ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠣᠲᠤᠭ᠎ᠤᠨ ᠡᠮᠦᠨᠡᠲᠦ ᠬᠤᠰᠢᠭᠤᠨ᠎ᠤ ᠲᠣᠲᠣᠭ᠋ᠠᠳᠦ ᠵᠢ ᠬᠠᠮᠠᠭ᠋ᠠᠯᠠᠬᠤ ᠳᠣᠪᠴᠢᠶᠠᠨ᠎ᠤ 《ᠴᠠᠭᠳᠠᠭ᠋ᠠᠨ ᠬᠤᠸᠠᠷᠠᠨ᠎ᠤ ᠬᠡᠥᠬᠡᠳ᠎ᠤᠨ ᠴᠡᠴᠡᠷᠯᠢᠭ》᠎ᠤᠨ ᠵᠣᠨ᠎ᠤ ᠠᠮᠠᠷᠠᠯᠲᠡ ᠵᠢᠨ ᠠᠩᠬᠢ ᠠᠮᠵᠢᠯᠲᠠ᠎ᠪᠠᠷ ᠰᠣᠷᠣᠯᠭ᠎ᠠ᠎ᠪᠠᠨ ᠲᠡᠭᠦᠰᠭᠡᠯ᠎ᠡ
ᠨᠡᠶ᠋ᠢᠲᠡᠯᠡᠭᠰᠡᠨ ᠴᠠᠭ᠄ 2023-09-26

     8 ᠳ᠋ᠣᠭ᠋ᠠᠷ ᠰᠠᠷ᠎ᠠ ᠵᠢᠨ 25᠎ᠤ ᠡᠳᠦᠷ᠂ ᠨᠢᠭᠡ ᠰᠠᠷ᠎ᠠ ᠵᠢᠨ ᠬᠤᠭᠤᠴᠠᠭ᠎ᠠ᠎ᠲᠠᠢ ᠥᠷᠭᠦᠯᠵᠢᠯᠡᠭᠰᠡᠨ 40 ᠰᠣᠷᠣᠭᠴᠢ᠎ᠪᠠᠷ ᠪᠥᠷᠢᠯᠳᠥᠭᠰᠡᠨ 《ᠴᠠᠭᠳᠠᠭ᠋ᠠᠨ ᠬᠤᠸᠠᠷᠠᠨ᠎ᠤ ᠬᠡᠥᠬᠡᠳ᠎ᠤᠨ ᠴᠡᠴᠡᠷᠯᠢᠭ》᠎ᠤᠨ ᠵᠣᠨ᠎ᠤ ᠠᠮᠠᠷᠠᠯᠲᠡ ᠵᠢᠨ ᠠᠩᠬᠢ ᠠᠮᠵᠢᠯᠲᠡ᠎ᠲᠠᠢ᠎ᠪᠠᠷ ᠰᠣᠷᠣᠯᠭ᠎ᠠ᠎ᠪᠠᠨ ᠲᠡᠭᠦᠰᠭᠡᠯ᠎ᠡ᠃

IMG_3390_164747[1].jpg  


     ᠣᠲᠤᠭ᠎ᠤᠨ ᠡᠮᠣᠨᠡᠲᠦ ᠬᠤᠰᠢᠭᠤᠨ᠎ᠤ ᠲᠣᠲᠣᠭ᠋ᠠᠳᠦ᠎ᠢ ᠬᠠᠮᠠᠭ᠋ᠠᠯᠠᠬᠤ ᠳᠣᠪᠴᠢᠶᠠᠨ᠎ᠤ᠎ᠬᠢᠨ 2021 ᠣᠨ᠎ᠳᠤ ᠲᠣᠰᠬᠠᠶ᠋ᠢᠯᠠᠨ ᠠᠷᠠᠳ᠎ᠤᠨ ᠴᠠᠭᠳᠠᠭ᠎ᠠ᠂ ᠬᠠᠪᠰᠦᠷᠣᠭᠴᠢ ᠴᠠᠭᠳᠠᠭ᠋ᠠᠨ ᠨᠠᠷ᠎ᠤᠨ ᠠᠵᠢᠯ᠎ᠤᠨ ᠶᠠᠭ᠋ᠠᠷᠠᠤ᠎ᠠᠴᠠ ᠪᠣᠯᠵᠣ ᠡᠪᠥᠯ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠥᠪᠡᠷ᠎ᠤᠨ ᠬᠡᠥᠬᠡᠳ ᠵᠶ᠋ᠠᠨ ᠬᠠᠷᠠᠭ᠋ᠠᠯᠵᠠᠵᠣ ᠳᠡᠶ᠋ᠢᠯᠬᠦ ᠦᠭᠡᠢ ᠪᠠᠶ᠋ᠢᠬᠤ ᠪᠣᠳᠠᠳᠠᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ 《ᠴᠠᠭᠳᠠᠭ᠋ᠠᠨ ᠬᠤᠸᠠᠷᠠᠨ᠎ᠤ ᠬᠡᠥᠬᠡᠳ᠎ᠤᠨ ᠴᠡᠴᠡᠷᠯᠢᠭ》᠎ᠢ ᠪᠠᠶ᠋ᠢᠭᠤᠯᠵᠣ᠂ ᠲᠣᠰᠬᠠᠶ᠋ᠢᠯᠠᠨ ᠬᠡᠥᠬᠡᠳ᠎ᠤᠨ ᠰᠣᠷᠭ᠋ᠠᠨ ᠬᠦᠮᠥᠵᠢᠯ᠎ᠤᠨ ᠲᠠᠯ᠎ᠠ᠎ᠪᠠᠷ ᠲᠣᠷᠰᠢᠯᠭ᠎ᠠ ᠦᠨᠳᠥᠷ ᠲᠣᠰᠬᠠᠢ ᠮᠡᠷᠭᠡᠵᠢᠯ᠎ᠤᠨ ᠬᠤᠶᠠᠷ ᠪᠠᠭᠰᠢ ᠵᠢ ᠣᠷᠢᠨ ᠠᠪᠴᠢᠷᠠᠵᠣ᠂ ᠵᠢᠭ᠋ᠠᠨ ᠵᠢᠯᠣᠭᠤᠳᠣᠭᠤᠯᠵᠣ᠂ ᠴᠡᠴᠡᠷᠯᠢᠭ᠎ᠲᠤ ᠵᠢᠷᠤᠭ᠎ᠤᠨ ᠲᠡᠪᠲᠡᠷ᠂ ᠲᠣᠭᠯᠠᠭ᠋ᠠᠮ᠂ ᠣᠶᠣᠨ᠎ᠢ ᠨᠡᠬᠡᠭᠡᠭᠳᠡᠭᠦᠯᠬᠦ᠂ ᠵᠣᠬᠢᠶᠠᠨ ᠪᠥᠲᠥᠭᠡᠬᠦ᠂ ᠵᠢᠷᠤᠭ ᠵᠢᠷᠣᠬᠤ ᠵᠡᠷᠭᠡ ᠬᠥᠳᠡᠯᠭᠡᠭᠡᠨ᠎ᠤ ᠲᠣᠭᠤᠷᠢᠭ᠎ᠢ ᠪᠠᠶ᠋ᠢᠷᠢᠯᠠᠭᠤᠯᠵᠣ᠂ ᠣᠯᠠᠨ ᠲᠠᠯ᠎ᠠ ᠵᠢᠨ ᠥᠩᠭᠡ ᠣᠨᠴᠠᠯᠢᠭ᠎ᠲᠠᠢ ᠬᠡᠥᠬᠡᠳ ᠪᠠᠭ᠋ᠠᠴᠦᠳ᠎ᠤᠨ ᠬᠦᠳᠡᠯᠭᠡᠭᠡᠨ᠎ᠳᠤ ᠣᠷᠥᠯᠴᠠᠭᠤᠯᠵᠣ᠂ ᠬᠡᠥᠬᠡᠳ ᠨᠢᠭᠡᠪᠦᠷᠢ ᠵᠢ ᠲᠣᠭᠯᠠᠭ᠋ᠠᠮ ᠨᠠᠭ᠋ᠠᠳᠥᠮ ᠵᠶ᠋ᠡᠷ ᠳᠠᠮᠵᠢᠨ ᠪᠢᠯᠢᠭ ᠣᠶᠣᠨ᠎ᠢ ᠰᠠᠢ᠌ᠵᠢᠷᠠᠭᠤᠯᠬᠤ᠂ ᠰᠢᠨ᠎ᠡ ᠮᠡᠳᠡᠯᠭᠡ ᠴᠢᠳᠠᠪᠣᠷᠢ ᠰᠣᠷᠣᠯᠴᠠᠬᠤ᠂ ᠬᠠᠯᠠᠭᠤᠨ ᠳᠣᠯᠠᠭ᠋ᠠᠨ᠂ ᠰᠣᠨᠢᠷᠬᠠᠯᠲᠠᠢ᠂ ᠪᠠᠶᠠᠯᠢᠭ ᠰᠠᠶ᠋ᠢᠬᠠᠨ ᠠᠮᠢᠳᠣᠷᠠᠯ᠎ᠤᠨ ᠣᠷᠴᠢᠨ᠎ᠢ ᠪᠣᠢ ᠪᠣᠯᠭ᠋ᠠᠵᠣ ᠥᠭᠪᠡ᠃

IMG_3391_164732[1].jpg    


      ᠡᠳᠥᠭᠡ ᠪᠣᠯᠲᠠᠯ᠎ᠠ᠂ ᠣᠲᠤᠭ᠎ᠤᠨ ᠡᠮᠦᠨᠡᠲᠦ ᠬᠤᠰᠢᠭᠤᠨ᠎ᠤ ᠲᠣᠲᠣᠭ᠋ᠠᠳᠦ ᠵᠢ ᠬᠠᠮᠠᠭ᠋ᠠᠯᠠᠬᠤ ᠳᠣᠪᠴᠢᠶᠠᠨ᠎ᠤ 《ᠴᠠᠭᠳᠠᠭ᠋ᠠᠨ ᠬᠤᠸᠠᠷᠠᠨ᠎ᠤ ᠬᠡᠥᠬᠡᠳ᠎ᠤᠨ ᠴᠡᠴᠡᠷᠯᠢᠭ》᠎ᠨᠢ ᠣᠷᠢᠳ ᠬᠤᠵᠢᠳ 133 ᠴᠠᠭᠳᠠᠭ᠎ᠠ ᠵᠢᠨ ᠠᠮᠠᠷᠠᠯᠳᠠ ᠵᠢᠨ ᠬᠤᠭᠤᠴᠠᠭ᠋ᠠᠨ᠎ᠳᠤ ᠬᠡᠥᠬᠡᠳ ᠵᠶ᠋ᠠᠨ ᠬᠠᠷᠠᠭ᠋ᠠᠯᠵᠠᠵᠣ ᠳᠡᠶ᠋ᠢᠯᠬᠦ ᠦᠭᠡᠢ ᠪᠠᠶ᠋ᠢᠬᠤ ᠪᠣᠳᠠᠳᠠᠢ ᠠᠰᠠᠭᠤᠳᠠᠯ᠎ᠢ ᠰᠢᠢ᠍ᠳᠪᠦᠷᠢᠯᠡᠭᠰᠡᠨ᠎ᠠᠴᠠ ᠬᠤᠰᠢᠭᠤᠨ᠎ᠤ ᠠᠵᠢᠯᠴᠢᠨ᠎ᠤ ᠶᠡᠷᠥᠩᠬᠡᠢ ᠡᠪᠯᠡᠯ᠎ᠠᠴᠠ 《ᠬᠠᠯᠠᠮᠵᠢᠳᠣ ᠠᠰᠠᠷᠠᠨ ᠬᠠᠮᠠᠭ᠋ᠠᠯᠠᠬᠤ ᠠᠩᠬᠢ》 ᠬᠡᠮᠡᠨ ᠰᠠᠶ᠋ᠢᠰᠢᠶᠠᠨ ᠨᠡᠷᠡᠶ᠋ᠢᠳᠪᠡ᠃

     ᠣᠶ᠋ᠢᠷ᠎ᠠ ᠵᠢᠨ ᠬᠤᠶᠠᠷ ᠵᠢᠯ᠎ᠠᠴᠠ ᠳᠣᠪᠴᠢᠶᠠᠨ᠎ᠤ ᠨᠠᠮ᠎ᠤᠨ ᠬᠤᠷᠢᠶ᠎ᠠ ᠴᠠᠭᠳᠠᠭ᠎ᠠ ᠵᠢ ᠬᠠᠶ᠋ᠢᠷᠠᠯᠠᠵᠣ ᠴᠠᠭᠳᠠᠭ᠎ᠠ ᠵᠢ ᠬᠠᠯᠠᠮᠵᠢᠯᠠᠬᠤ ᠠᠵᠢᠯ᠎ᠢ ᠥᠷᠭᠦᠯᠵᠢᠯᠡᠨ ᠴᠢᠩᠭ᠋ᠠᠳᠬᠠᠵᠣ᠂ ᠴᠠᠭᠳᠠᠭ᠋ᠠᠨ᠎ᠤ ᠠᠵᠢᠯ᠎ᠤᠨ ᠢᠷᠠᠭᠤ ᠠᠯᠳᠠᠷ᠎ᠤᠨ ᠰᠡᠳᠬᠢᠯᠭᠡ᠂ ᠣᠮᠤᠭ ᠪᠠᠭ᠍ᠠᠳᠣᠯᠲᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠵᠢ ᠦᠨᠡᠨ ᠴᠢᠩᠭ᠋ᠠᠳᠬᠠᠨ᠂ ᠠᠵᠢᠯ᠎ᠤᠨ ᠢᠳᠡᠪᠬᠢᠵᠢᠯ᠎ᠢ ᠳᠠᠶ᠋ᠢᠴᠢᠯᠠᠨ᠂ ᠡᠩᠨᠡᠭᠡ ᠵᠢᠨ ᠪᠥᠯᠬᠦᠮᠳᠡᠯ᠎ᠤᠨ ᠬᠦᠴᠦᠨ᠎ᠢ ᠪᠥᠲᠥᠮᠵᠢᠲᠠᠢ ᠳᠡᠭᠡᠭᠰᠢᠯᠡᠭᠦᠯᠪᠡ᠃

 

ᠢᠷᠡᠯᠲᠡ᠄ ᠣᠷᠲᠤᠰ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ