ᠣᠶ᠋ᠢᠷ᠎ᠠ᠎ᠳᠤ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶ᠋ᠢᠭᠤᠯᠭ᠎ᠠ ᠰᠠᠯᠠᠭ᠎ᠠ ᠮᠥᠴᠢᠷ᠎ᠤᠨ ᠴᠠᠭᠳᠠᠭ᠋ᠠᠨ᠎ᠤ ᠲᠣᠨᠣᠭ ᠲᠥᠬᠥᠭᠡᠷᠦᠮᠵᠢ ᠵᠢ ᠬᠠᠤᠯᠢ ᠶᠣᠰᠣᠭ᠋ᠠᠷ᠂ ᠲᠣᠭᠲᠠᠭ᠋ᠠᠯ ᠶᠣᠰᠣᠭ᠋ᠠᠷ᠂ ᠪᠦᠲᠦᠮᠵᠢᠲᠡᠶ ᠬᠡᠷᠡᠭᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠡᠩᠨᠡᠭᠡᠨ᠎ᠤ ᠪᠦᠬᠦᠯᠢ ᠴᠣᠭᠴᠠ ᠵᠢᠨ ᠳᠠᠶ᠋ᠢᠴᠢᠨ ᠬᠦᠴᠦᠨ ᠪᠠ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠬᠦᠴᠦᠨ ᠴᠢᠳᠠᠪᠤᠷᠢ ᠵᠢ ᠴᠢᠩᠭ᠋ᠠᠳᠬᠠᠬᠤ ᠵᠢᠨ ᠲᠥᠯᠥᠭᠡ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠭᠳᠠᠭ᠋ᠠᠨ᠎ᠤ ᠶᠠᠪᠤᠳᠠᠯ᠎ᠤᠨ ᠪᠠᠲᠤᠯᠠᠭ᠎ᠠ ᠵᠢᠨ ᠰᠠᠯᠠᠭ᠎ᠠ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ ᠰᠢᠨ᠎ᠡ ᠬᠡᠯᠪᠡᠷᠢ ᠵᠢᠨ ᠴᠠᠭᠳᠠᠭ᠋ᠠᠨ᠎ᠤ ᠵᠡᠪᠰᠡᠭ ᠲᠣᠨᠣᠭᠯᠠᠯ᠎ᠢ ᠬᠡᠷᠡᠭᠯᠡᠬᠦ ᠪᠣᠯᠪᠠᠰᠤᠷᠠᠯ᠎ᠢ ᠥᠷᠨᠢᠭᠦᠯᠪᠡ᠃

ᠲᠣᠰ ᠤᠳᠠᠭ᠋ᠠᠨ᠎ᠤ ᠪᠣᠯᠪᠠᠰᠤᠷᠠᠯ᠎ᠳᠤ ᠲᠣᠨᠣᠭ ᠲᠥᠬᠥᠭᠡᠷᠦᠮᠵᠢ ᠵᠢᠨ ᠲᠠᠶ᠋ᠢᠯᠤᠮᠵᠢ ᠪᠠ ᠠᠬᠤᠶ ᠪᠠᠶ᠋ᠢᠳᠠᠯ᠎ᠤᠨ ᠳᠠᠭᠤᠷᠢᠶᠠᠯ᠎ᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠰᠢᠨ᠎ᠡ᠎ᠪᠠᠷ ᠳᠣᠭᠢᠷᠠᠭᠤᠯᠤᠭᠰᠠᠨ ᠰᠡᠷᠭᠡᠶ᠋ᠢᠯᠡᠨ ᠬᠠᠮᠠᠭ᠋ᠠᠯᠠᠬᠤ ᠲᠥᠷᠥᠯ᠂ ᠡᠵᠡᠮᠳᠡᠬᠦ ᠲᠥᠷᠥᠯ᠂ ᠠᠪᠤᠷᠠᠨ ᠲᠤᠰᠠᠯᠠᠬᠤ ᠲᠥᠷᠥᠯ᠎ᠤᠨ ᠴᠠᠭᠳᠠᠭ᠋ᠠᠨ᠎ᠤ ᠵᠡᠪᠰᠡᠭ ᠲᠣᠨᠣᠭᠯᠠᠯ᠎ᠳᠤ ᠪᠣᠯᠪᠠᠰᠤᠷᠠᠯ ᠬᠢᠵᠡᠶ᠃ ᠬᠢᠴᠢᠶᠡᠯᠯᠡᠭᠴᠢ᠎ᠠᠴᠠ ᠡᠯ᠎ᠡ ᠴᠠᠭᠳᠠᠭ᠋ᠠᠨ᠎ᠤ ᠲᠣᠨᠣᠭᠯᠠᠯ᠎ᠤᠨ ᠬᠡᠷᠡᠭᠯᠡᠬᠦ ᠠᠷᠭ᠎ᠠ᠂ ᠬᠡᠷᠡᠭᠯᠡᠬᠦ ᠨᠥᠬᠥᠴᠡᠯ᠂ ᠬᠡᠷᠡᠭᠯᠡᠬᠦ᠎ᠠᠴᠠ ᠡᠮᠦᠨᠡᠬᠢ ᠬᠠᠤᠯᠢ ᠶᠤᠰᠤᠨ᠎ᠤ ᠰᠠᠨᠠᠭᠤᠯᠤᠮᠵᠢ ᠵᠡᠷᠭᠡ ᠠᠭᠤᠯᠭ᠎ᠠ᠎ᠳᠤ ᠨᠢᠭᠡᠳ ᠨᠢᠭᠡ᠎ᠪᠠᠷ ᠲᠠᠶ᠋ᠢᠯᠤᠮᠵᠢ ᠬᠢᠭᠰᠡᠨ ᠪᠥᠭᠡᠳ ᠪᠣᠯᠪᠠᠰᠤᠷᠠᠯ᠎ᠳᠤ ᠣᠷᠣᠯᠴᠠᠭᠰᠠᠳ᠎ᠢ ᠳᠠᠭ᠋ᠠᠭᠤᠯᠤᠨ ᠬᠡᠷᠡᠭᠯᠡᠬᠦ ᠠᠷᠭ᠎ᠠ ᠪᠠ ᠤᠷ᠎ᠠ ᠮᠡᠷᠭᠡᠵᠢᠯ᠎ᠳᠤ ᠳᠠᠬᠢᠨ ᠳᠠᠪᠲᠠᠨ ᠪᠣᠯᠪᠠᠰᠤᠷᠠᠯ ᠬᠢᠭᠰᠡᠨ ᠪᠠᠶ᠋ᠢᠨ᠎ᠠ᠃ ᠪᠣᠯᠪᠠᠰᠤᠷᠠᠯ᠎ᠤᠨ ᠶᠠᠪᠤᠴᠠ᠎ᠳᠤ᠂ ᠪᠣᠯᠪᠠᠰᠤᠷᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠢᠳᠡᠪᠬᠢᠲᠡᠶ᠎ᠪᠠᠷ ᠬᠥᠳᠡᠯᠦᠯᠴᠡᠵᠦ᠂ ᠨᠠᠷᠢᠨ ᠬᠢᠨᠠᠮᠠᠭ᠋ᠠᠶ ᠰᠤᠷᠤᠯᠴᠠᠬᠤ ᠵᠢᠨ ᠬᠠᠮᠲᠤ ᠪᠣᠳᠠᠲᠠᠶ ᠪᠣᠯᠪᠠᠰᠤᠷᠠᠯ ᠥᠷᠨᠢᠭᠦᠯᠦᠨ᠂ ᠬᠢᠴᠢᠶᠡᠯᠯᠡᠭᠴᠢ᠎ᠠᠴᠠ ᠪᠣᠯᠪᠠᠰᠤᠷᠠᠯ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠤᠬᠠᠶ ᠵᠢᠨ ᠲᠠᠯᠠᠪᠤᠷ᠎ᠲᠤ ᠳᠤᠷᠠᠳᠤᠭᠰᠠᠨ ᠠᠰᠠᠭᠤᠳᠠᠯ᠎ᠳᠤ ᠬᠠᠷᠢᠭᠤᠯᠲᠠ ᠥᠭᠪᠡ᠃

ᠲᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠲᠣᠨᠣᠭ ᠲᠥᠬᠥᠭᠡᠷᠦᠮᠵᠢ ᠵᠢ 《ᠬᠥᠮᠦᠨ ᠪᠣᠯᠭ᠋ᠠᠨ ᠬᠡᠷᠡᠭᠯᠡᠵᠦ ᠴᠢᠳᠠᠬᠤ᠂ ᠬᠥᠮᠦᠨ ᠪᠣᠯᠭ᠋ᠠᠨ ᠬᠡᠷᠡᠭᠯᠡᠬᠦ ᠵᠢ ᠰᠤᠷᠬᠤ》᠎ᠪᠠᠷ ᠬᠠᠷᠠᠯᠲᠠ ᠪᠣᠯᠭ᠋ᠠᠵᠤ᠂ ᠡᠳᠦᠷ ᠲᠤᠲᠤᠮ᠎ᠤᠨ ᠪᠣᠯᠪᠠᠰᠤᠷᠠᠯ ᠬᠢᠬᠦ᠂ ᠨᠢᠭᠡᠳᠦᠭᠡᠷ ᠹᠷᠣᠨᠲ᠎ᠢ ᠲᠤᠰᠠᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠥᠬᠥ ᠴᠠᠭᠳᠠᠭ᠋ᠠᠨ᠎ᠤ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠠᠮᠤᠷ ᠠᠮᠤᠭᠤᠯᠠᠩ ᠦᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠦᠨ᠎ᠡ᠃