ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠰᠠᠭᠤᠷᠢ ᠪᠠᠶ᠋ᠢᠭᠤᠯᠤᠯᠲᠠ
ᠪᠤᠭᠤᠲᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠪᠦᠬᠦ ᠬᠤᠳᠠ ᠵᠢᠨ ᠠᠩᠬᠠᠳᠤᠭ᠋ᠠᠷ ᠬᠤᠭᠤᠴᠠᠭ᠋ᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠶ᠋ᠢᠯᠤᠮᠵᠢ ᠵᠢᠨ ᠤᠷᠤᠯᠳᠤᠭ᠋ᠠᠨ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2024-08-22

   5 ᠳ᠋ᠤᠭ᠋ᠠᠷ ᠰᠠᠷ᠎ᠠ ᠵᠢᠨ 16᠎ᠤ ᠡᠳᠦᠷ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠤᠯᠠᠮᠵᠢᠯᠠᠨ ᠳᠡᠯᠭᠡᠷᠡᠭᠦᠯᠬᠦ ᠵᠢ ᠶᠡᠬᠡᠪᠡᠷ ᠠᠬᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠥᠯᠥᠭᠡ᠂ ᠪᠤᠭᠤᠲᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠪᠣᠯᠤᠨ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ᠂ ᠬᠤᠳᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠪᠴᠢᠶ᠎ᠠ ᠬᠠᠮᠲᠤᠷᠠᠨ ᠪᠦᠬᠦ ᠬᠤᠳᠠ ᠵᠢᠨ ᠠᠩᠬᠠᠳᠤᠭ᠋ᠠᠷ ᠬᠤᠭᠤᠴᠠᠭ᠋ᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠶ᠋ᠢᠯᠤᠮᠵᠢ ᠵᠢᠨ ᠶᠡᠭᠡ ᠤᠷᠤᠯᠳᠤᠭ᠋ᠠᠨ᠎ᠢ ᠡᠷᠬᠢᠯᠡᠪᠡ᠃ ᠲᠤᠰ ᠤᠳᠠᠭ᠎ᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠵᠢᠨ ᠤᠷᠤᠯᠳᠤᠭ᠋ᠠᠨ᠎ᠨᠢ

《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ》 ᠠᠵᠢᠯ᠎ᠢ ᠭᠦᠨᠵᠡᠭᠡᠢ ᠠᠬᠢᠭᠤᠯᠬᠤ᠎ᠪᠠᠷ ᠴᠢᠬᠤᠯᠠ ᠬᠦᠴᠦᠯᠡᠬᠦ ᠴᠡᠭ ᠪᠣᠯᠭ᠋ᠠᠵᠤ᠂ ᠪᠦᠬᠦ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 27 ᠨᠡᠷᠡᠰ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ᠂ ᠲᠤᠬᠠᠢ ᠵᠢᠨ ᠲᠠᠯᠠᠪᠠᠢ᠎ᠳᠤ ᠤᠬᠠᠭᠤᠯᠤᠨ ᠲᠠᠶ᠋ᠢᠯᠪᠤᠷᠢᠯᠠᠬᠤ ᠬᠡᠯᠪᠡᠷᠢ᠎ᠪᠠᠷ᠂ ᠠᠮᠢᠳᠤᠯᠢᠭ ᠦᠭᠡ ᠬᠡᠯᠡ ᠪᠣᠯᠤᠨ ᠰᠢᠨ᠎ᠡ ᠵᠢ ᠡᠭᠦᠳᠬᠦ ᠬᠡᠯᠪᠡᠷᠢ᠎ᠪᠠᠷ ᠤᠷᠤᠯᠳᠤᠭ᠋ᠠᠨ᠎ᠤ ᠠᠬᠤᠢ ᠲᠠᠯᠠᠪᠠᠢ ᠵᠢ ᠰᠣᠨᠢᠷᠬᠠᠯᠲᠠᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ᠎ᠤᠨ ᠲᠠᠩᠬᠢᠮ ᠪᠣᠯᠭ᠋ᠠᠪᠠ᠃

微信图片_20240528083054.jpg  


    ᠴᠠᠭᠳᠠᠭ᠎ᠠ ᠨᠠᠷ ᠳᠣᠲᠣᠭ᠋ᠠᠳᠤ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠪᠠ ᠡᠳᠦᠷ ᠲᠤᠲᠤᠮ᠎ᠤᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠬᠤᠤᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠂ AI ᠵᠢᠰᠦ ᠰᠣᠯᠢᠬᠤ ᠪᠠ ᠶᠠᠯ᠎ᠠ ᠬᠢᠬᠦ᠂ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢᠴᠢ ᠰᠦᠯᠵᠢᠶᠡᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠡᠷᠭᠡ ᠣᠯᠠᠨ ᠲᠠᠯ᠎ᠠ᠎ᠠᠴᠠ ᠨᠠᠷᠢᠨ ᠪᠤᠳᠤᠯᠢᠶᠠᠨᠲᠠᠶ ᠰᠢᠨᠵᠢᠯᠡᠬᠦ ᠤᠬᠠᠭ᠋ᠠᠨ᠎ᠤ ᠮᠡᠳᠡᠯᠭᠡ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠶᠡᠷᠦ ᠵᠢᠨ ᠮᠡᠳᠡᠯᠭᠡ ᠵᠢ ᠬᠢᠯᠪᠠᠷ ᠣᠶ᠋ᠢᠯᠠᠭ᠋ᠠᠮᠵᠢᠲᠠᠶ᠂ ᠤᠷᠮ᠎ᠠ ᠪᠠᠬ᠎ᠠ᠎ᠲᠠᠢ ᠪᠣᠯᠭ᠋ᠠᠨ ᠤᠷᠠᠨ ᠵᠶ᠋ᠠᠷ ᠲᠠᠶ᠋ᠢᠯᠪᠤᠷᠢᠯᠠᠵᠤ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠦᠪᠡᠳᠡᠭᠰᠢ ᠳᠠᠶ᠋ᠢᠯᠠᠯᠭ᠎ᠠ ᠵᠢ ᠠᠪᠴᠢᠷᠠᠭᠰᠠᠨ ᠪᠠᠶ᠋ᠢᠨ᠎ᠠ᠃

微信图片_20240528083136.jpg  


    ᠡᠨᠡ ᠵᠢᠯ᠎ᠠᠴᠠ ᠨᠠᠭ᠋ᠠᠰᠢ᠂ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ᠎ᠬᠢᠨ ᠴᠠᠭ ᠦᠶ᠎ᠡ ᠵᠢᠨ ᠭᠤᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠥᠷᠭᠡᠨ ᠤᠯᠠᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ᠎ᠳᠤ ᠠᠩᠬᠠᠷᠤᠯ ᠲᠠᠯᠪᠢᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ᠎ᠳᠤ ᠣᠷᠣᠯᠴᠠᠬᠤ ᠵᠢ ᠵᠣᠷᠢᠭᠵᠢᠭᠤᠯᠬᠤ ᠪᠠ ᠬᠦᠳᠦᠯᠦᠨ ᠵᠢᠯᠣᠭᠤᠳᠴᠤ᠂ ᠠᠷᠠᠳ᠎ᠤᠨ ᠠᠮᠢᠳᠤᠷᠠᠯ᠎ᠳᠤ ᠤᠢ᠍ᠢ᠍ᠷᠠᠳᠤᠭᠰᠠᠨ᠂ ᠤᠶᠤᠨ ᠤᠬᠠᠭ᠋ᠠᠨ᠎ᠢ ᠰᠡᠬᠡᠭᠡᠷᠡᠭᠦᠯᠦᠭᠰᠡᠨ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠨᠡᠩ ᠤᠯᠠᠨ ᠪᠦᠲᠦᠭᠡᠯ᠎ᠢ ᠵᠣᠬᠢᠶᠠᠨ ᠪᠦᠲᠦᠭᠡᠵᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠶ᠋ᠢᠯᠤᠮᠵᠢ ᠬᠢᠬᠦ ᠤᠷᠤᠯᠳᠤᠭ᠋ᠠᠨ᠎ᠢ ᠡᠷᠬᠢᠯᠡᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠤᠯᠠᠮᠵᠢᠯᠠᠬᠤ ᠲᠤᠮᠤ ᠲᠠᠪᠴᠠᠩ᠎ᠢ ᠪᠠᠶ᠋ᠢᠭᠤᠯᠵᠤ᠂ ᠪᠦᠬᠦ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠠᠴᠠ ᠬᠠᠪᠰᠤᠷᠤᠭᠴᠢ ᠴᠠᠭᠳᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠤᠯᠠᠮ ᠴᠢᠨᠠᠭᠰᠢᠳᠠ ᠬᠦᠭᠵᠢᠭᠡᠪᠡ᠃

 

  

ᠢᠷᠡᠯᠲᠡ᠄ ᠪᠤᠭᠤᠲᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ