ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 2024 ᠣᠨ᠎ᠤ ᠪᠡᠶ᠎ᠡ ᠵᠢᠨ ᠲᠠᠮᠢᠷ᠎ᠤᠨ ᠪᠠᠷᠢᠮᠵᠢᠶ᠎ᠠ᠎ᠳᠤ ᠬᠥᠷᠬᠥ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2024-07-10

     6 ᠰᠠᠷ᠎ᠠ ᠵᠢᠨ 5᠎ᠤ ᠡᠳᠦᠷ᠂ ᠪᠥᠬᠥ ᠴᠠᠭᠳᠠᠭ᠎ᠠ ᠵᠢᠨ ᠪᠣᠳᠠᠲᠤ ᠪᠠᠶ᠋ᠢᠯᠳᠤᠭ᠋ᠠᠨ᠎ᠤ ᠶᠡᠬᠡ ᠪᠣᠯᠪᠠᠰᠤᠷᠠᠯ᠎ᠢ ᠭᠦᠨᠵᠡᠭᠡᠶ ᠠᠬᠢᠭᠤᠯᠬᠤ᠂ ᠪᠥᠬᠥ ᠴᠠᠭᠳᠠᠭ᠎ᠠ ᠵᠢᠨ ᠪᠡᠶ᠎ᠡ ᠵᠢᠨ ᠴᠢᠳᠠᠪᠤᠷᠢ ᠵᠢᠨ ᠬᠡᠪ ᠴᠢᠨᠠᠷ ᠪᠠ ᠴᠠᠭᠳᠠᠭ᠋ᠠᠨ᠎ᠤ ᠶᠠᠪᠤᠳᠠᠯ᠎ᠤᠨ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠬᠦ᠂ ᠣᠳᠣᠬᠠᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠪᠠᠶ᠋ᠢᠳᠠᠯ ᠪᠠ ᠡᠭᠦᠷᠭᠡ ᠵᠢᠨ ᠬᠡᠷᠡᠭᠴᠡᠭᠡ᠎ᠳᠤ ᠨᠠᠩ ᠰᠠᠶ᠋ᠢᠲᠤᠷ ᠵᠣᠬᠢᠴᠠᠭᠤᠯᠬᠤ ᠵᠢᠨ ᠲᠥᠯᠥᠭᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 2024 ᠣᠨ᠎ᠤ ᠪᠡᠶ᠎ᠡ ᠵᠢᠨ ᠴᠢᠳᠠᠪᠤᠷᠢ ᠵᠢᠨ ᠪᠠᠷᠢᠮᠵᠢᠶ᠎ᠠ᠎ᠳᠤ ᠬᠥᠷᠬᠥ  ᠰᠢᠯᠭ᠋ᠠᠯᠲᠠ ᠵᠢ  ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠣᠰ ᠤᠳᠠᠭ᠋ᠠᠨ᠎ᠤ ᠰᠢᠯᠭ᠋ᠠᠯᠲᠠ᠎ᠳᠤ ᠣᠷᠣᠯᠴᠠᠪᠠ᠃

微信图片_20240606165844.jpg


      ᠲᠣᠰ ᠤᠳᠠᠭ᠋ᠠᠨ᠎ᠤ ᠰᠢᠯᠭ᠋ᠠᠯᠲᠠ᠎ᠳᠤ 《ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠶᠡᠷᠦᠩᠬᠡᠶ᠋ᠢᠯᠡᠭᠰᠡᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠭᠠᠷ ᠳᠡᠪᠲᠡᠷ》 《ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ 2024 ᠣᠨ᠎ᠤ ᠪᠡᠶ᠎ᠡ ᠵᠢᠨ ᠲᠠᠮᠢᠷ᠎ᠤᠨ ᠪᠠᠷᠢᠮᠵᠢᠶ᠎ᠠ᠎ᠳᠤ ᠬᠦᠷᠭᠡᠬᠦ ᠰᠢᠯᠭ᠋ᠠᠯᠲᠠ ᠵᠢᠨ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠠᠳᠠᠯᠢ ᠪᠤᠰᠤ ᠨᠠᠰᠤᠨ᠎ᠤ ᠱᠠᠲᠤ ᠪᠠ ᠬᠦᠢ᠍ᠰᠦ ᠵᠢᠨ ᠢᠯᠭ᠋ᠠᠯ᠎ᠢ ᠦᠨᠳᠦᠰᠦᠯᠡᠨ ᠳᠤᠭᠤᠶ᠋ᠢᠯᠠᠩ ᠬᠤᠪᠢᠶᠠᠨ ᠬᠢᠨᠠᠨ ᠰᠢᠯᠭ᠋ᠠᠪᠠ᠃ ᠡᠭᠦᠨ᠎ᠳᠤ 4 × 10 ᠮᠧᠲᠷ᠎ᠤᠨ ᠡᠭᠡᠵᠦ ᠭᠦᠶᠦᠬᠦ᠂ ᠡᠯᠢᠭᠡᠳᠡᠭᠡ ᠲᠤᠯᠤᠯᠲᠠ᠂ ᠲᠠᠩᠭ᠋ᠠᠶ᠋ᠢᠵᠤ ᠪᠣᠰᠬ᠍᠊᠂ 1000 ᠮᠧᠲᠷ᠂ 800 ᠮᠧᠲᠷ᠂ ᠢᠳᠡᠷᠡᠭᠦᠨ ᠠᠯᠬᠤᠬᠤ ᠵᠡᠷᠭᠡ ᠲᠥᠷᠥᠯ ᠵᠥᠢ᠍ᠯ ᠪᠠᠭᠲᠠᠨ᠎ᠠ᠃ ᠰᠢᠯᠭ᠋ᠠᠯᠲᠠ᠎ᠠᠴᠠ ᠡᠮᠦᠨ᠎ᠡ᠂ ᠬᠢᠨᠠᠭᠴᠢ ᠪᠡᠶ᠎ᠡ ᠵᠢᠨ ᠲᠠᠮᠢᠷ᠎ᠤᠨ ᠰᠢᠯᠭ᠋ᠠᠯᠲᠠ ᠵᠢᠨ ᠲᠦᠷᠢᠮ᠂ ᠶᠠᠪᠤᠴᠠ᠂ ᠠᠩᠬᠠᠷᠬᠤ ᠵᠦᠢ᠍ᠯᠡᠰ᠎ᠤᠨ ᠲᠤᠬᠠᠶ ᠨᠠᠷᠢᠨ ᠬᠢᠨᠠᠮᠠᠭ᠋ᠠᠶ ᠴᠢᠬᠤᠯᠠᠴᠢᠯᠠᠵᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠰᠢᠯᠭ᠋ᠠᠯᠲᠠ ᠵᠢᠨ ᠵᠦᠢ᠍ᠯᠡᠰ᠎ᠤᠨ ᠪᠠᠷᠢᠮᠵᠢᠶ᠎ᠠ ᠪᠠ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠬᠠᠮᠤᠭ᠎ᠤᠨ ᠰᠠᠶ᠋ᠢᠨ ᠪᠠᠶ᠋ᠢᠳᠠᠯ ᠵᠶ᠋ᠠᠷ ᠬᠠᠮᠤᠭ᠎ᠤᠨ ᠥᠨᠳᠥᠷ ᠬᠢᠷᠢ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃ ᠰᠢᠯᠭ᠋ᠠᠯᠲᠠ ᠵᠢᠨ ᠳᠤᠮᠳᠠ᠂ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠢᠳᠡᠪᠬᠢᠲᠡᠶ᠎ᠪᠠᠷ ᠳᠠᠭ᠋ᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ᠎ᠤᠨ ᠵᠣᠷᠢᠭ ᠵᠶ᠋ᠠᠷ ᠪᠡᠶ᠎ᠡ ᠵᠢᠨ ᠲᠠᠮᠢᠷ᠎ᠤᠨ ᠪᠠᠷᠢᠮᠵᠢᠶ᠎ᠠ᠎ᠳᠤ ᠬᠥᠷᠬᠥ ᠰᠢᠯᠭ᠋ᠠᠯᠲᠠ᠎ᠳᠤ ᠣᠷᠣᠯᠴᠠᠵᠤ᠂ ᠡᠯ᠎ᠡ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠡᠷᠭᠡ ᠨᠢᠭᠡᠴᠢ ᠰᠠᠯᠠᠭ᠎ᠠ ᠮᠥᠴᠢᠷ᠎ᠤᠳ ᠪᠡᠶ᠎ᠡ ᠵᠢᠨ ᠲᠠᠮᠢᠷ᠎ᠤᠨ ᠪᠠᠷᠢᠮᠵᠢᠶ᠎ᠠ᠎ᠳᠤ ᠬᠥᠷᠬᠥ ᠰᠢᠯᠭ᠋ᠠᠯᠲᠠ ᠵᠢ ᠵᠡᠷᠭᠡ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠪᠡ᠃

微信图片_20240606165923.png


      ᠲᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠥᠬᠥ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠡᠶ᠎ᠡ ᠵᠢᠨ ᠲᠠᠮᠢᠷ᠎ᠤᠨ ᠰᠢᠯᠭ᠋ᠠᠯᠲᠠ ᠵᠢᠨ ᠲᠣᠭ᠎ᠠ ᠪᠠᠷᠢᠮᠲᠠ ᠵᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠪᠣᠯᠪᠠᠰᠤᠷᠠᠯ᠎ᠤᠨ ᠠᠷᠭ᠎ᠠ ᠮᠠᠶᠢᠭ᠎ᠢ ᠬᠠᠨᠳᠤᠯᠭ᠋ᠠᠲᠤ ᠴᠢᠨᠠᠷᠲᠠᠶ᠎ᠪᠠᠷ ᠥᠷᠭᠡᠳᠬᠡᠨ᠂ ᠪᠣᠯᠪᠠᠰᠤᠷᠠᠯ᠎ᠤᠨ ᠵᠠᠭᠪᠤᠷ᠎ᠲᠤ ᠢᠳᠡᠪᠬᠢᠲᠡᠶ᠎ᠪᠠᠷ ᠰᠢᠨ᠎ᠡ ᠵᠢ ᠡᠭᠦᠳᠴᠦ᠂ ᠪᠥᠬᠥ ᠴᠠᠭᠳᠠᠭ᠎ᠠ ᠵᠢᠨ ᠬᠥᠮᠦᠵᠢᠯ ᠪᠣᠯᠪᠠᠰᠤᠷᠠᠯ᠎ᠤᠨ ᠠᠵᠢᠯ᠎ᠢ ᠴᠢᠩᠭ᠎ᠠ ᠪᠣᠳᠠᠲᠠᠶ ᠠᠳᠬᠤᠨ᠎ᠠ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ