ᠣᠢ᠌ᠷ᠎ᠠ ᠵᠢᠨ ᠵᠢᠯ᠎ᠳᠤ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》 ᠭᠡᠬᠦ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠬᠦ ᠵᠢᠨ ᠲᠥᠯᠥᠭᠡ᠂ ᠤᠯᠠᠭ᠋ᠠᠨᠬᠠᠳᠠ ᠬᠤᠲᠠ ᠵᠢᠨ ᠬᠠᠷᠠᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ 《ᠨᠠᠮ᠎ᠤᠨ ᠪᠠᠢ᠍ᠭᠤᠯᠤᠯᠲᠠ ᠵᠢᠨ ᠴᠢᠩᠭ᠋ᠠᠳᠬᠠᠬᠤ᠂ ᠠᠮᠢ ᠠᠬᠤᠢ ᠵᠢ ᠰᠠᠢ᠌ᠵᠢᠷᠠᠭᠤᠯᠬᠤ᠂ ᠴᠠᠭᠳᠠᠭ᠎ᠠ ᠵᠢ ᠬᠦᠴᠦᠷᠬᠡᠭᠵᠢᠭᠦᠯᠬᠦ》 ᠴᠠᠭᠳᠠᠭ᠋ᠠᠨ᠎ᠤ ᠶᠠᠪᠤᠳᠠᠯ᠎ᠤᠨ ᠪᠠᠢ᠍ᠯᠳᠤᠬᠤ ᠪᠣᠳᠣᠯᠭ᠎ᠠ ᠵᠢ ᠰᠠᠭᠤᠷᠢᠨ ᠳᠡᠭᠡᠷ᠎ᠡ᠂ 《ᠤᠢ ᠰᠢᠭᠤᠢ ᠵᠢᠨ ᠳᠠᠷᠤᠭ᠎ᠠ + ᠴᠠᠭᠳᠠᠭ᠎ᠠ ᠵᠢᠨ ᠳᠠᠷᠤᠭ᠎ᠠ》 ᠳᠦᠷᠢᠮ᠎ᠢ ᠬᠡᠷᠡᠭᠵᠢᠭᠦᠯᠵᠦ᠂ ᠣᠢ ᠰᠢᠭᠤᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠬᠦᠴᠦ᠎ᠪᠠᠨ ᠬᠠᠮᠳᠤᠳᠬᠠᠨ 《ᠠᠮᠤᠭᠤᠯᠠᠩᠲᠤ ᠰᠢᠭᠤᠢ᠌ᠲᠤ ᠣᠷᠣᠨ》᠎ᠢ ᠬᠠᠮᠲᠤ᠎ᠪᠠᠷ ᠡᠭᠦᠳᠴᠦ᠂ ᠢᠯᠡᠳᠲᠡ ᠦᠷ᠎ᠡ ᠪᠦᠲᠦᠮᠵᠢ ᠣᠯᠪᠠ᠃
ᠬᠠᠷᠠᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠠᠮᠤᠭᠤᠯᠠᠩᠲᠤ ᠰᠢᠭᠤᠢ᠌ᠲᠤ ᠣᠷᠣᠨ》 ᠵᠢ ᠡᠭᠦᠳᠦᠨ ᠪᠠᠢ᠍ᠭᠤᠯᠬᠤ ᠵᠢ ᠪᠦᠬᠦ ᠲᠤᠪᠴᠢᠶᠠᠨ᠎ᠤ ᠠᠮᠤᠷ ᠲᠥᠪᠰᠢᠨ᠎ᠢ ᠡᠭᠦᠳᠦᠨ ᠪᠠᠢ᠍ᠭᠤᠯᠬᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠢᠰᠲᠸᠮ᠎ᠳᠤ ᠣᠷᠣᠭᠤᠯᠬᠤ ᠵᠢ ᠠᠬᠢᠭᠤᠯᠵᠤ᠂ ᠴᠣᠬᠢᠯᠲᠠ ᠥᠭᠬᠦ ᠪᠠ ᠰᠡᠷᠭᠡᠢ᠌ᠯᠡᠬᠦ ᠵᠢ ᠵᠡᠷᠭᠡ᠎ᠪᠡᠷ ᠶᠠᠪᠤᠭᠳᠠᠭᠤᠯᠬᠤ ᠵᠢ ᠪᠠᠷᠢᠮᠲᠠᠯᠠᠵᠤ᠂ ᠪᠤᠰᠤᠳ ᠰᠠᠯᠠᠭ᠎ᠠ ᠮᠥᠴᠢᠷ᠎ᠲᠠᠢ ᠬᠠᠮᠲᠤ᠎ᠪᠠᠷ ᠣᠢ ᠰᠢᠭᠤᠢ ᠵᠢᠨ ᠬᠠᠮᠠᠭ᠋ᠠᠯᠠᠯᠲᠠ᠂ ᠣᠢ᠌ᠲᠤ ᠭᠠᠵᠠᠷ᠎ᠢ ᠬᠠᠮᠠᠭ᠋ᠠᠯᠠᠬᠤ᠂ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠵᠢᠴᠢ ᠤᠯᠤᠰ᠎ᠤᠨ ᠳᠡᠰ᠎ᠤᠨ ᠪᠠᠢ᠍ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠣᠢ ᠰᠢᠭᠤᠢ ᠵᠢᠨ ᠴᠡᠴᠡᠷᠯᠢᠭ ᠵᠡᠷᠭᠡ᠎ᠳᠤ ᠲᠤᠰᠬᠠᠢ᠌ᠯᠠᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠪᠡ᠃