ᠡᠨᠡ ᠵᠢᠯ᠎ᠠᠴᠠ ᠨᠠᠭ᠋ᠠᠰᠢ᠂ ᠡᠷᠭᠦᠨ᠎ᠡ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠍ᠷᠡᠭᠦᠯᠵᠦ᠂ 《ᠵᠢᠭᠤᠯᠴᠢᠯᠠᠭᠰᠠᠳ᠎ᠢ ᠬᠠᠮᠠᠭ᠋ᠠᠯᠠᠬᠤ ᠴᠠᠭᠳᠠᠭ᠋ᠠᠨ᠎ᠤ ᠶᠠᠪᠤᠳᠠᠯ》᠎ᠢ ᠶᠡᠬᠡᠪᠡᠷ ᠬᠡᠷᠡᠭᠵᠢᠭᠦᠯᠵᠦ᠂ ᠬᠠᠷᠢᠶ᠎ᠠ ᠲᠣᠭᠣᠷᠢᠭ᠎ᠤᠨ ᠭᠣᠣᠯᠳᠠᠯᠭ᠎ᠠ᠎ᠲᠠᠢ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ 《ᠤᠮᠠᠷᠠᠲᠤ ᠬᠢᠯᠢ · ᠪᠠᠷᠠᠭᠤᠨ ᠡᠷᠭᠢ》 ᠵᠢᠨ ᠲᠦᠷᠭᠡᠨ ᠴᠠᠭᠳᠠᠭ᠎ᠠ ᠵᠢᠨ ᠥᠷᠲᠡᠭᠡ ᠪᠠᠢ᠌ᠭᠤᠯᠵᠤ᠂ 《ᠦᠵᠡᠮᠵᠢ ᠵᠢᠨ ᠳᠤᠮᠳᠠ ᠴᠠᠭᠳᠠᠭ᠎ᠠ᠎ᠲᠠᠢ᠂ ᠳᠣᠲᠣᠭ᠋ᠠᠳᠤ ᠵᠢ ᠬᠠᠮᠠᠭ᠋ᠠᠯᠠᠬᠤ ᠵᠢᠭᠤᠯᠴᠢᠯᠠᠭᠰᠠᠳ᠎ᠢ ᠬᠠᠮᠠᠭ᠋ᠠᠯᠠᠬᠤ》 ᠵᠢᠨ ᠴᠠᠭᠳᠠᠭ᠋ᠠᠨ᠎ᠤ ᠶᠠᠪᠤᠳᠠᠯ᠎ᠤᠨ ᠲᠣᠭᠲᠠᠴᠠ ᠵᠢᠨ ᠥᠭᠡᠷᠡᠴᠢᠯᠡᠯᠲᠡ ᠵᠢᠨ ᠰᠢᠨ᠎ᠡ ᠵᠢ ᠡᠭᠦᠳᠴᠦ᠂ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠵᠢᠨ ᠦᠨᠡᠨᠴᠢ ᠰᠡᠳᠭᠢᠯ ᠵᠶ᠋ᠠᠷ ᠬᠣᠲᠠ ᠵᠢᠨ ᠳᠦᠷᠢ ᠲᠥᠷᠬᠦ ᠵᠢ ᠵᠢᠷᠤᠭᠯᠠᠪᠠ᠃
ᠡᠨᠡ ᠵᠢᠯ᠎ᠤᠨ 7 ᠳ᠋ᠤᠭ᠋ᠠᠷ ᠰᠠᠷ᠎ᠠ ᠵᠢᠨ 1᠎ᠤ ᠡᠳᠦᠷ ᠡᠷᠭᠦᠨ᠎ᠡ ᠨᠤᠭᠤ ᠭᠠᠵᠠᠷ᠎ᠤᠨ ᠦᠵᠡᠮᠵᠢ ᠵᠢᠨ ᠣᠷᠣᠨ᠂ ᠡᠷᠭᠦᠨ᠎ᠡ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠦᠵᠡᠮᠵᠢ ᠵᠢᠨ ᠣᠷᠣᠨ᠂ ᠴᠠᠭ᠋ᠠᠨ ᠬᠤᠰᠤᠨ ᠣᠢ ᠵᠢᠨ ᠦᠵᠡᠮᠵᠢ ᠵᠢᠨ ᠣᠷᠣᠨ ᠵᠡᠷᠭᠡ ᠭᠤᠷᠪᠠᠨ ᠲᠦᠷᠭᠡᠨ ᠴᠠᠭᠳᠠᠭ᠋ᠠᠨ᠎ᠤ ᠥᠷᠲᠡᠭᠡ ᠵᠢᠩᠬᠢᠨᠢ᠎ᠪᠠᠷ ᠠᠰᠢᠭᠯᠠᠯᠲᠠ᠎ᠳᠤ ᠣᠷᠤᠭᠰᠠᠨ᠎ᠠᠴᠠ ᠨᠠᠭ᠋ᠠᠰᠢ᠂ ᠡᠷᠭᠦᠨ᠎ᠡ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠤᠮᠠᠷᠠᠲᠤ ᠬᠢᠯᠢ · ᠪᠠᠷᠠᠭᠤᠨ ᠡᠷᠭᠢ ᠵᠢᠨ ᠲᠦᠷᠭᠡᠨ ᠴᠠᠭᠳᠠᠭ᠎ᠠ ᠵᠢᠨ ᠥᠷᠲᠡᠭᠡ》 ᠵᠢᠨ ᠦᠨᠳᠦᠰᠦᠨ ᠱᠠᠲᠤᠨ᠎ᠤ ᠨᠡᠢ᠍ᠭᠡᠮ᠎ᠤᠨ ᠵᠠᠰᠠᠯᠲᠠ ᠵᠢᠨ ᠰᠢᠨ᠎ᠡ ᠵᠠᠭᠪᠤᠷ᠎ᠤᠨ ᠲᠣᠭᠣᠷᠢᠨ᠎ᠳᠤ᠂ ᠠᠵᠢᠯ᠎ᠤᠨ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠴᠡᠪᠡᠷᠰᠢᠭᠦᠯᠵᠦ᠂ ᠵᠢᠭᠤᠯᠴᠢᠯᠠᠭᠰᠠᠳ᠎ᠲᠤ ᠨᠢᠭᠡ ᠦᠷᠳᠡᠭᠡᠴᠢᠯᠡᠭᠰᠡᠨ ᠮᠠᠶ᠋ᠢᠭ᠎ᠤᠨ ᠦᠢ᠍ᠯᠡᠴᠢᠯᠡᠭᠡ ᠬᠠᠩᠭ᠋ᠠᠪᠠ᠃ ᠣᠳᠣᠬᠠᠨ ᠪᠣᠯᠲᠠᠯ᠎ᠠ ᠲᠦᠷᠭᠡᠨ ᠴᠠᠭᠳᠠᠭ᠋ᠠᠨ᠎ᠤ ᠥᠷᠲᠡᠭᠡ ᠨᠡᠶ᠋ᠢᠲᠡ 113 ᠲᠦᠭᠰᠢᠭᠦᠷᠢ ᠮᠡᠳᠡᠭᠦᠯᠦᠯᠳᠡ ᠵᠢ ᠭᠥᠯᠢᠶᠡᠨ ᠠᠪᠴᠤ᠂ ᠵᠢᠭᠤᠯᠴᠢᠯᠠᠯ᠎ᠳᠤ ᠬᠤᠯᠪᠣᠭᠳᠠᠭᠰᠠᠨ 4 ᠬᠡᠷᠡᠭ᠎ᠢ ᠰᠢᠢ᠍ᠳᠪᠦᠷᠢᠯᠡᠨ᠂ 28 ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠵᠦ᠂ 81 ᠵᠤᠭ᠋ᠠᠴᠠᠭᠰᠠᠳ᠎ᠤᠨ ᠲᠤᠰᠠᠯᠠᠮᠵᠢ ᠭᠤᠶᠤᠭᠰᠠᠨᠢ ᠬᠠᠪᠰᠤᠷᠤᠨ ᠰᠢᠢ᠍ᠳᠪᠦᠷᠢᠯᠡᠪᠡ; ᠵᠤᠭ᠋ᠠᠴᠠᠭᠰᠠᠳ᠎ᠤᠨ ᠭᠠᠷ ᠤᠲᠠᠰᠤ 6᠂ ᠰᠡᠭᠦᠳᠡᠷᠯᠡᠬᠦ ᠮᠠᠰᠢᠨ 3᠂ ᠵᠢᠯᠣᠭᠤᠴᠢ ᠦᠭᠡᠢ ᠨᠢᠰᠬᠡᠯ 2 ᠵᠢᠴᠢ ᠡᠭᠦᠷᠬᠦ ᠪᠣᠭᠴᠣ ᠪᠠ ᠵᠣᠭᠤᠰ᠎ᠤᠨ ᠴᠥᠩᠬᠦ ᠵᠢ 10 ᠭᠠᠷᠤᠶ ᠡᠷᠢᠨ ᠠᠪᠴᠢᠷᠠᠵᠤ᠂ 20 ᠲᠦᠮᠡᠨ ᠲᠥᠭᠦᠷᠢᠭ᠎ᠤᠨ ᠬᠤᠬᠢᠷᠠᠯ᠎ᠠᠴᠠ ᠵᠠᠢ᠌ᠯᠠᠭᠤᠯᠪᠠ; ᠲᠦᠷᠭᠡᠨ ᠴᠢᠨᠠᠷᠲᠠᠢ ᠵᠢᠷᠦᠬᠡᠨ ᠲᠦᠭᠵᠢᠷᠡᠯ᠎ᠤᠨ ᠨᠢᠭᠡᠨ ᠡᠪᠡᠳᠴᠢᠲᠡᠨ᠎ᠳᠤ ᠰᠠᠭ᠋ᠠᠳ ᠦᠭᠡᠢ ᠨᠡᠪᠳᠡᠷᠡᠬᠦ ᠵᠠᠮ ᠨᠡᠭᠡᠭᠡᠵᠦ ᠥᠭᠪᠡ; 7 ᠬᠤᠪᠢ ᠲᠠᠯᠠᠷᠬᠠᠯ᠎ᠤᠨ ᠵᠠᠬᠢᠳᠠᠯ ᠪᠠ 3 ᠬᠤᠪᠢ ᠬᠡᠮᠡᠷᠯᠢᠭ ᠲᠤᠭ᠎ᠢ ᠲᠤᠰᠴᠤ᠂ ᠥᠷᠭᠡᠨ ᠤᠯᠠᠨ ᠵᠤᠭ᠋ᠠᠴᠠᠭᠰᠠᠳ᠎ᠤᠨ ᠥᠨᠲᠦᠷ ᠦᠨᠡᠯᠡᠯᠳᠡ ᠵᠢ ᠣᠯᠪᠠ᠃
ᠠᠷᠠᠳ᠎ᠤᠨ ᠴᠠᠭᠳᠠᠭ᠎ᠠ ᠠᠷᠠᠳ ᠲᠦᠮᠡᠨ᠎ᠤ ᠳᠤᠮᠳᠠ᠎ᠠᠴᠠ ᠢᠷᠡᠵᠦ᠂ ᠠᠷᠠᠳ ᠲᠦᠮᠡᠨ᠎ᠤ ᠳᠤᠮᠳᠠ ᠰᠠᠭᠤᠷᠢᠯᠠᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠪᠣᠯ ᠠᠷᠠᠳ᠎ᠤᠨ ᠴᠠᠭᠳᠠᠭ᠎ᠠ ᠵᠢᠨ ᠮᠥᠨ ᠴᠢᠨᠠᠷ ᠮᠥᠨ᠃ ᠡᠷᠭᠦᠨ᠎ᠡ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠷᠭᠦᠯᠵᠢᠯᠡᠨ ᠬᠠᠷᠢᠶᠠᠲᠤ ᠣᠷᠣᠨ᠎ᠤ ᠪᠠᠢ᠌ᠳᠠᠯ᠎ᠤᠨ ᠣᠨᠴᠠᠯᠢᠭᠲᠤ ᠰᠠᠭᠤᠷᠢᠯᠠᠨ᠂ ᠴᠠᠭᠳᠠᠭ᠋ᠠᠨ᠎ᠤ ᠶᠠᠪᠤᠳᠠᠯ᠎ᠤᠨ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠦᠬᠦ ᠤᠯᠤᠰ᠎ᠤᠨ ᠬᠠᠮᠤᠭ᠎ᠤᠨ ᠠᠮᠤᠷ ᠲᠥᠪᠰᠢᠨ ᠵᠢᠭᠤᠯᠴᠢᠯᠠᠯ᠎ᠤᠨ ᠬᠣᠲᠠ ᠵᠢ ᠪᠠᠢ᠌ᠭᠤᠯᠬᠤ᠎ᠪᠠᠷ ᠲᠡᠮᠡᠴᠡᠬᠦ ᠬᠠᠷᠠᠯᠲᠠ᠎ᠪᠠᠨ ᠪᠣᠯᠭ᠋ᠠᠵᠤ᠂
《ᠤᠮᠠᠷᠠᠲᠤ ᠬᠢᠯᠢ · ᠪᠠᠷᠠᠭᠤᠨ ᠡᠷᠭᠢ》 ᠵᠢᠨ ᠲᠦᠷᠭᠡᠨ ᠴᠠᠭᠳᠠᠭ᠎ᠠ ᠵᠢᠨ ᠥᠷᠲᠡᠭᠡ ᠵᠢᠨ ᠪᠠᠢ᠍ᠭᠤᠯᠤᠯᠲᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠤᠰ ᠬᠣᠲᠠ ᠵᠢᠨ ᠵᠢᠭᠤᠯᠴᠢᠯᠠᠯ᠎ᠤᠨ ᠠᠵᠤ ᠠᠬᠤᠢ ᠵᠢᠨ ᠴᠢᠨᠠᠷ ᠰᠠᠢ᠍ᠲᠠᠢ ᠬᠥᠭᠵᠢᠯᠲᠡ ᠵᠢ ᠬᠠᠮᠠᠭ᠋ᠠᠯᠠᠰᠤᠭ᠋ᠠᠢ᠃