ᠮᠠᠰᠢᠨᠲᠤ ᠲᠡᠷᠭᠡ ᠪᠠ ᠵᠢᠯᠣᠭᠣᠴᠢ ᠵᠢᠨ ᠦᠨᠡᠮᠯᠡᠯ᠎ᠤᠨ ᠲᠤᠬᠠᠢ᠌ᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ ᠵᠢ ᠤᠯᠠᠮ ᠴᠢᠨᠠᠭᠰᠢᠲᠠ ᠴᠢᠩᠭ᠋ᠠᠳᠬᠠᠬᠤ᠂ ᠮᠠᠰᠢᠨᠲᠤ ᠲᠡᠷᠭᠡ ᠪᠠ ᠵᠢᠯᠣᠭᠣᠴᠢ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠵᠢᠷᠤᠮᠵᠢᠭᠤᠯᠤᠯᠲᠠ ᠵᠢ ᠠᠬᠢᠭᠤᠯᠬᠤ ᠵᠢᠨ ᠲᠤᠰᠠᠳᠠ᠂ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠵᠢᠨ ᠲᠡᠷᠭᠡ ᠬᠥᠰᠭᠡ ᠬᠠᠮᠢᠶᠠᠷᠬᠤ ᠭᠠᠵᠠᠷ ᠬᠠᠷᠢᠶ᠎ᠠ ᠣᠷᠣᠨ᠎ᠤ᠎ᠪᠠᠨ ᠳᠣᠲᠣᠷᠠᠬᠢ ᠵᠢᠯᠣᠭᠣᠴᠢ ᠵᠢᠨ ᠰᠤᠷᠭ᠋ᠠᠭᠤᠯᠢ ᠵᠢᠨ ᠰᠢᠯᠭ᠋ᠠᠯᠲᠠ ᠵᠢᠨ ᠲᠠᠯᠠᠪᠠᠢ᠎ᠳᠤ ᠭᠦᠨᠵᠡᠭᠡᠢ᠍ᠷᠡᠨ ᠬᠢᠨᠠᠨ ᠵᠢᠯᠣᠭᠣᠳᠴᠤ ᠪᠠᠢ᠌ᠴᠠᠭ᠋ᠠᠯᠲᠠ ᠬᠢᠪᠡ᠃
ᠡᠬᠡ ᠳᠠᠩᠰᠠ ᠵᠢ ᠪᠠᠢ᠌ᠴᠠᠭ᠋ᠠᠨ ᠦᠵᠡᠬᠦ᠂ ᠰᠢᠯᠭ᠋ᠠᠯᠲᠠ ᠵᠢᠨ ᠶᠠᠪᠤᠴᠠ ᠵᠢᠨ ᠳᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠰᠢᠯᠵᠢᠭᠦᠯᠦᠨ ᠦᠵᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯ᠎ᠡ ᠰᠢᠯᠭ᠋ᠠᠯᠲᠠ ᠵᠢᠨ ᠲᠠᠯᠠᠪᠠᠢ ᠵᠢᠨ ᠪᠡᠯᠡᠳᠬᠡᠮᠵᠢ᠂ ᠰᠢᠯᠭ᠋ᠠᠯᠲᠠ ᠵᠢᠨ ᠴᠤᠪᠤᠷᠠᠯ ᠵᠢᠴᠢ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠠᠷᠢᠨ ᠨᠢᠮᠪᠠᠢ ᠪᠠᠢ᠌ᠴᠠᠭ᠋ᠠᠵᠠᠢ᠃ ᠵᠢᠯᠣᠭᠣᠴᠢ ᠵᠢᠨ ᠰᠤᠷᠭ᠋ᠠᠭᠤᠯᠢ ᠵᠢᠨ ᠰᠢᠯᠭ᠋ᠠᠯᠲᠠ ᠵᠢᠨ ᠲᠠᠯᠠᠪᠤᠷ᠂ ᠲᠡᠷᠭᠡ᠂ ᠲᠥᠬᠥᠭᠡᠷᠦᠮᠵᠢ᠂ ᠲᠡᠮᠳᠡᠭ ᠵᠢᠷᠤᠭ᠋ᠠᠰᠤ ᠵᠡᠷᠭᠡ᠎ᠳᠤ ᠨᠢᠭᠡᠳ ᠨᠢᠭᠡ᠎ᠪᠠᠷ ᠪᠠᠢ᠌ᠴᠠᠭ᠋ᠠᠯᠲᠠ ᠬᠢᠵᠦ᠂ ᠣᠷᠣᠰᠢᠵᠤ ᠪᠠᠢ᠌ᠭ᠎ᠠ ᠠᠰᠠᠭᠤᠳᠠᠯ᠎ᠢ ᠲᠤᠬᠠᠢ ᠵᠢᠨ ᠲᠠᠯᠠᠪᠤᠷᠲᠤᠨᠢ ᠳᠤᠷᠠᠳᠴᠤ ᠭᠠᠷᠭ᠋ᠠᠭᠰᠠᠨ ᠪᠥᠭᠡᠳ ᠳᠠᠷᠤᠢ᠌ᠬᠠᠨ ᠴᠡᠭᠴᠡᠯᠡᠨ ᠰᠠᠢ᠌ᠵᠢᠷᠠᠭᠤᠯᠬᠤ᠎ᠪᠠᠷ ᠱᠠᠭ᠋ᠠᠷᠳᠠᠵᠤ᠂ ᠵᠢᠯᠣᠭᠣᠴᠢ ᠵᠢᠨ ᠰᠢᠯᠭ᠋ᠠᠯᠲᠠ ᠵᠢᠨ ᠡᠷᠬᠡ ᠲᠡᠭᠰᠢ᠂ ᠲᠥᠪ ᠭᠣᠣᠯᠴᠢ᠂ ᠢᠯᠡ ᠪᠠᠢ᠌ᠯᠭ᠋ᠠᠬᠤ ᠵᠢ ᠦᠨᠡᠨ ᠬᠦ᠌ ᠪᠠᠲᠤᠯᠠᠵᠤ᠂ ᠮᠠᠰᠢᠨ ᠲᠡᠷᠭᠡ ᠵᠢᠯᠣᠭᠣᠳᠬᠤ ᠲᠤᠬᠠᠢ᠌ᠯᠠᠭᠰᠠᠨ ᠠᠵᠢᠯ᠎ᠢ ᠵᠢᠷᠤᠮᠵᠢᠭᠤᠯᠤᠨ ᠠᠵᠢᠯᠯᠠᠭᠤᠯᠬᠤ ᠵᠢ ᠠᠬᠢᠭᠤᠯᠪᠠ᠃