠵᠢᠭᠦᠯᠵᠦ᠂ ᠣᠯᠠᠨ ᠲᠦᠮᠡᠨ᠎ᠳᠤ ᠡᠯ᠎ᠡ ᠵᠦᠢ᠍ᠯ᠎ᠤᠨ ᠲᠡᠷᠭᠡ ᠵᠢᠯᠣᠭᠤᠳᠬᠤ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠪᠡ᠃

 

ᠢᠷᠡᠯᠲᠡ᠄ ᠤᠯᠠᠭ᠋ᠠᠨᠬᠠᠳᠠ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ