1 ᠳ᠋ᠦ᠍ᠭᠡᠷ ᠰᠠᠷ᠎ᠠ ᠵᠢᠨ 27᠎ᠠᠴᠠ 28᠎ᠤ ᠡᠳᠦᠷ ᠪᠣᠯᠲᠠᠯ᠎ᠠ᠂ ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠵᠤ᠂ ᠪᠥᠬᠥ ᠬᠣᠰᠢᠭᠤᠨ᠎ᠤ ᠬᠡᠪᠴᠢᠶᠡᠨ᠎ᠳᠤ ᠨᠢᠭᠡᠳᠦᠯᠲᠡᠶ ᠪᠠᠶ᠋ᠢᠴᠠᠭ᠋ᠠᠬᠤ ᠠᠵᠢᠯᠯᠠᠭ᠎ᠠ ᠥᠷᠨᠢᠭᠦᠯᠪᠡ᠃ ᠡᠨᠡ ᠬᠤᠭᠤᠴᠠᠭ᠋ᠠᠨ᠎ᠳᠤ᠂ ᠬᠠᠷᠢᠶ᠎ᠠ ᠣᠷᠣᠨ᠎ᠤ ᠡᠯ᠎ᠡ ᠠᠵᠢᠯ ᠲᠥᠷᠥᠯ᠂ ᠨᠢᠭᠡᠴᠢ᠂ ᠵᠤᠭ᠎ᠠ ᠴᠡᠩᠭᠡᠯ᠎ᠤᠨ ᠦᠢ᠍ᠯᠡᠴᠢᠯᠡᠭᠡᠨ᠎ᠤ ᠲᠠᠯᠠᠪᠤᠷ᠎ᠤᠨ ᠠᠮᠤᠷ᠎ᠢ ᠬᠠᠮᠠᠭ᠋ᠠᠯᠠᠬᠤ᠂ ᠭᠠᠯ ᠤᠨᠲᠠᠷᠠᠭ᠋ᠠᠬᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠨ᠂ ᠣᠷᠣᠰᠢᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ ᠪᠠ ᠠᠮᠤᠷ ᠲᠦᠪᠰᠢᠨ᠎ᠤ ᠳᠠᠯᠳᠠ ᠬᠡᠮ᠎ᠢ ᠴᠡᠭᠴᠡᠯᠡᠨ ᠰᠠᠶ᠋ᠢᠵᠢᠷᠠᠭᠤᠯᠬᠤ ᠵᠢ ᠰᠢᠪᠠᠳᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠵᠤ᠂ ᠲᠣᠭᠲᠠᠭᠤᠨ ᠪᠤᠰᠤ ᠡᠯᠧᠮᠧᠨ᠋ᠲ᠎ᠢ ᠴᠠᠭ ᠲᠤᠬᠠᠶ᠎ᠳᠤᠨᠢ ᠠᠷᠢᠯᠭ᠋ᠠᠵᠤ᠂ ᠨᠡᠶ᠋ᠢᠭᠡᠮ᠎ᠤᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠪᠥᠬᠥ ᠲᠠᠯ᠎ᠠ᠎ᠪᠠᠷ ᠪᠠᠲᠤᠯᠠᠪᠠ᠃ ᠬᠠᠷᠢᠶᠠᠲᠤ ᠣᠷᠣᠨ᠎ᠤ ᠭᠣᠤᠯᠳᠠᠯᠭ᠎ᠠ᠎ᠲᠠᠢ ᠵᠠᠮ᠎ᠤᠨ ᠬᠡᠰᠡᠭ᠂ ᠭᠣᠤᠯᠳᠠᠯᠭ᠎ᠠ᠎ᠲᠠᠢ ᠴᠠᠭ ᠬᠤᠭᠤᠴᠠᠭ᠋ᠠᠨ᠎ᠳᠤ ᠵᠢᠵᠢᠭᠦᠷᠯᠡᠬᠦ ᠣᠷᠤᠨ ᠪᠠᠶ᠋ᠢᠷᠢ ᠵᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠵᠤ᠂ ᠰᠣᠭᠲᠣᠭᠤ᠎ᠪᠠᠷ ᠲᠡᠷᠭᠡ ᠵᠢᠯᠣᠭᠣᠳᠬᠤ᠂ ᠬᠥᠮᠦᠨ᠎ᠤ ᠲᠣᠭ᠎ᠠ᠎ᠠᠴᠠ ᠬᠡᠲᠦᠷᠡᠭᠦᠯᠦᠨ ᠰᠠᠭᠤᠯᠭ᠋ᠠᠬᠤ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠵᠤ᠂ ᠴᠢᠩᠭ᠎ᠠ ᠬᠠᠮᠢᠶᠠᠷᠴᠤ ᠪᠠᠶ᠋ᠢᠴᠠᠭ᠋ᠠᠬᠤ ᠥᠨᠳᠥᠷ ᠳᠠᠷᠤᠯᠲᠠᠲᠤ ᠪᠠᠶ᠋ᠢᠳᠠᠯ᠎ᠢ ᠪᠣᠶ ᠪᠣᠯᠭ᠋ᠠᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠪᠠ᠃
ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠤ᠂ ᠲᠣᠪᠴᠢᠶ᠎ᠠ᠎ᠠᠴᠠ ᠨᠡᠶ᠋ᠢᠲᠡ 350 ᠭᠠᠷᠤᠶ ᠴᠠᠭᠳᠠᠭ᠋ᠠᠨ᠎ᠤ ᠬᠦᠴᠦᠨ᠂ 90 ᠴᠠᠭᠳᠠᠭ᠋ᠠᠨ᠎ᠤ ᠲᠡᠷᠭᠡ ᠵᠢ ᠬᠥᠳᠡᠯᠭᠡᠵᠦ᠂ 156 ᠭᠣᠤᠯᠳᠠᠯᠭ᠎ᠠ᠎ᠲᠠᠢ ᠠᠵᠢᠯ ᠲᠥᠷᠥᠯ᠎ᠤᠨ ᠲᠠᠯᠠᠪᠤᠷ ᠭᠠᠵᠠᠷ᠎ᠢ ᠪᠠᠢ᠌ᠴᠠᠭ᠋ᠠᠵᠤ᠂ 32 ᠭᠠᠵᠠᠷ ᠠᠮᠤᠷ ᠲᠦᠪᠰᠢᠨ᠎ᠤ ᠳᠠᠯᠳᠠ ᠬᠡᠮ᠎ᠢ ᠢᠯᠡᠷᠡᠭᠦᠯᠵᠦ᠂ 22 ᠭᠠᠵᠠᠷ᠎ᠢ ᠲᠤᠬᠠᠶ ᠵᠢᠨ ᠲᠠᠯᠠᠪᠤᠷᠲᠤᠨᠢ ᠵᠠᠷᠯᠢᠭᠳᠠᠨ ᠴᠡᠭᠴᠡᠯᠡᠨ ᠰᠠᠶ᠋ᠢᠵᠢᠷᠠᠭᠤᠯᠵᠤ᠂ 10 ᠬᠤᠪᠢ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ᠎ᠤᠨ ᠪᠢᠴᠢᠭ ᠪᠠᠭᠤᠯᠭ᠋ᠠᠪᠠ᠃