ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠬᠣᠴᠤᠷᠭ᠋ᠠᠨ ᠠᠪᠴᠤ ᠬᠠᠷᠠᠬᠤ ᠴᠠᠭᠳᠠᠭ᠋ᠠᠨ᠎ᠤ ᠶᠠᠪᠤᠳᠠᠯ᠎ᠤᠨ ᠰᠠᠭᠤᠷᠢ ᠵᠢ ᠪᠡᠬᠢᠵᠢᠭᠦᠯᠵᠦ ᠬᠠᠷᠠᠵᠤ ᠬᠠᠮᠠᠭ᠋ᠠᠯᠠᠬᠤ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠶ᠎ᠡ
ᠨᠡᠶ᠋ᠢᠲᠡᠯᠡᠭᠰᠡᠨ ᠴᠠᠭ᠄ 2024-02-27

     2023 ᠣᠨ᠎ᠳᠤ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠬᠣᠴᠤᠷᠭ᠋ᠠᠨ ᠠᠪᠴᠤ ᠬᠠᠷᠠᠵᠤ ᠬᠠᠮᠠᠭ᠋ᠠᠯᠠᠬᠤ ᠬᠢᠨᠠᠨ ᠵᠠᠬᠢᠷᠬᠤ ᠲᠥᠪ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠪᠣᠯᠪᠠᠰᠤᠷᠠᠯ᠎ᠢ ᠴᠢᠩᠭ᠋ᠠᠳᠬᠠᠬᠤ᠂ ᠰᠤᠷᠲᠠᠯ᠎ᠢ ᠴᠡᠭᠴᠡᠯᠡᠬᠦ᠂ ᠲᠦᠷᠢ ᠲᠥᠷᠬᠦ ᠵᠢ ᠪᠤᠢ ᠪᠣᠯᠭ᠋ᠠᠬᠤ》 ᠲᠤᠰᠬᠠᠢ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ ᠡᠩᠨᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠰᠢᠨ᠎ᠡ ᠠᠷᠭ᠎ᠠ ᠬᠡᠮᠵᠢᠶ᠎ᠠ ᠭᠠᠷᠭ᠋ᠠᠵᠤ᠂ ᠡᠩᠨᠡᠭᠡ ᠵᠢᠨ ᠬᠠᠮᠢᠶᠠᠷᠤᠯᠲᠠ ᠵᠢᠨ ᠲᠣᠭᠲᠠᠴᠠ ᠵᠢ ᠳᠠᠰᠤᠷᠠᠯᠳᠠ ᠦᠭᠡᠢ ᠰᠢᠨ᠎ᠡ ᠵᠢ ᠡᠭᠦᠳᠦᠨ ᠲᠡᠭᠦᠯᠳᠡᠷᠵᠢᠭᠦᠯᠵᠦ᠂ ᠡᠩᠨᠡᠭᠡ ᠵᠢᠨ ᠵᠢᠩᠬᠢᠨᠢᠴᠢᠯᠡᠬᠦ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠰᠤᠷᠲᠠᠯ ᠪᠠᠲᠤᠲᠠᠢ᠂ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢ ᠬᠦᠴᠦᠯᠡᠨ ᠪᠠᠢ᠌ᠭᠤᠯᠪᠠ᠃

微信图片_20240205110845.jpg  


     ᠨᠠᠮ᠎ᠤᠨ ᠪᠠᠶ᠋ᠢᠭᠤᠯᠤᠯᠲᠠ ᠵᠢ ᠬᠦᠳᠦᠯᠦᠨ ᠳᠠᠭ᠋ᠠᠭᠤᠯᠬᠤ ᠵᠢ ᠴᠢᠩᠭ᠋ᠠᠳᠬᠠᠵᠤ ᠤᠯᠤᠰ ᠲᠦᠷᠦ ᠵᠢᠨ ᠰᠠᠭᠤᠷᠢ ᠵᠢ ᠪᠡᠬᠢᠵᠢᠭᠦᠯᠪᠡ᠃ ᠲᠣᠭᠣᠷᠢᠨ ᠦᠵᠡᠵᠦ ᠰᠤᠷᠤᠯᠴᠠᠬᠤ᠂ ᠲᠤᠰᠬᠠᠢ ᠰᠡᠳᠦᠪᠲᠦ ᠲᠠᠶ᠋ᠢᠯᠤᠮᠵᠢ ᠬᠢᠬᠦ᠂ ᠠᠵᠢᠯ᠎ᠳᠤ ᠪᠠᠶ᠋ᠢᠭ᠎ᠠ ᠨᠠᠮ᠎ᠤᠨ ᠭᠡᠰᠢᠭᠦᠨ᠎ᠤ 《ᠬᠣᠣᠰ ᠮᠡᠳᠡᠭᠦᠯᠬᠦ ᠬᠣᠣᠰ ᠮᠡᠳᠡᠭᠦᠯᠦᠯᠲᠡ ᠬᠣᠣᠰ ᠬᠢᠨᠠᠨ ᠰᠢᠯᠭ᠋ᠠᠯᠲᠠ》᠂ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠬᠤ》᠂ ᠨᠠᠮ᠎ᠤᠨ ᠪᠠᠶ᠋ᠢᠭᠤᠯᠤᠯᠲᠠ ᠵᠢᠨ ᠰᠣᠶᠣᠯ᠎ᠤᠨ ᠬᠤᠩᠬᠢᠯ ᠵᠡᠷᠭᠡ ᠠᠷᠭ᠎ᠠ ᠬᠡᠯᠪᠡᠷᠢ᠎ᠪᠠᠷ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠬᠦᠰᠡᠯᠡᠩ ᠢᠲᠡᠭᠡᠯ ᠪᠢᠰᠢᠷᠡᠯ᠎ᠢ ᠲᠠᠰᠤᠷᠠᠯᠳᠡ ᠦᠭᠡᠢ ᠪᠠᠲᠤᠳᠬᠠᠵᠤ᠂ 《ᠲᠦᠷᠪᠡᠨ ᠤᠬᠠᠮᠰᠠᠷ》᠎ᠢ ᠴᠢᠩᠭ᠋ᠠᠳᠬᠠᠵᠤ᠂ 《ᠲᠦᠷᠪᠡᠨ ᠢᠲᠡᠭᠡᠯ》᠎ᠢ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠡᠩᠨᠡᠭᠡ ᠵᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶ᠋ᠢᠳᠠᠪᠤᠷᠢᠲᠠᠢ ᠪᠠᠶ᠋ᠢᠬᠤ ᠵᠢ ᠪᠠᠳᠤᠯᠠᠪᠠ᠃ ᠪᠦᠬᠦ ᠵᠢᠯ᠎ᠳᠤ ᠤᠨᠤᠯ ᠵᠶ᠋ᠠᠷ ᠵᠡᠪᠰᠡᠭᠯᠡᠬᠦ 《ᠰᠦᠭ ᠰᠦᠨᠡᠰᠦ ᠵᠢ ᠱᠤᠭᠤᠬᠤ》 ᠢᠨᠵᠧᠨᠧᠷᠢᠩ᠎ᠤᠨ ᠰᠤᠷᠤᠯᠴᠠᠯᠭ᠎ᠠ ᠵᠢ 90 ᠭᠠᠷᠤᠢ ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠠᠮ᠎ᠤᠨ ᠭᠡᠰᠢᠭᠦᠳ᠎ᠤᠨ ᠶᠡᠬᠡ ᠬᠤᠷᠠᠯ᠎ᠢ 10 ᠤᠳᠠᠭ᠎ᠠ᠂ ᠭᠣᠣᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠵᠢ 12 ᠤᠳᠠᠭ᠎ᠠ᠂ ᠨᠠᠮ᠎ᠤᠨ ᠡᠭᠦᠷ᠎ᠤᠨ ᠱᠦᠵᠢ ᠵᠢ 10 ᠤᠳᠠᠭ᠎ᠠ ᠨᠠᠮ᠎ᠤᠨ ᠬᠢᠴᠢᠶᠡᠯ ᠣᠷᠣᠭᠤᠯᠵᠤ᠂ ᠴᠢᠬᠡᠴᠢ ᠵᠠᠰᠠᠭ᠎ᠢ 4 ᠤᠳᠠᠭ᠎ᠠ ᠲᠥᠪᠯᠡᠷᠡᠭᠦᠯᠦᠨ ᠰᠠᠨᠠᠭᠤᠯᠤᠨ ᠶᠠᠷᠢᠯᠴᠠᠪᠠ᠃

微信图片_20240205111003.jpg  


    ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ᠎ᠢ ᠳᠡᠭᠡᠭᠰᠢᠯᠡᠭᠦᠯᠵᠦ ᠬᠠᠷᠠᠭ᠋ᠠᠯᠵᠠᠨ ᠬᠠᠮᠠᠭ᠋ᠠᠯᠠᠵᠤ ᠵᠢᠵᠢᠭᠦᠷᠯᠡᠬᠦ ᠵᠢ ᠵᠢᠷᠤᠮᠵᠢᠭᠤᠯᠪᠠ᠃ ᠡᠳᠦᠷ ᠲᠤᠲᠤᠮ᠎ᠤᠨ ᠡᠭᠦᠷᠭᠡ ᠭᠦᠢ᠍ᠴᠡᠳᠬᠡᠬᠦ ᠵᠢᠷᠤᠮᠵᠢᠯ ᠵᠶ᠋ᠠᠷ ᠰᠤᠷᠭ᠋ᠠᠭᠤᠯᠢᠯᠠᠯ᠎ᠤᠨ ᠭᠣᠤᠯᠳᠠᠯᠭ᠎ᠠ ᠪᠣᠯᠭ᠋ᠠᠵᠤ᠂ 《ᠲᠠᠪᠤᠨ ᠪᠠᠭ᠎ᠠ ᠰᠤᠷᠭ᠋ᠠᠭᠤᠯᠢᠯᠠᠯ》᠎ᠤᠨ ᠠᠵᠢᠯᠯᠠᠭ᠎ᠠ ᠥᠷᠨᠢᠭᠦᠯᠪᠡ᠃ ᠵᠢᠵᠢᠭᠦᠷᠯᠡᠬᠦ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠴᠠᠭ ᠲᠤᠬᠠᠶ᠎ᠳᠤ᠎ᠨᠢ ᠵᠣᠬᠢᠬᠤ ᠪᠣᠯᠪᠠᠰᠤᠷᠠᠯ᠎ᠤᠨ ᠲᠣᠬᠢᠷᠠᠭᠤᠯᠤᠯᠲᠠ ᠬᠢᠵᠦ᠂ ᠦᠢ᠍ᠯᠡᠴᠢᠯᠡᠭᠡᠨ᠎ᠤ ᠵᠠᠭᠪᠤᠷ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠠᠷᠠᠵᠤ ᠬᠠᠮᠠᠭ᠋ᠠᠯᠠᠬᠤ ᠵᠢᠨ ᠶᠠᠰᠤ ᠴᠢᠨᠠᠷ᠎ᠢ ᠦᠨᠡᠨ ᠬᠦ᠌ ᠪᠠᠳᠤᠯᠠᠪᠠ᠃ ᠠᠵᠢᠯ᠎ᠤᠨ ᠪᠣᠳᠠᠲᠤ ᠪᠠᠶ᠋ᠢᠳᠠᠯ᠎ᠳᠠᠭᠠᠨ ᠰᠠᠭᠤᠷᠢᠯᠠᠨ᠂ 《ᠳᠥᠷᠪᠡᠨ ᠠᠯᠬᠤᠮ ᠵᠶ᠋ᠠᠷ ᠵᠢᠷᠤᠮᠵᠢᠭᠤᠯᠬᠤ ᠠᠷᠭ᠎ᠠ》᠎ᠪᠠᠷ ᠳᠠᠮᠵᠢᠭᠤᠯᠤᠨ᠂ ᠡᠩᠨᠡᠭᠡᠨ᠎ᠤ ᠬᠠᠮᠢᠶᠠᠷᠤᠯᠲᠠ ᠵᠢ ᠬᠦᠴᠦᠯᠡᠨ ᠵᠢᠷᠤᠮᠵᠢᠭᠤᠯᠵᠤ᠂ ᠬᠠᠷᠠᠵᠤ ᠬᠠᠮᠠᠭ᠋ᠠᠯᠠᠬᠤ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠪᠡ᠃ ᠲᠣᠭᠲᠠᠮᠠᠯ ᠬᠤᠭᠤᠴᠠᠭ᠎ᠠ᠎ᠲᠠᠢ᠎ᠪᠠᠷ ᠪᠣᠯᠪᠠᠰᠤᠷᠠᠯ ᠰᠣᠷᠢᠯᠲᠠ ᠵᠢ ᠥᠷᠨᠢᠭᠦᠯᠵᠦ᠂ ᠪᠣᠳᠠᠲᠤ ᠪᠠᠶ᠋ᠢᠯᠳᠤᠭ᠋ᠠᠨ᠎ᠤ ᠪᠣᠯᠪᠠᠰᠤᠷᠠᠯ᠂ ᠲᠤᠰᠬᠠᠶ ᠮᠡᠷᠭᠡᠵᠢᠯ᠎ᠤᠨ ᠪᠣᠯᠪᠠᠰᠤᠷᠠᠯ᠂ ᠬᠠᠮᠵᠢᠯᠴᠠᠬᠤ ᠪᠣᠯᠪᠠᠰᠤᠷᠠᠯ᠎ᠢ ᠴᠢᠩᠭ᠋ᠠᠳᠬᠠᠵᠤ᠂ ᠡᠩᠨᠡᠭᠡ ᠵᠢᠨ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃

微信图片_20240205111106.jpg  


    ᠪᠦᠷᠢᠨ ᠳᠡᠭᠦᠯᠳᠡᠷ ᠲᠣᠭᠲᠠᠴᠠ ᠵᠢ ᠪᠠᠢ᠌ᠭᠤᠯᠤᠨ ᠥᠨᠳᠥᠷ ᠪᠦᠲᠦᠮᠵᠢᠲᠡᠶ ᠨᠠᠷᠢᠯᠢᠭ ᠬᠠᠮᠢᠶᠠᠷᠤᠯᠲᠠ ᠵᠢ ᠳᠡᠭᠦᠯᠳᠡᠷᠵᠢᠭᠦᠯᠪᠡ᠃ 《ᠡᠳᠦᠷ᠎ᠲᠤ ᠡᠭᠡᠯᠵᠢ ᠲᠤᠰᠢᠶᠠᠬᠤ᠂ ᠭᠠᠷᠠᠭ᠎ᠤᠨ ᠲᠣᠭᠲᠠᠮᠠᠯ ᠬᠤᠷᠠᠯ ᠬᠢᠬᠦ᠂ ᠰᠠᠷ᠎ᠠ᠎ᠳᠤ ᠵᠢᠭᠰᠠᠭ᠋ᠠᠨ ᠪᠠᠶ᠋ᠢᠴᠠᠭ᠋ᠠᠬᠤ》 ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠡᠯ᠎ᠡ ᠲᠥᠷᠥᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ ᠡᠭᠦᠰᠬᠦ ᠵᠢ ᠴᠢᠩᠭ᠎ᠠ ᠰᠡᠷᠭᠡᠶ᠋ᠢᠯᠡᠨ᠂ ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠪᠦᠲᠦᠮᠵᠢᠲᠡᠶ ᠨᠠᠶ᠋ᠢᠳᠠᠪᠤᠷᠢᠵᠢᠭᠤᠯᠬᠤ ᠵᠢ ᠥᠨᠡᠨ ᠬᠦ᠌ ᠪᠠᠳᠤᠯᠠᠪᠠ᠃ ᠡᠳᠦᠷ ᠪᠦᠷᠢ ᠵᠢᠨ ᠥᠷᠯᠥᠭᠡ ᠵᠢᠨ ᠬᠤᠷᠠᠯ ᠳᠡᠭᠡᠷ᠎ᠡ ᠠᠵᠢᠯ᠎ᠤᠨ ᠪᠠᠶ᠋ᠢᠳᠠᠯ ᠵᠶ᠋ᠠᠨ ᠮᠡᠳᠡᠭᠳᠡᠵᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠢᠪᠠᠳᠠᠵᠤ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠪᠡ᠃ ᠭᠠᠷᠠᠭ ᠪᠦᠷᠢ ᠵᠢᠨ ᠲᠦᠷᠪᠡᠨ᠎ᠳᠤ ᠡᠯ᠎ᠡ ᠶᠡᠬᠡ ᠠᠩᠬᠢ ᠵᠢᠨ᠎ᠬᠢᠨ ᠳᠡᠭᠡᠷ᠎ᠡ ᠭᠠᠷᠠᠭ᠎ᠤᠨ ᠠᠵᠢᠯ᠎ᠤᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠲᠤᠰ ᠭᠠᠷᠠᠭ᠎ᠤᠨ ᠠᠵᠢᠯ᠎ᠤᠨ ᠲᠥᠯᠥᠪᠯᠡᠭᠡ᠎ᠪᠠᠨ ᠳᠤᠷᠠᠳᠴᠤ᠂ ᠰᠠᠢ᠍ᠢ᠍ᠨ ᠲᠤᠷᠰᠢᠯᠭ᠎ᠠ ᠠᠷᠭ᠎ᠠ ᠬᠢᠳᠡᠯ ᠵᠶ᠋ᠠᠨ ᠳ᠋ᠦᠩᠨᠡᠵᠦ᠂ ᠰᠠᠯᠪᠤᠷᠢ ᠠᠩᠬᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠵᠢ ᠵᠢᠭ᠋ᠠᠨ ᠭᠠᠷᠭ᠋ᠠᠵᠤ᠂ ᠠᠵᠢᠯ᠎ᠤᠨ ᠪᠠᠶ᠋ᠢᠷᠢᠯᠠᠭᠤᠯᠤᠯᠲᠠ ᠬᠢᠵᠦ᠂ ᠡᠯ᠎ᠡ ᠲᠦᠷᠦᠯ᠎ᠤᠨ ᠠᠵᠢᠯ᠎ᠤᠨ 《ᠭᠤᠭᠴᠤᠭ᠎ᠠ》 ᠵᠢ ᠪᠦᠷᠢᠯᠳᠦᠭᠦᠯᠬᠦ ᠵᠢ ᠠᠬᠢᠭᠤᠯᠪᠠ᠃ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠬᠤ ᠵᠢ ᠰᠠᠷ᠎ᠠ ᠪᠦᠷᠢ ᠨᠢᠭᠡ ᠤᠳᠠᠭ᠎ᠠ ᠬᠢᠵᠦ᠂ ᠠᠯᠪᠠᠨ ᠠᠵᠢᠯ᠂ ᠲᠠᠯᠠᠪᠤᠷ ᠭᠠᠵᠠᠷ᠂ ᠡᠩᠨᠡᠭᠡ ᠵᠡᠷᠭᠡ ᠲᠠᠯ᠎ᠠ᠎ᠳᠤ 《ᠬᠡᠪᠢᠰ ᠮᠠᠶᠢᠭ》᠎ᠤᠨ ᠶᠡᠬᠡ ᠵᠢᠭᠰᠠᠭ᠋ᠠᠨ ᠪᠠᠶ᠋ᠢᠴᠠᠭ᠋ᠠᠯᠲᠠ ᠬᠢᠬᠦ ᠵᠢ ᠴᠢᠩᠳᠠᠯᠠᠵᠤ᠂ ᠠᠮᠤᠷ ᠲᠦᠪᠰᠢᠨ᠎ᠤ ᠵᠠᠳᠠᠯᠤᠯᠲᠠ ᠵᠢᠨ ᠬᠤᠷᠠᠯ ᠬᠢᠵᠦ᠂ ᠪᠠᠭᠤᠷᠠᠶ ᠭᠣᠭᠴᠣᠭ᠎ᠠ ᠪᠠ ᠡᠮᠵᠡᠭ ᠲᠠᠯ᠎ᠠ ᠵᠢ ᠴᠠᠭ ᠲᠤᠬᠠᠶ᠎ᠳᠤ᠎ᠨᠢ ᠡᠷᠢᠵᠦ᠂ ᠡᠯ᠎ᠡ ᠲᠥᠷᠥᠯ᠎ᠤᠨ ᠡᠨᠳᠡᠯ ᠭᠠᠷᠬᠤ ᠵᠢ ᠡᠷᠡᠰ ᠰᠡᠷᠭᠡᠢ᠌ᠯᠡᠪᠡ᠃

     ᠴᠠᠭ ᠲᠤᠬᠠᠶ᠎ᠳᠤ᠎ᠨᠢ ᠴᠠᠭᠳᠠᠭ᠎ᠠ ᠵᠢ ᠬᠠᠶ᠋ᠢᠷᠠᠯᠠᠬᠤ ᠬᠠᠯᠠᠮᠵᠢᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠪᠠ᠃ 《ᠬᠣᠤᠰ ᠲᠥᠷᠪᠡ ᠨᠢᠭᠡ》 ᠵᠢᠨ ᠲᠣᠭᠲᠠᠴᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ᠎ᠲᠤ 《ᠳᠥᠷᠪᠡᠨ ᠮᠡᠳᠡᠭᠦᠯᠦᠯᠲᠡ ᠬᠢᠵᠦ᠂ ᠨᠢᠭᠡ ᠵᠢ ᠲᠦᠰᠢᠭᠯᠡᠬᠦ》 ᠪᠣᠯᠪᠠ (ᠥᠪᠡᠷ᠎ᠤᠨ ᠬᠠᠮᠢᠭ᠎ᠠ ᠪᠠᠶ᠋ᠢᠬᠤ᠂ ᠶᠠᠭᠤ ᠬᠢᠬᠦ᠂ ᠶᠠᠭᠤ ᠪᠤᠳᠤᠬᠤ᠂

ᠣᠳᠣᠬᠠᠨ᠎ᠳᠤ ᠶᠠᠭᠤ ᠬᠡᠷᠡᠭᠰᠡᠬᠦ᠂ ᠬᠦᠴᠢᠷᠳᠡᠯ ᠪᠠ ᠠᠰᠠᠭᠤᠳᠠᠯ ᠲᠤᠯᠭ᠋ᠠᠷᠠᠪᠠᠯ ᠵᠣᠬᠢᠶᠠᠨ ᠪᠠᠶ᠋ᠢᠭᠤᠯᠤᠯᠲᠠ ᠵᠢ ᠲᠦᠰᠢᠭᠯᠡᠬᠦ ᠬᠡᠷᠡᠭᠲᠡᠶ ᠭᠡᠳᠡᠭ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠪᠡ)᠃ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠥᠬᠥᠳ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠲᠤᠬᠠᠶ

《ᠳᠥᠷᠪᠡ ᠵᠢ ᠮᠡᠳᠡᠵᠦ᠂ ᠨᠢᠭᠡ ᠵᠢ ᠳᠠᠭ᠋ᠠᠵᠤ ᠠᠮᠵᠢᠬᠤ》 ᠪᠣᠯᠪᠠ (ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠮᠢᠭ᠎ᠠ ᠪᠠᠶ᠋ᠢᠬᠤ᠂ ᠶᠠᠭᠤ ᠬᠢᠬᠦ᠂ ᠶᠠᠭᠤ ᠪᠤᠳᠤᠬᠤ᠂ ᠣᠳᠣᠬᠠᠨ᠎ᠳᠤ ᠶᠠᠭᠤ ᠬᠡᠷᠡᠭᠴᠡᠭᠡ᠎ᠲᠠᠢ ᠪᠠᠶ᠋ᠢᠬᠤ ᠵᠢ ᠴᠠᠭ ᠲᠤᠬᠠᠶ᠎ᠳᠤ᠎ᠨᠢ ᠮᠡᠳᠡᠬᠦ ᠬᠡᠷᠡᠭᠲᠡᠶ᠂ ᠦᠵᠡᠯ ᠰᠠᠨᠠᠭ᠋ᠠᠨ᠎ᠤ ᠠᠵᠢᠯ᠎ᠢ ᠴᠠᠭ ᠲᠤᠬᠠᠶ᠎ᠳᠤ᠎ᠨᠢ ᠳᠠᠭ᠋ᠠᠵᠤ ᠠᠮᠵᠢᠪᠠ)᠃ 《ᠬᠣᠤᠰ ᠲᠥᠷᠪᠡ ᠨᠢᠭᠡ》 ᠵᠢᠨ ᠲᠣᠭᠲᠠᠴᠠ᠎ᠪᠠᠷ ᠳᠠᠮᠵᠢᠭᠤᠯᠤᠨ᠂ ᠣᠯᠠᠨ᠎ᠤ ᠠᠵᠢᠯ᠂ ᠠᠮᠢᠳᠤᠷᠠᠯ᠂ ᠬᠡᠷ ᠪᠦᠯᠢ ᠵᠢᠴᠢ ᠡᠷᠡᠭᠦᠯ ᠮᠡᠨᠳᠦ ᠵᠢᠨ ᠪᠠᠶ᠋ᠢᠳᠠᠯ᠎ᠢ ᠴᠠᠭ ᠲᠤᠬᠠᠶ᠎ᠳᠤ᠎ᠨᠢ ᠣᠶ᠋ᠢᠯᠠᠭ᠋ᠠᠵᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠦᠨᠡᠨ ᠬᠦ᠌ ᠬᠠᠢ᠌ᠷᠠᠯᠠᠨ ᠬᠠᠯᠠᠮᠵᠢᠯᠠᠪᠠ᠃

 

ᠢᠷᠡᠯᠲᠡ᠄ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ