2 ᠳ᠋ᠤᠭ᠋ᠠᠷ ᠰᠠᠷ᠎ᠠ ᠵᠢᠨ 23᠎ᠤ ᠡᠳᠦᠷ᠂ ᠰᠢᠯᠢ ᠵᠢᠨ ᠭᠤᠤᠯ ᠠᠶ᠋ᠢᠮᠠᠭ᠎ᠤᠨ ᠠᠪᠠᠭ᠎ᠠ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠢᠭᠡ ᠤᠳᠠᠭ᠋ᠠᠨ᠎ᠤ ᠥᠪᠡᠷᠮᠢᠴᠡ ᠣᠨᠴᠠᠯᠢᠭ᠎ᠲᠠᠢ 《ᠡᠷᠡᠬᠡᠢ ᠪᠣᠤᠪᠠᠢ ᠴᠠᠭᠳᠠᠭ᠋ᠠᠨ᠎ᠤ ᠬᠤᠸᠠᠷᠠᠨ᠎ᠳᠤ ᠬᠦᠨᠵᠡᠭᠡᠢ᠌ᠷᠡᠬᠦ》 ᠡᠪᠦᠯ᠎ᠤᠨ ᠠᠮᠠᠷᠠᠯᠲᠠ ᠵᠢᠨ ᠣᠬᠤᠷ ᠬᠤᠭᠤᠴᠠᠭ᠋ᠠᠨ᠎ᠤ ᠬᠠᠪᠰᠤᠷᠤᠨ ᠵᠢᠯᠣᠭᠤᠳᠬᠤ ᠠᠩᠭᠢ ᠵᠢᠨ ᠠᠵᠢᠯᠯᠠᠭ᠎ᠠ ᠥᠷᠨᠢᠭᠦᠯᠪᠡ᠃ 30 ᠭᠠᠷᠤᠢ 《ᠡᠷᠡᠬᠡᠢ ᠪᠣᠤᠪᠠᠢ》 ᠴᠠᠭᠳᠠᠭ᠋ᠠᠨ᠎ᠤ ᠬᠤᠸᠠᠷᠠᠨ᠎ᠳᠤ ᠴᠤᠭᠯᠠᠷᠠᠵᠤ᠂ ᠴᠤᠪᠤᠭᠤᠯᠢᠭ ᠬᠥᠭᠡᠷᠦᠬᠦᠨ ᠬᠠᠷᠠᠴᠠ᠎ᠪᠠᠷ ᠴᠠᠭᠳᠠᠭ᠋ᠠᠨ᠎ᠤ ᠬᠤᠸᠠᠷᠠᠨ᠎ᠤ ᠠᠮᠢᠳᠤᠷᠠᠯ᠎ᠢ ᠬᠠᠶ᠋ᠢᠵᠤ᠂ ᠴᠠᠭᠳᠠᠭ᠋ᠠᠨ᠎ᠤ ᠬᠤᠸᠠᠷᠠᠨ᠎ᠤ ᠷᠢᠳᠢ ᠰᠢᠳᠢ ᠵᠢ ᠥᠴᠦᠬᠡᠨ ᠴᠦ᠍ ᠠᠯᠳᠠᠯ ᠦᠭᠡᠢ ᠰᠣᠨᠢᠷᠬᠠᠨ᠂ ᠠᠪᠤ ᠡᠵᠢ ᠵᠢᠨ ᠵᠶ᠋ᠠᠨ ᠡᠳᠦᠷ ᠲᠤᠳᠤᠮ᠎ᠤᠨ ᠠᠵᠢᠯ᠎ᠢ ᠪᠡᠶᠡᠴᠢᠯᠡᠨ ᠣᠶ᠋ᠢᠯᠠᠭ᠋ᠠᠪᠠ᠃
ᠣᠨᠴᠠ ᠲᠥᠷᠦᠯ᠎ᠤᠨ ᠴᠠᠭᠳᠠᠭ᠎ᠠ ᠵᠢᠨ ᠶᠡᠬᠡ ᠠᠩᠭᠢ᠂ ᠪᠡᠯᠭᠦᠳᠡᠢ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠴᠠᠭᠳᠠᠭ᠎ᠠ ᠵᠢᠨ ᠶᠡᠬᠡ ᠠᠩᠬᠢ ᠵᠢᠨ ᠴᠠᠭᠳᠠᠭ᠎ᠠ ᠠᠪᠠᠭ᠎ᠠ ᠪᠠ ᠠᠨᠢᠶ᠎ᠠ ᠵᠢᠨ ᠡᠳᠦᠷ ᠳᠣᠲᠤᠮ᠎ᠤᠨ ᠠᠵᠢᠯ᠎ᠤᠨ ᠪᠠᠢ᠌ᠳᠠᠯ᠂ ᠠᠮᠢᠳᠤᠷᠠᠯ᠎ᠤᠨ ᠪᠠᠢ᠌ᠳᠠᠯ᠎ᠢ ᠣᠢ᠌ᠯᠠᠭ᠋ᠠᠬᠤ ᠵᠢᠨ ᠬᠠᠮᠲᠤ ᠥᠪᠡᠷ᠎ᠤᠨ ᠦᠯᠦ ᠮᠡᠳᠡᠬᠦ ᠵᠦᠢ᠍ᠯ ᠵᠶ᠋ᠡᠨ ᠠᠰᠠᠭᠤᠨ ᠴᠠᠭᠳᠠᠭ᠋ᠠᠨ᠎ᠤ ᠬᠡᠷᠡᠭᠯᠡᠭᠡᠨ᠎ᠤ ᠵᠦᠢ᠍ᠯ᠎ᠤᠨ ᠭᠠᠢ᠌ᠬᠠᠮᠰᠢᠭ᠎ᠢ ᠰᠤᠨᠢᠷᠬᠠᠪᠠ᠃
ᠡᠷᠡᠭᠦᠤ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠨᠠᠷ ᠬᠡᠤᠬᠡᠳ᠎ᠤᠨ ᠨᠠᠰᠤ ᠵᠢᠯ᠂ ᠰᠡᠳᠬᠢᠴᠡ ᠵᠢᠨ ᠣᠨᠴᠠᠯᠢᠭ᠎ᠢ ᠦᠨᠳᠦᠰᠦᠯᠡᠨ᠂ ᠲᠣᠭᠤᠷᠢᠨ ᠦᠵᠡᠬᠦ ᠵᠠᠭᠪᠤᠷ ᠵᠢᠴᠢ ᠲᠤᠬᠠᠶ ᠵᠢᠨ ᠲᠠᠯᠠᠪᠤᠷ᠎ᠲᠤ ᠬᠠᠷᠢᠯᠴᠠᠨ ᠬᠥᠳᠡᠯᠦᠯᠴᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠥᠬᠦᠮ ᠣᠶ᠋ᠢᠯᠠᠭ᠋ᠠᠮᠵᠢᠲᠠᠶ ᠦᠭᠡ ᠬᠡᠯᠡ᠎ᠪᠠᠷ ᠲᠤᠬᠠᠶ ᠵᠢᠨ ᠲᠠᠯᠠᠪᠤᠷ᠎ᠲᠤ ᠪᠠᠶ᠋ᠢᠭᠰᠠᠨ ᠪᠢᠴᠢᠬᠠᠨ ᠨᠠᠶ᠋ᠢᠵᠠ ᠨᠠᠷ᠎ᠲᠤ 《ᠦᠰᠦᠷᠦᠯᠲᠡ ᠵᠢᠨ ᠰᠢᠬᠢᠷ》 《ᠺᠸ ᠯᠸ》 ᠵᠡᠷᠭᠡ ᠰᠢᠨ᠎ᠡ ᠬᠡᠯᠪᠡᠷᠢ ᠵᠢᠨ ᠬᠤᠤᠷᠲᠤ ᠡᠳ᠋᠎ᠤᠨ ᠬᠠᠭᠤᠷᠮᠠᠭ᠎ᠢ ᠬᠡᠷᠬᠢᠨ ᠢᠯᠭ᠋ᠠᠨ ᠲᠠᠨᠢᠬᠤ ᠲᠤᠬᠠᠶ ᠲᠥᠬᠦᠮ ᠲᠠᠶ᠋ᠢᠯᠪᠤᠷᠢᠯᠠᠨ ᠥᠭᠴᠦ᠂ ᠲᠠᠨᠢᠬᠤ ᠥᠬᠡᠶ ᠬᠥᠮᠦᠨ ᠪᠠ ᠡᠳ᠋ ᠪᠣᠳᠠᠰ᠎ᠤᠨ ᠰᠣᠨᠣᠷ ᠰᠡᠷᠡᠮᠵᠢ ᠵᠢ ᠳᠡᠭᠡᠭᠰᠢᠯᠡᠭᠦᠯᠪᠡ᠃ ᠲᠡᠷᠡᠴᠢᠯᠡᠨ ᠸᠢᠳᠢᠣ᠋᠂ ᠺᠠᠷᠲ᠋ᠣᠨ ᠵᠢᠷᠤᠭ ᠵᠡᠷᠭᠡ ᠬᠡᠯᠪᠡᠷᠢ᠎ᠪᠠᠷ ᠮᠡᠬᠡᠯᠡᠯ᠎ᠢ ᠰᠡᠷᠭᠡᠶ᠋ᠢᠯᠡᠬᠦ ᠮᠡᠳᠡᠯᠭᠡ ᠵᠢ ᠲᠦᠭᠡᠮᠡᠯᠵᠢᠭᠦᠯᠵᠦ᠂ ᠮᠡᠬᠡᠯᠡᠯ᠎ᠢ ᠡᠰᠡᠷᠭᠦᠴᠡᠬᠦ ᠰᠤᠷᠤᠭᠴᠢᠳ᠎ᠤᠨ ᠪᠠᠭ᠎ᠠ ᠠᠩᠬᠢ ᠵᠢ ᠪᠠᠶ᠋ᠢᠭᠤᠯᠵᠤ᠂ ᠮᠡᠬᠡᠯᠡᠯ᠎ᠢ ᠡᠰᠡᠷᠭᠦᠴᠡᠬᠦ ᠰᠡᠷᠭᠡᠢ᠌ᠯᠡᠯᠳᠡ ᠵᠢᠨ ᠬᠠᠯᠬᠠᠪᠴᠢ ᠵᠢ ᠪᠡᠬᠢᠵᠢᠭᠦᠯᠪᠡ᠃