ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠲᠡᠷᠡ ᠠᠮᠢ ᠨᠠᠰᠤ᠎ᠪᠠᠷ ᠵᠶ᠋ᠠᠨ ᠬᠠᠷᠢᠭᠤᠴᠠᠯᠭ᠎ᠠ᠎ᠪᠠᠨ ᠬᠡᠮᠵᠢᠪᠡ
ᠨᠡᠶ᠋ᠢᠲᠡᠯᠡᠭᠰᠡᠨ ᠴᠠᠭ᠄ 2022-10-12

      ᠰᠢᠯᠢ ᠵᠢᠨ ᠭᠤᠤᠯ ᠠᠶ᠋ᠢᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠪᠦᠦ ᠶᠦᠩ ᠵᠢᠶᠦ᠋ᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠭᠡᠨᠡᠳᠲᠡ ᠵᠢᠷᠦᠬᠡᠨ᠎ᠤ ᠡᠪᠡᠳᠴᠢᠨ ᠣᠯᠵᠤ᠂ ᠡᠨᠡ ᠵᠢᠯ᠎ᠤᠨ 8 ᠳ᠋ᠤᠭ᠋ᠠᠷ ᠰᠠᠷ᠎ᠠ ᠵᠢᠨ 24᠎ᠤ ᠡᠳᠦᠷ᠎ᠤᠨ 15 ᠴᠠᠭ 09 ᠮᠢᠨᠦ᠋ᠲ᠎ᠲᠤ ᠲᠦᠷᠭᠡᠨ ᠠᠪᠤᠷᠠᠯᠳᠠ ᠬᠢᠭᠰᠡᠨ ᠪᠣᠯᠪᠠᠴᠤ ᠲᠤᠰᠠ ᠪᠣᠯᠤᠭᠰᠠᠨ ᠥᠬᠡᠶ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠵᠦ᠂ ᠡᠨᠡ ᠵᠢᠯ 56 ᠨᠠᠰᠤᠲᠠᠶ ᠪᠢᠯᠡ᠃ ᠠᠮᠢᠳᠤ ᠪᠠᠢ᠍ᠬᠤ ᠦᠶ᠎ᠡ ᠵᠢᠨ ᠬᠠᠮᠤᠭ ᠰᠡᠭᠦᠯ᠎ᠤᠨ ᠨᠢᠭᠡ ᠮᠥᠴᠡ᠎ᠳᠤ᠂ ᠲᠡᠷᠡ ᠪᠠᠰᠠ ᠸᠢᠴᠠᠲ ᠵᠶ᠋ᠠᠷ ᠠᠵᠢᠯ ᠪᠠᠢ᠌ᠷᠢᠰᠢᠭᠤᠯᠵᠤ ᠪᠠᠢ᠌ᠭᠰᠠᠨ ᠁᠃

4dfb0d35885e56a97663aacdd8fdf51.jpg   

 

      《ᠪᠢᠳᠡ ᠪᠦᠦ ᠲᠣᠪᠴᠢᠶᠠᠨ ᠳᠠᠷᠤᠭ᠎ᠠ ᠵᠢ ᠶᠠᠪᠤᠭᠰᠠᠨ ᠦᠭᠡᠢ ᠭᠡᠵᠦ ᠪᠤᠳᠤᠭᠰᠠᠭ᠋ᠠᠷ᠂ ᠤᠳᠠᠯ ᠦᠭᠡᠢ ᠲᠡᠷᠡ ᠰᠦᠯᠵᠢᠶᠡᠨ᠎ᠤ ᠴᠤᠭᠯᠠᠷᠠᠯ ᠲᠡᠭᠡᠷ᠎ᠡ ᠤᠯᠠᠨ᠎ᠳᠤ ᠬᠤᠷᠠᠯ ᠬᠢᠬᠦ ᠵᠢ ᠮᠡᠳᠡᠭᠳᠡᠨ᠎ᠡ᠃》 ᠭᠡᠵᠦ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠰᠤᠷᠪᠤᠯᠵᠢᠯᠠᠬᠤ᠎ᠳᠤ ᠨᠢᠭᠡ ᠠᠷᠠᠳ᠎ᠤᠨ ᠴᠠᠭᠳᠠᠭ᠎ᠠ ᠬᠡᠯᠡᠭᠰᠡᠨ ᠪᠠᠢ᠌ᠪᠠ᠃ ᠲᠦᠢ᠍ᠯ᠎ᠤᠨ ᠡᠮᠭᠡᠨᠢᠯᠲᠡᠢ᠂ ᠬᠠᠷᠠᠮᠰᠠᠯᠲᠠᠢ ᠠᠵᠠᠢ᠃ ᠰᠤᠷᠪᠤᠯᠵᠢᠯᠠᠭ᠎ᠠ ᠬᠦᠯᠢᠶᠡᠭᠰᠡᠨ ᠴᠠᠭᠳᠠᠭ᠎ᠠ ᠪᠣᠯᠭ᠋ᠠᠨ ᠪᠦᠦ ᠶᠦᠩ ᠵᠢᠶᠦ᠋ᠨ ᠭᠡᠨᠡᠳᠲᠡ ᠰᠠᠯᠵᠤ ᠶᠠᠪᠤᠭᠰᠠᠨ ᠲᠤᠬᠠᠢ ᠶᠠᠷᠢᠬᠤ᠎ᠳᠤ᠂ ᠥᠪᠡᠷ᠎ᠤᠨ ᠡᠷᠬᠡ ᠦᠭᠡᠢ ᠨᠢᠳᠤᠨ᠎ᠳᠤ ᠨᠢᠯᠪᠤᠰᠤ ᠮᠡᠯᠲᠡᠭᠡᠨᠡᠭᠦᠯᠵᠦ᠂ ᠲᠡᠳᠡᠨ᠎ᠤ ᠰᠡᠳᠬᠢᠯ ᠵᠢᠷᠦᠬᠡᠨ᠎ᠳᠤ ᠬᠦᠨᠳᠦᠳᠬᠡᠭᠳᠡᠵᠦ ᠪᠠᠶ᠋ᠢᠭ᠎ᠠ ᠪᠦᠦ ᠲᠣᠪᠴᠢᠶᠠᠨ ᠳᠠᠷᠤᠭ᠎ᠠ ᠳᠤᠷᠠᠰᠴᠤ ᠰᠠᠨᠠᠭ᠋ᠠᠯᠵᠠᠵᠤ ᠪᠠᠢ᠌ᠭ᠎ᠠ᠎ᠨᠢ ᠰᠡᠳᠬᠢᠯ᠎ᠢ ᠳᠣᠭᠳᠤᠯᠤᠭᠤᠯᠤᠨ᠎ᠠ᠃

微信图片_20220914094533.png     

 

      ᠦᠷᠡᠭᠳᠡᠬᠦ᠎ᠠᠴᠠ ᠡᠮᠦᠨ᠎ᠡ ᠨᠢᠭᠡ ᠮᠥᠴᠡ᠎ᠳᠤ᠂ ᠲᠡᠷᠡ ᠮᠥᠨ ᠯᠡ ᠠᠵᠢᠯ ᠲᠣᠬᠢᠷᠠᠭᠤᠯᠵᠤ ᠪᠠᠶ᠋ᠢᠪᠠ

      8 ᠳ᠋ᠤᠭ᠋ᠠᠷ ᠰᠠᠷ᠎ᠠ ᠵᠢᠨ 24᠎ᠤ ᠦᠳᠡ ᠵᠢᠨ ᠡᠮᠦᠨᠡᠬᠢ 10 ᠴᠠᠭ 11 ᠮᠢᠨᠦ᠋ᠲ᠎ᠲᠤ᠂ ᠪᠦᠦ ᠶᠦᠩ ᠵᠢᠶᠦ᠋ᠨ᠎ᠤ ᠶᠠᠪᠤᠭᠤᠯᠤᠭᠰᠠᠨ ᠬᠠᠮᠤᠭ ᠰᠡᠭᠦᠯᠴᠢ ᠵᠢᠨ ᠠᠵᠢᠯ᠎ᠤᠨ ᠸᠢᠴᠠᠲ ᠪᠣᠯ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠯᠤᠰ ᠲᠥᠷᠥ ᠵᠢᠨ ᠠᠵᠢᠯ᠎ᠤᠨ ᠠᠯᠪᠠᠨ ᠬᠡᠷ᠎ᠤᠨ ᠡᠷᠬᠢᠯᠡᠭᠴᠢ ᠨᠠᠷᠠᠨᠵᠢᠷᠤᠭ᠎ᠲᠤ ᠥᠭᠭᠦᠭᠰᠡᠨ᠂ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ 《ᠵᠠᠭᠤᠨ ᠡᠳᠦᠷ᠎ᠤᠨ ᠠᠵᠢᠯᠯᠠᠭ᠎ᠠ》 ᠵᠢᠨ ᠴᠠᠭᠳᠠᠭ᠋ᠠᠨ᠎ᠤ ᠬᠦᠴᠦᠨ᠎ᠢ ᠪᠠᠶ᠋ᠢᠷᠢᠯᠠᠭᠤᠯᠬᠤ ᠶᠠᠪᠤᠳᠠᠯ ᠪᠣᠯᠤᠨ᠎ᠠ᠃ 《ᠳᠠᠩᠴᠤ ᠭᠡᠨᠡᠳᠲᠡ᠂ ᠪᠦᠦ ᠲᠣᠪᠴᠢᠶᠠᠨ ᠳᠠᠷᠤᠭ᠎ᠠ ᠶᠡᠷᠦ᠎ᠠᠴᠠ ᠸᠢᠴᠠᠲ᠎ᠢ ᠣᠯᠵᠤ ᠦᠵᠡᠳᠡᠭ ᠯᠡ ᠶᠤᠮ ᠪᠣᠯ ᠲᠡᠷᠡ ᠳᠠᠷᠤᠶ᠎ᠳᠤ᠎ᠨᠢ ᠬᠠᠷᠢᠭᠤ ᠥᠭᠳᠡᠭ᠂ ᠡᠨᠡ ᠤᠳᠠᠭ᠎ᠠ ᠪᠢ ᠤᠳᠤᠷᠢᠳᠤᠯᠭ᠎ᠠ ᠵᠢᠨ ᠬᠠᠷᠢᠭᠤ ᠥᠭᠬᠦ ᠵᠢ ᠬᠦᠯᠢᠶᠡᠵᠦ ᠠᠮᠵᠢᠭᠰᠠᠨ ᠦᠭᠡᠢ᠂ ᠬᠠᠷᠢᠨ ᠭᠤᠨᠢᠭᠲᠤ ᠴᠢᠮᠡᠭᠡ ᠵᠢ ᠣᠯᠵᠤ᠂ ᠡᠨᠡ ᠬᠦ᠌ ᠪᠣᠳᠠᠲᠤ ᠬᠡᠷᠡᠭ᠎ᠢ ᠪᠢ ᠦᠨᠡᠬᠡᠷ ᠢᠲᠡᠭᠡᠵᠦ ᠶᠠᠳᠠᠨ᠎ᠠ᠃》 ᠨᠠᠷᠠᠨᠵᠢᠷᠤᠭ ᠡᠮᠭᠡᠨᠢᠨ ᠭᠠᠰᠢᠭᠤᠳᠠᠭᠰᠠᠨ ᠰᠡᠳᠬᠢᠯᠭᠡ᠎ᠪᠠᠨ ᠳᠠᠷᠤᠵᠤ ᠶᠠᠳᠠᠨ᠎ᠠ᠃

     《ᠪᠦᠦ ᠲᠣᠪᠴᠢᠶᠠᠨ ᠳᠠᠷᠤᠭ᠎ᠠ ᠳᠡᠩᠳᠡᠭᠦᠦ ᠶᠠᠳᠠᠷᠠᠵᠠᠢ᠂ ᠲᠡᠷᠡ ᠶᠠᠭ ᠲᠤᠭᠤᠷᠠᠭᠤᠯ ᠰᠢᠭ ᠵᠣᠭᠰᠣᠯ ᠦᠭᠡᠢ ᠡᠷᠭᠢᠯᠳᠦᠨ᠎ᠡ᠃》 ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠤᠯᠤᠰ ᠲᠥᠷᠥ ᠵᠢᠨ ᠠᠮᠤᠷ᠎ᠢ ᠬᠠᠮᠠᠭ᠋ᠠᠯᠠᠬᠤ ᠶᠡᠭᠡ ᠠᠩᠭᠢ ᠵᠢᠨ ᠳᠠᠷᠤᠭ᠎ᠠ ᠵᠣᠣ ᡁᠢ ᠭᠠᠩ ᠬᠡᠯᠡᠬᠦ᠎ᠳᠤ᠎ᠪᠠᠨ᠂ ᠪᠦᠦ ᠶᠦᠩ ᠵᠢᠶᠦ᠋ᠨ ᠡᠳᠦᠷ ᠪᠦᠷᠢ ᠬᠡᠲᠦᠷᠡᠲᠡᠯ᠎ᠡ ᠠᠵᠢᠯᠯᠠᠵᠤ᠂ ᠶᠠᠪᠤᠳᠠᠯ ᠪᠦᠬᠦᠨ᠎ᠳᠤ ᠪᠡᠶ᠎ᠡ᠎ᠪᠠᠷ ᠵᠶ᠋ᠠᠨ ᠣᠷᠣᠯᠴᠠᠵᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠴᠤ᠌ ᠪᠡᠶ᠎ᠡ᠎ᠪᠠᠷ ᠵᠶ᠋ᠠᠨ ᠰᠤᠷᠭ᠋ᠠᠵᠤ᠂ ᠪᠠᠶ᠋ᠢᠷᠢᠯᠠᠭᠤᠯᠤᠭᠰᠠᠨ ᠠᠵᠢᠯ᠎ᠤᠨ ᠠᠬᠢᠴᠠ ᠪᠠ ᠦᠷ᠎ᠡ ᠪᠦᠲᠦᠮᠵᠢ ᠵᠢ ᠡᠷᠬᠡᠪᠰᠢ ᠴᠠᠭ ᠲᠤᠬᠠᠶ᠎ᠳᠤ᠎ᠨᠢ ᠣᠢ᠌ᠯᠠᠭ᠋ᠠᠳᠠᠭ᠃ ᠵᠣᠤ ᡁᠢ ᠭᠠᠩ ᠡᠨᠡ ᠬᠦ᠌ ᠥᠪᠡᠷ᠎ᠤᠨ ᠶᠡᠭᠡ ᠠᠬ᠎ᠠ᠎ᠲᠠᠢ᠎ᠪᠠᠨ ᠠᠳᠠᠯᠢ ᠤᠳᠤᠷᠢᠳᠤᠯᠭ᠎ᠠ ᠭᠡᠵᠦ ᠬᠡᠯᠡᠭᠡᠳ ᠬᠡᠳᠦᠨᠲᠡ ᠬᠤᠭᠤᠯᠠᠢ ᠵᠠᠩᠬᠢᠷᠠᠨ ᠨᠢᠯᠪᠤᠰᠤ ᠤᠨᠠᠭ᠋ᠠᠪᠠ᠃ ᠪᠦᠦ ᠶᠦᠩ ᠵᠢᠶᠦ᠋ᠨ᠎ᠤ ᠠᠮᠢᠳᠤ ᠰᠡᠷᠡᠭᠦᠨ ᠪᠠᠶ᠋ᠢᠬᠤ ᠦᠶ᠎ᠡ ᠵᠢᠨ ᠸᠢᠴᠡᠲ ᠵᠶ᠋ᠡᠷ ᠵᠣᠭᠤᠭᠳᠠᠭᠰᠠᠨ ᠲᠡᠮᠳᠡᠭᠯᠡᠯ᠎ᠢ ᠤᠷᠪᠠᠭᠤᠯᠵᠤ ᠦᠵᠡᠪᠡᠯ᠂ ᠨᠢᠭᠡ ᠡᠳᠦᠷ᠎ᠤᠨ ᠳᠣᠲᠣᠷ᠎ᠠ ᠵᠤᠤ ᡁᠢ ᠭᠠᠩ ᠤᠯᠠᠨ ᠤᠳᠠᠭ᠎ᠠ ᠪᠦᠦ ᠶᠦᠩ ᠵᠢᠶᠦ᠋ᠨ᠎ᠳᠤ ᠠᠵᠢᠯ ᠵᠶ᠋ᠠᠨ ᠬᠠᠷᠢᠭᠤ ᠮᠡᠳᠡᠭᠦᠯᠵᠦ᠂ ᠤᠳᠠᠭ᠎ᠠ ᠪᠦᠷᠢ ᠪᠦᠦ ᠶᠦᠩ ᠵᠢᠶᠦ᠋ᠨ ᠨᠠᠷᠢᠨ ᠬᠢᠨᠠᠮᠠᠭ᠋ᠠᠢ ᠬᠠᠷᠢᠭᠤ ᠥᠭᠴᠦ᠂ ᠵᠤᠤ ᡁᠢ ᠭᠠᠩ᠂ ᠪᠦᠦ ᠲᠣᠪᠴᠢᠶᠠᠨ ᠳᠠᠷᠤᠭ᠎ᠠ ᠬᠡᠨ᠎ᠳᠤ ᠴᠦ᠍ ᠪᠦᠷ ᠡᠶ᠋ᠢᠮᠦ᠂ ᠬᠥᠮᠦᠨ ᠪᠦᠷᠢ ᠵᠢᠨ ᠸᠢᠴᠡᠲ᠎ᠲᠤ ᠨᠠᠷᠢᠨ ᠬᠢᠨᠠᠮᠠᠭ᠋ᠠᠢ ᠬᠠᠷᠢᠭᠤ ᠥᠭᠴᠦ᠂ ᠪᠦᠬᠦ ᠲᠤᠪᠴᠢᠶᠠᠨ᠎ᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠡᠶ᠋ᠢᠳᠡ 478 ᠬᠥᠮᠦᠨ ᠪᠤᠢ᠂ 60% ᠬᠦᠮᠦᠨ᠎ᠳᠤ ᠲᠡᠭᠦᠨ᠎ᠤ ᠸᠢᠴᠠᠲ ᠪᠤᠢ᠃

      ᠪᠦᠦ ᠶᠦᠩ ᠵᠢᠶᠦ᠋ᠨ᠄ ᠠᠵᠢᠯ᠎ᠢ ᠰᠦᠨᠢ ᠥᠩᠭᠡᠷᠡᠭᠡᠵᠦ ᠪᠣᠯᠬᠤ ᠦᠭᠡᠢ᠂ ᠵᠠᠪᠠᠯ ᠥᠨᠥᠳᠦᠷ᠎ᠤᠨ ᠶᠠᠪᠤᠳᠠᠯ ᠵᠶ᠋ᠠᠨ ᠥᠨᠥᠳᠦᠷ ᠳᠠᠭᠤᠰᠬᠠᠬᠤ ᠬᠡᠷᠡᠭᠲᠡᠢ᠃

      ᠬᠠᠮᠲᠤ ᠠᠵᠢᠯᠯᠠᠭᠰᠠᠳ᠎ᠨᠢ᠂ ᠪᠦᠦ ᠶᠦᠩ ᠵᠢᠶᠦ᠋ᠨ ᠰᠢᠳᠦ ᠡᠪᠡᠳᠦᠭᠡᠳ ᠬᠤᠶᠠᠷ ᠰᠠᠷ᠎ᠠ ᠪᠤᠯᠵᠤ ᠪᠠᠶ᠋ᠢᠨ᠎ᠠ᠂ ᠦᠷᠪᠢᠰᠦᠯ᠎ᠢ ᠳᠠᠷᠤᠬᠤ ᠡᠮ ᠵᠶ᠋ᠡᠷ ᠠᠷᠭ᠋ᠠᠴᠠᠨ᠂ ᠡᠮ ᠶᠡᠭᠦᠯᠡᠬᠦ ᠴᠠᠭ ᠴᠤ᠌ ᠪᠠᠶ᠋ᠢᠬᠤ ᠦᠭᠡᠢ᠂ ᠦᠷᠭᠦᠯᠵᠢ ᠨᠢᠭᠡ ᠡᠳᠦᠷ ᠠᠷᠪᠠᠨ ᠲᠤᠯᠤᠭ᠎ᠠ᠂ ᠨᠠᠢ᠍ᠮᠠᠨ ᠴᠠᠭ ᠠᠵᠢᠯᠯᠠᠵᠤ᠂ ᠡᠳᠦᠷ ᠪᠦᠷᠢ ᠵᠢᠨ ᠤᠨᠳᠠᠬᠤ ᠴᠠᠭ᠎ᠨᠢ ᠲᠦᠷᠪᠡᠨ ᠴᠠᠭ ᠬᠦᠷᠬᠦ ᠦᠭᠡᠢ᠃

微信图片_20220914094458.png     

 

      《ᠠᠯᠪᠠᠨ ᠭᠡᠷ᠎ᠲᠤ ᠰᠠᠭᠤᠬᠤ ᠳᠤᠷ᠎ᠠ ᠦᠭᠡᠢ》 ᠲᠣᠪᠴᠢᠶᠠᠨ ᠳᠠᠷᠤᠭ᠎ᠠ

      ᠱᠠᠬᠠᠢ ᠵᠢᠨ ᠤᠯᠠ᠎ᠳᠤ ᠬᠡᠳᠦᠢ ᠰᠢᠷᠣᠢ ᠨᠠᠭ᠋ᠠᠯᠳᠤᠪᠠᠯ᠂ ᠰᠡᠳᠬᠢᠯ ᠳᠣᠲᠣᠷ᠎ᠠ ᠬᠡᠳᠦᠢ ᠦᠨᠡᠨ ᠰᠡᠳᠬᠢᠯᠭᠡ ᠵᠢ ᠲᠤᠩᠭ᠋ᠠᠨ᠎ᠠ᠃

      ᠬᠠᠮᠲᠤ ᠠᠵᠢᠯᠲᠠᠨ᠎ᠤ ᠨᠢᠳᠦᠨ᠎ᠳᠤ᠂ ᠪᠦᠦ ᠲᠣᠪᠴᠢᠶᠠᠨ ᠳᠠᠷᠤᠭ᠎ᠠ ᠠᠯᠪᠠᠨ ᠭᠡᠷ᠎ᠲᠤ᠎ᠪᠠᠨ ᠳᠡᠮᠡᠶ ᠰᠠᠭᠤᠬᠤ ᠦᠭᠡᠶ᠂ ᠠᠵᠢᠯᠯᠠᠬᠤ ᠭᠠᠵᠠᠷ᠎ᠨᠢ ᠬᠡᠵᠢᠶᠡᠳᠡ ᠲᠡᠷᠭᠡᠨ ᠳᠡᠭᠡᠷ᠎ᠡ᠂ ᠵᠠᠮ ᠳᠡᠭᠡᠷ᠎ᠡ ᠪᠠᠶ᠋ᠢᠳᠠᠭ᠃ ᠤᠯᠠᠨ ᠲᠦᠮᠡᠨ᠎ᠤ ᠤᠴᠢᠷ ᠶᠠᠪᠤᠳᠠᠯ ᠰᠢᠢ᠍ᠳᠪᠦᠷᠢᠯᠡᠬᠦ᠎ᠳᠤ ᠲᠦᠭᠦᠮ ᠦᠵᠡᠭᠦᠯᠬᠦ ᠵᠢᠨ ᠲᠥᠯᠥᠭᠡ᠂ ᠪᠦᠦ ᠶᠦᠩ ᠵᠢᠶᠦ᠋ᠨ ᠦᠷᠭᠦᠯᠵᠢ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠢᠭᠡᠳᠦᠭᠡᠷ ᠳᠠᠪᠬᠤᠷᠯᠢᠭ᠎ᠤᠨ ᠰᠤᠷᠪᠤᠯᠵᠢᠯᠠᠬᠤ᠎ᠪᠠᠷ ᠢᠷᠡᠭᠰᠡᠳ᠎ᠤᠨ ᠳᠠᠩᠰᠠᠯᠠᠭᠤᠯᠤᠭᠰᠠᠨ ᠵᠢᠵᠢᠭ ᠰᠢᠷᠡᠭᠡᠨ ᠳᠡᠭᠡᠷ᠎ᠡ ᠠᠵᠢᠯᠯᠠᠳᠠᠭ᠎ᠢ ᠤᠴᠢᠷ ᠶᠠᠪᠤᠳᠠᠯ᠎ᠢ ᠰᠢᠢ᠍ᠳᠪᠦᠷᠢᠯᠡᠬᠦ ᠤᠯᠠᠨ ᠲᠦᠮᠡᠨ ᠬᠦᠷᠲᠡᠯ᠎ᠡ ᠮᠡᠳᠡᠳᠡᠭ᠂ ᠲᠣᠪᠴᠢᠶᠠᠨ ᠳᠠᠷᠤᠭ᠎ᠠ ᠪᠠᠶ᠋ᠢᠳᠠᠭ ᠯᠠ ᠶᠤᠮ ᠪᠣᠯ ᠨᠢᠭᠡᠳᠦᠭᠡᠷ ᠳᠠᠪᠬᠤᠷᠯᠢᠭ᠎ᠤᠨ ᠶᠡᠭᠡ ᠲᠢᠩᠬᠢᠮ᠎ᠠᠴᠠ ᠯᠠᠪᠲᠠᠢ ᠡᠷᠢᠵᠦ ᠣᠯᠵᠤ ᠴᠢᠳᠠᠨ᠎ᠠ᠃

     《ᠪᠢᠳᠠᠨ᠎ᠤ ᠨᠢᠭᠡᠳᠦᠭᠡᠷ ᠳᠠᠪᠬᠤᠷᠯᠢᠭ᠎ᠲᠤ ᠡᠮᠦᠨ᠎ᠡ ᠡᠳᠡᠭᠡᠷ ᠰᠠᠨᠳᠠᠯᠢ ᠪᠠᠶ᠋ᠢᠭᠰᠠᠨ ᠦᠭᠡᠢ᠂ ᠪᠦᠦ ᠲᠣᠪᠴᠢᠶᠠᠨ ᠳᠠᠷᠤᠭ᠎ᠠ ᠶᠡᠷᠦ᠎ᠨᠢ ᠨᠢᠭᠡᠳᠦᠭᠡᠷ ᠳᠠᠪᠬᠤᠷᠯᠢᠭ᠎ᠲᠤ ᠠᠵᠢᠯᠯᠠᠳᠠᠭ᠎ᠠᠴᠠ ᠪᠢᠳᠡ ᠡᠨᠡ ᠮᠥᠷ ᠰᠠᠨᠳᠠᠯᠢ ᠵᠢ ᠲᠠᠯᠪᠢᠭᠰᠠᠨ ᠶᠤᠮ᠃》 ᠭᠡᠵᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠯᠤᠰ ᠲᠥᠷᠥ ᠵᠢᠨ ᠠᠵᠢᠯ᠎ᠤᠨ ᠠᠯᠪᠠᠨ ᠬᠡᠷ᠎ᠤᠨ ᠠᠷᠠᠳ᠎ᠤᠨ ᠴᠠᠭᠳᠠᠭ᠎ᠠ ᠮᠠ ᠰᠢᠶᠤᠤ ᠶᠠᠩ ᠬᠡᠯᠡᠪᠡ᠃

     ᠪᠦᠦ ᠶᠦᠩ ᠵᠢᠶᠦ᠋ᠨ᠎ᠳᠤ ᠦᠷᠭᠦᠯᠵᠢ ᠪᠠᠷ᠎ᠠ ᠪᠤᠯᠵᠤ ᠦᠨᠳᠦᠰᠦᠨ ᠱᠠᠲᠤᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠳᠡᠭ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠴᠢᠮᠡᠭᠡ ᠮᠡᠳᠡᠭᠡ ᠵᠢᠯᠣᠭᠤᠳᠬᠤ ᠲᠥᠪ᠎ᠤᠨ ᠳᠡᠳ᠋ ᠡᠷᠬᠢᠯᠡᠭᠴᠢ ᠸᠠᠩ ᠰᠢᠤᠸᠠᠢ ᠪᠢᠨ ᠬᠠᠷᠢᠶᠠᠲᠤ ᠣᠷᠣᠨ᠎ᠤ ᠭᠠᠵᠠᠷ᠎ᠤᠨ ᠵᠢᠷᠤᠭ᠎ᠢ ᠵᠢᠭ᠋ᠠᠵᠤ᠂ ᠳ᠋ᠠᠴᠢᠩ᠎ᠤᠨ ᠪᠠᠶ᠋ᠢᠴᠠᠭ᠋ᠠᠬᠤ ᠦᠷᠳᠡᠭᠡ᠎ᠠᠴᠠ ᠬᠢᠯᠢ ᠵᠢᠨ ᠬᠠᠪᠢ᠂ ᠪᠣᠷᠣᠬᠤᠰᠢᠭᠤ᠂ ᠲᠠᠯ᠎ᠠ ᠵᠢᠨ ᠬᠠᠢ᠌ᠷ᠎ᠠ ᠵᠢᠨ 3 ᠬᠤᠷᠢᠭ᠎ᠠ ᠬᠦᠷᠳᠡᠯ᠎ᠡ᠂ ᠲᠡᠳᠡ ᠡᠳᠦᠷ ᠪᠦᠷᠢ ᠭᠤᠷᠪᠠ᠂ ᠲᠦᠷᠪᠡᠨ ᠵᠠᠭᠤᠨ ᠺᠢᠯᠦᠮᠸᠲᠷ ᠳᠠᠪᠬᠢᠳᠠᠭ᠃ 《ᠮᠠᠨ᠎ᠤ ᠵᠠᠯᠠᠭᠤᠴᠤᠳ ᠪᠦᠷ ᠳᠠᠭ᠋ᠠᠭ᠋ᠠᠵᠤ ᠳᠡᠶ᠋ᠢᠯᠬᠦ ᠦᠭᠡᠢ᠂ ᠲᠡᠭᠦᠨ᠎ᠤ ᠢᠩᠭᠢᠵᠦ ᠠᠮᠢ ᠴᠦᠯᠡᠬᠦ᠎ᠳᠤ ᠪᠡᠶ᠎ᠡ ᠳᠠᠭ᠋ᠠᠭ᠋ᠠᠬᠤ ᠦᠭᠡᠢ᠎ᠠᠴᠠ ᠠᠶᠤᠳᠠᠭ᠃》 ᠭᠡᠵᠦ ᠬᠡᠯᠡᠨ᠎ᠡ᠃

 微信图片_20220914094522.png   

 

      ᠰᠡᠳᠭᠢᠯ ᠨᠢᠭᠡᠳᠦᠨ ᠪᠦᠯᠬᠦᠮᠳᠡᠨ ᠲᠡᠮᠡᠴᠡᠪᠡᠯ ᠠᠯᠢᠪᠠ ᠵᠢ ᠲᠡᠢ᠌ᠯᠦᠨ᠎ᠡ ᠭᠡᠳᠡᠭ ᠡᠩᠨᠡᠭᠡ᠎ᠪᠠᠨ ᠳᠠᠭ᠋ᠠᠭᠤᠯᠬᠤ᠎ᠳᠤ 《ᠠᠷᠭ᠎ᠠ》᠎ᠲᠠᠢ

       ᠬᠡᠷᠬᠢᠨ ᠡᠩᠨᠡᠭᠡ᠎ᠪᠠᠨ ᠰᠠᠶ᠋ᠢᠲᠤᠷ ᠬᠠᠮᠢᠶᠠᠷᠴᠤ ᠰᠠᠶ᠋ᠢᠲᠤᠷ ᠳᠠᠭ᠋ᠠᠭᠤᠯᠬᠤ ᠪᠣᠯ ᠪᠦᠦ ᠶᠦᠩ ᠵᠢᠶᠦ᠋ᠨ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠳᠤ ᠢᠷᠡᠵᠦ ᠲᠤᠰᠢᠶᠠᠯ ᠡᠭᠦᠷᠭᠡᠯᠡᠭᠰᠡᠨ᠎ᠨᠢ ᠲᠡᠭᠦᠨ᠎ᠤ ᠪᠣᠳᠣᠯᠬᠢᠯᠠᠭᠰᠠᠭ᠋ᠠᠷ ᠢᠷᠡᠭᠰᠡᠨ ᠠᠰᠠᠭᠤᠳᠠᠯ ᠪᠣᠯᠤᠨ᠎ᠠ᠃ ᠡᠭᠡᠯᠵᠢᠯᠡᠨ ᠪᠣᠯᠪᠠᠰᠤᠷᠠᠭᠤᠯᠬᠤ ᠵᠢ ᠠᠳᠬᠤᠬᠤ᠂ ᠰᠠᠬᠢᠯᠭ᠎ᠠ ᠪᠠᠲᠤ ᠵᠢ ᠠᠳᠬᠤᠬᠤ᠂ ᠬᠢᠨᠠᠯᠲᠠ ᠲᠠᠯᠪᠢᠬᠤ ᠵᠢ ᠠᠳᠬᠤᠬᠤ᠂ ᠠᠷᠭ᠎ᠠ ᠬᠡᠮᠵᠢᠶ᠎ᠡ ᠠᠪᠴᠤ ᠦᠷ᠎ᠡ ᠪᠦᠲᠦᠮᠵᠢ ᠤᠯᠬᠤ ᠪᠣᠯ ᠪᠦᠦ ᠶᠦᠩ ᠵᠢᠶᠦ᠋ᠨ᠎ᠤ 《ᠣᠨᠴᠠ ᠡᠷᠳᠡᠮ》 ᠮᠥᠨ᠃ ᠡᠨᠡ ᠵᠢᠯ᠎ᠤᠨ ᠡᠬᠢ᠎ᠪᠠᠷ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠢᠨ᠎ᠡ᠎ᠪᠠᠷ ᠡᠯᠰᠡᠭᠰᠡᠨ ᠬᠠᠪᠰᠤᠷᠤᠭᠴᠢ ᠴᠠᠭᠳᠠᠭ᠎ᠠ᠎ᠳᠤ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠥᠷᠨᠢᠭᠦᠯᠬᠦ ᠦᠶ᠎ᠡ᠎ᠳᠤ᠂ ᠪᠦᠦ ᠶᠦᠩ ᠵᠢᠶᠦ᠋ᠨ ᠡᠯ᠎ᠡ ᠰᠠᠯᠠᠭ᠎ᠠ ᠮᠥᠴᠢᠷ᠎ᠤᠨ ᠺᠠᠳ᠋ᠷ ᠵᠶ᠋ᠠᠨ ᠳᠠᠭ᠋ᠠᠭᠤᠯᠤᠨ 《ᠠᠩᠭᠢ ᠬᠤᠪᠢᠶᠠᠨ ᠬᠠᠮᠲᠤ᠎ᠪᠠᠷ ᠪᠣᠯᠪᠠᠰᠤᠷᠠᠬᠤ᠂ ᠠᠳᠠᠯᠢ ᠮᠡᠷᠭᠡᠵᠢᠯ᠎ᠤᠨ ᠪᠣᠯᠪᠠᠰᠤᠷᠠᠯ ᠬᠦᠷᠳᠡᠭᠡᠬᠦ》᠎ᠳᠤ᠂ ᠡᠩ᠎ᠤᠨ ᠠᠷᠠᠳ᠎ᠤᠨ ᠴᠠᠭᠳᠠᠭ᠎ᠠ ᠵᠢᠨ ᠬᠤᠪᠢ᠎ᠪᠠᠷ ᠪᠣᠯᠪᠠᠰᠤᠷᠠᠯ᠎ᠳᠤ ᠣᠷᠤᠯᠴᠠᠨ᠂ ᠵᠢᠭᠰᠠᠭ᠋ᠠᠯ᠎ᠤᠨ ᠡᠩᠨᠡᠭᠡ᠎ᠳᠤ ᠵᠣᠭᠰᠤᠬᠤ᠂ ᠵᠢᠭᠰᠠᠭ᠋ᠠᠯ᠎ᠳᠤ ᠶᠠᠪᠤᠬᠤ᠂ ᠴᠠᠭᠳᠠᠭ᠋ᠠᠨ᠎ᠤ ᠪᠠᠭ᠋ᠠᠵᠢ ᠵᠡᠪᠰᠡᠭ᠎ᠢ ᠬᠡᠷᠡᠭᠯᠡᠬᠦ ᠵᠢ ᠪᠣᠯᠪᠠᠰᠤᠷᠠᠬᠤ᠂ ᠴᠠᠭᠳᠠᠭ᠋ᠠᠨ᠎ᠤ ᠬᠥᠯ ᠨᠢᠳᠤᠷᠭ᠎ᠠ ᠵᠢᠨ ᠡᠷᠳᠡᠮ ᠪᠣᠯᠪᠠᠰᠤᠷᠠᠬᠤ᠎ᠳᠤ ᠲᠡᠷᠡ ᠶᠡᠷᠦ᠎ᠠᠴᠠ ᠬᠤᠴᠤᠷᠳᠠᠭ ᠦᠭᠡᠢ᠃

《ᠺᠠᠳ᠋ᠷ ᠪᠣᠯᠤᠭᠰᠠᠳ ᠰᠢᠨ᠎ᠡ ᠴᠠᠭᠳᠠᠭ᠎ᠠ ᠵᠢ ᠪᠣᠯᠪᠠᠰᠤᠷᠠᠭᠤᠯᠵᠤ ᠳᠡᠶ᠋ᠢᠯᠬᠦ ᠦᠭᠡᠢ ᠪᠣᠯ ᠴᠢ ᠬᠡᠷᠬᠢᠨ ᠡᠩᠨᠡᠭᠡ᠎ᠪᠠᠨ ᠳᠠᠭ᠋ᠠᠭᠤᠯᠬᠤ ᠪᠤᠢ᠃》 ᠭᠡᠰᠡᠨ᠎ᠢ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠦᠷᠦᠯ᠎ᠤᠨ ᠴᠠᠭᠳᠠᠭ᠋ᠠᠨ᠎ᠤ ᠶᠡᠭᠡ ᠠᠩᠭᠢ ᠵᠢᠨ ᠵᠢᠭ᠋ᠠᠨ ᠵᠢᠯᠣᠭᠤᠳᠣᠭᠴᠢ ᠳ᠋ᠢᠩ ᠵᠢᠶᠠᠨ ᠭᠦᠸᠧ ᠲᠣᠳᠤᠭ᠋ᠠᠳᠤ ᠰᠡᠳᠭᠢᠯᠭᠡ᠎ᠠᠴᠠ᠎ᠪᠠᠨ ᠶᠠᠷᠢᠨ᠎ᠠ᠃

       ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠠᠵᠢᠯ᠎ᠤᠨ ᠨᠢᠭᠡ ᠴᠤᠭᠯᠠᠷᠠᠯ ᠪᠠᠢ᠌ᠵᠤ᠂ ᠪᠠᠰᠠ ᠬᠡᠳᠦᠨ ᠴᠠᠭᠳᠠᠭ᠎ᠠ ᠵᠢᠨ ᠭᠡᠷ ᠪᠦᠯᠢ ᠵᠢᠨ ᠬᠠᠷᠢᠯᠴᠠᠬᠤ ᠴᠤᠭᠯᠠᠷᠠᠯ ᠪᠠᠢ᠌ᠳᠠᠭ᠃ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ᠎ᠤᠨ ᠪᠠᠶ᠋ᠢᠳᠠᠯ᠎ᠢ ᠴᠥᠮ ᠴᠠᠭ ᠲᠤᠬᠠᠶ᠎ᠳᠤ᠎ᠨᠢ ᠴᠤᠭᠯᠠᠷᠠᠯ᠎ᠳᠤ ᠲᠠᠷᠬᠠᠭ᠋ᠠᠬᠤ ᠵᠢᠨ ᠬᠠᠮᠲᠤ ᠪᠠᠰᠠ ᠠᠩᠭᠢ ᠪᠦᠷᠢ ᠵᠢᠨ ᠵᠢᠭ᠋ᠠᠨ ᠵᠢᠯᠣᠭᠤᠳᠣᠭᠴᠢ᠎ᠠᠴᠠ ᠪᠣᠶ ᠪᠥᠬᠦᠶ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ᠎ᠤᠨ ᠪᠠᠶ᠋ᠢᠳᠠᠯ᠎ᠢ ᠴᠠᠭᠳᠠᠭ᠋ᠠᠨ᠎ᠤ ᠬᠡᠷ ᠪᠦᠯᠢ ᠵᠢᠨ᠎ᠬᠢᠨ᠎ᠤ ᠴᠤᠭᠯᠠᠷᠠᠯ᠎ᠳᠤ ᠲᠠᠷᠬᠠᠭ᠋ᠠᠵᠤ᠂ 《ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠠᠵᠢᠯ᠎ᠤᠨ ᠲᠠᠯ᠎ᠠ᠎ᠪᠠᠷ ᠬᠠᠷᠢᠴᠠᠭᠤᠯᠬᠤ ᠵᠢᠨ ᠬᠠᠮᠲᠤ ᠴᠠᠭ ᠲᠤᠬᠠᠶ᠎ᠳᠤ᠎ᠨᠢ ᠴᠠᠭᠳᠠᠭ᠋ᠠᠨ᠎ᠤ ᠬᠡᠷ ᠪᠦᠯᠢ ᠵᠢᠨ᠎ᠬᠢᠨ᠎ᠳᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠯ᠎ᠡ ᠵᠦᠢ᠍ᠯ᠎ᠤᠨ ᠠᠵᠢᠯ᠎ᠤᠨ ᠪᠠᠶ᠋ᠢᠳᠠᠯ ᠵᠢᠴᠢ ᠭᠠᠪᠢᠶ᠎ᠠ ᠪᠠᠶ᠋ᠢᠭᠤᠯᠵᠤ ᠱᠠᠩᠨᠠᠯ ᠭᠥᠷᠳᠡᠭᠰᠡᠨ ᠪᠠᠶ᠋ᠢᠳᠠᠯ᠎ᠢ ᠴᠠᠭ ᠲᠤᠬᠠᠶ᠎ᠳᠤ᠎ᠨᠢ ᠮᠡᠳᠡᠭᠳᠡᠵᠦ᠂ ᠴᠠᠭᠳᠠᠭ᠋ᠠᠨ᠎ᠤ ᠬᠡᠷ ᠪᠦᠯᠢ ᠵᠢᠨ᠎ᠬᠢᠨ᠎ᠢ ᠴᠠᠭᠳᠠᠭ᠋ᠠᠨ᠎ᠤ ᠬᠤᠸᠠᠷᠠᠨ᠎ᠳᠤ ᠨᠠᠩ ᠢᠯᠡᠭᠦᠦ ᠠᠭᠤᠰᠤᠯᠴᠠᠭᠤᠯᠵᠤ᠂ ᠢᠷᠠᠭᠤ ᠠᠯᠳᠠᠷ᠎ᠢ ᠮᠡᠳᠡᠷᠡᠭᠦᠯᠦᠨ᠂ ᠬᠠᠷᠢᠯᠴᠠᠭ᠎ᠠ ᠵᠢ ᠠᠬᠢᠭᠤᠯᠵᠤ᠂ ᠢᠳᠡᠪᠬᠢ ᠬᠦᠴᠦᠨ᠎ᠢ ᠨᠡᠮᠡᠭᠳᠡᠭᠦᠯᠵᠦ᠂ ᠰᠠᠢ᠌ᠬᠠᠨ ᠬᠡᠪ ᠰᠤᠷᠲᠠᠯ᠎ᠢ ᠪᠤᠢ ᠪᠣᠯᠭ᠋ᠠᠨ᠎ᠠ》 ᠭᠡᠵᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠤᠷᠢᠶᠠᠨ᠎ᠤ ᠱᠦᠵᠢ ᠯᠠᠩ ᠬᠤᠩ ᠸᠧᠶ ᠬᠡᠯᠡᠪᠡ᠃

     《ᠤᠯᠠᠨ ᠲᠦᠮᠡᠨ᠎ᠳᠤ ᠳᠣᠲᠣᠭ᠋ᠠᠳᠤ ᠵᠢ ᠬᠠᠮᠠᠭ᠋ᠠᠯᠠᠬᠤ ᠵᠢ ᠣᠢ᠌ᠯᠠᠭ᠋ᠠᠭᠤᠯᠤᠶ᠎ᠠ ᠭᠡᠪᠡᠯ᠂ ᠵᠠᠩᠭᠢᠯᠠᠭ᠎ᠠ᠎ᠨᠢ ᠬᠡᠷᠡᠭ ᠢᠯᠡᠷᠡᠭᠦᠯᠬᠦ᠎ᠳᠤ ᠪᠤᠢ᠃》 ᠡᠷᠡᠭᠦᠦ ᠵᠢᠨ ᠴᠠᠭᠳᠠᠭ᠎ᠠ ᠵᠢᠨ ᠭᠠᠷᠤᠯᠲᠠᠢ ᠪᠦᠦ ᠶᠦᠩ ᠵᠢᠶᠦ᠋ᠨ ᠡᠷᠡᠭᠦᠦ ᠵᠢᠨ ᠴᠠᠭᠳᠠᠭ᠎ᠠ ᠵᠢᠨ ᠡᠩᠨᠡᠭᠡ ᠵᠢᠨ ᠪᠠᠶ᠋ᠢᠭᠤᠯᠤᠯᠲᠠ ᠵᠢ ᠮᠠᠰᠢ ᠴᠢᠬᠤᠯᠠᠴᠢᠯᠠᠵᠤ᠂ ᠰᠢᠨ᠎ᠡ᠎ᠪᠠᠷ ᠴᠠᠭᠳᠠᠭ᠎ᠠ ᠵᠢᠨ ᠰᠢᠯᠢᠳᠡᠭ᠎ᠢ ᠰᠣᠩᠭᠤᠨ ᠡᠷᠡᠭᠦᠦ ᠵᠢᠨ ᠴᠠᠭᠳᠠᠭ᠎ᠠ ᠪᠣᠯᠭ᠋ᠠᠨ ᠳᠠᠪᠲᠠᠨ ᠪᠣᠯᠪᠠᠰᠤᠷᠠᠭᠤᠯᠳᠠᠭ ᠪᠠᠶ᠋ᠢᠯ᠎ᠠ᠃

      ᠴᠢᠩᠭ᠎ᠠ ᠬᠠᠮᠢᠶᠠᠷᠴᠤ ᠰᠠᠶ᠋ᠢᠲᠤᠷ ᠬᠠᠯᠠᠮᠵᠢᠯᠠᠬᠤ ᠪᠣᠯ ᠠᠷᠠᠳ᠎ᠤᠨ ᠴᠠᠭᠳᠠᠭ᠎ᠠ᠎ᠠᠴᠠ ᠲᠡᠭᠦᠨ᠎ᠳᠤ ᠥᠭᠭᠦᠭᠰᠡᠨ ᠬᠠᠮᠲᠤ ᠵᠢᠨ ᠦᠨᠡᠯᠡᠯᠲᠡ ᠪᠣᠯᠤᠨ᠎ᠠ᠃ ᠪᠦᠦ ᠶᠦᠩ ᠵᠢᠶᠦ᠋ᠨ᠎ᠤ ᠲᠠᠢ᠌ᠴᠢᠯᠠᠯᠲᠠ ᠳᠣᠣᠷ᠎ᠠ᠂ ᠴᠠᠭᠳᠠᠭ᠎ᠠ ᠵᠢ ᠬᠠᠯᠠᠮᠵᠢᠯᠠᠵᠤ ᠴᠠᠭᠳᠠᠭ᠎ᠠ᠎ᠳᠤ ᠠᠰᠢᠭ ᠬᠦᠷᠲᠡᠭᠡᠬᠦ ᠡᠯ᠎ᠡ ᠵᠦᠢ᠍ᠯ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠵᠢᠱ᠌ᠢᠶᠡᠯᠡᠪᠡᠯ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠠᠵᠢᠯ ᠪᠠ ᠠᠮᠢᠳᠤᠷᠠᠯ᠎ᠤᠨ ᠨᠥᠬᠦᠴᠡᠯ᠎ᠢ ᠰᠠᠶ᠋ᠢᠵᠢᠷᠠᠭᠤᠯᠬᠤ ᠵᠢᠨ ᠲᠥᠯᠥᠭᠡ᠂ ᠦᠨᠳᠦᠰᠦᠨ ᠱᠠᠲᠤᠨ᠎ᠤ 9 ᠲᠣᠮᠢᠯᠠᠭᠰᠠᠨ ᠰᠠᠯᠪᠤᠷᠢ ᠵᠢᠨ 《ᠲᠠᠪᠤᠨ ᠵᠢᠵᠢᠭ ᠢᠨᠵᠧᠨᠧᠷᠢᠩ》᠎ᠤᠨ ᠪᠠᠶ᠋ᠢᠭᠤᠯᠤᠯᠲᠠ ᠴᠥᠮ ᠪᠠᠷᠢᠮᠵᠢᠶ᠎ᠠ᠎ᠳᠤ ᠬᠦᠷᠦᠭᠰᠡᠨ; ᠰᠢᠶᠠᠩ ᠪᠠᠯᠭ᠋ᠠᠰᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠰᠠᠭᠤᠭ᠎ᠠ 31 ᠵᠢᠩᠬᠢᠨᠢ ᠠᠵᠢᠯᠲᠠᠨ ᠰᠢᠶᠠᠩ ᠪᠠᠯᠭ᠋ᠠᠰᠤᠨ᠎ᠤ ᠠᠵᠢᠯ᠎ᠤᠨ ᠨᠥᠬᠦᠪᠥᠷᠢ ᠵᠢ ᠬᠦᠷᠳᠡᠭᠰᠡᠨ; ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠢ ᠵᠣᠬᠢᠴᠠᠭᠤᠯᠵᠤ ᠪᠠᠶ᠋ᠢᠭ᠋ᠠᠳ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠡᠪᠡᠳᠴᠢᠨ ᠦᠵᠡᠭᠦᠯᠬᠦ 《ᠰᠠᠭ᠋ᠠᠳ ᠥᠬᠡᠶ ᠨᠡᠪᠲᠡᠷᠡᠬᠦ ᠵᠠᠮ》᠎ᠢ ᠨᠡᠪᠲᠡᠷᠡᠭᠦᠯᠵᠦ᠂ ᠪᠥᠬᠦ ᠴᠠᠭᠳᠠᠭ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠪᠡᠶ᠎ᠡ ᠵᠢᠨ ᠪᠠᠶ᠋ᠢᠴᠠᠭ᠋ᠠᠯᠲᠠ ᠬᠢᠵᠦ ᠡᠷᠡᠭᠦᠯ ᠮᠡᠨᠳᠦ ᠵᠢᠨ ᠲᠠᠩᠰᠠ ᠡᠪᠬᠡᠮᠡᠯ ᠪᠠᠶ᠋ᠢᠭᠤᠯᠬᠤ ᠵᠡᠷᠭᠡ ᠵᠢ

ᠬᠡᠷᠡᠭᠵᠢᠭᠦᠯᠪᠡ᠃

      ᠪᠦᠦ ᠶᠦᠩ ᠵᠢᠶᠦ᠋ᠨ ᠪᠡᠶ᠎ᠡ ᠦᠷᠡᠭᠳᠡᠬᠦ᠎ᠠᠴᠠ ᠬᠡᠳᠦᠨ ᠡᠳᠦᠷ᠎ᠤᠨ ᠡᠮᠦᠨ᠎ᠡ᠂ ᠲᠡᠭᠦᠨ᠎ᠤ ᠰᠠᠨᠠᠭ᠋ᠠᠴᠢᠯᠠᠭ᠎ᠠ᠎ᠪᠠᠷ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢ ᠰᠠᠶᠢᠬᠠᠨ ᠵᠣᠬᠢᠶᠠᠨ ᠪᠠᠶ᠋ᠢᠭᠤᠯᠵᠤ ᠳᠠᠭᠤᠰᠴᠤ᠂ ᠭᠡᠲᠡᠯ᠎ᠡ ᠲᠡᠷᠡ ᠥᠪᠡᠷ ᠵᠶ᠋ᠡᠨ ᠠᠵᠢᠯ ᠶᠠᠭ᠋ᠠᠷᠠᠤ᠎ᠠᠴᠠ ᠪᠣᠯᠣᠭ᠋ᠠᠳ ᠪᠡᠶ᠎ᠡ ᠵᠢᠨ ᠪᠠᠶ᠋ᠢᠴᠠᠭ᠋ᠠᠯᠲᠠ᠎ᠳᠤ ᠣᠷᠣᠯᠴᠠᠭᠰᠠᠨ ᠦᠭᠡᠢ᠂ ᠬᠠᠵᠠᠭᠤ᠎ᠳᠠᠬᠢ ᠬᠠᠮᠲᠤ ᠠᠵᠢᠯᠲᠠᠨ᠎ᠨᠢ ᠲᠡᠭᠦᠨ᠎ᠢ ᠴᠠᠭ ᠭᠠᠷᠭ᠋ᠠᠵᠤ ᠪᠡᠶ᠎ᠡ ᠵᠢᠨ ᠪᠠᠶ᠋ᠢᠴᠠᠭ᠋ᠠᠯᠲᠠ ᠬᠢᠯᠭᠡᠳᠦᠭᠡᠢ ᠭᠡᠰᠡᠨ᠎ᠳᠤ᠂ ᠲᠡᠷᠡ ᠢᠨᠢᠶᠡᠴᠢᠭᠡᠳ ᠮᠢᠨᠦ ᠪᠡᠶ᠎ᠡ ᠰᠠᠶ᠋ᠢᠨ ᠪᠠᠢ᠌ᠨ᠎ᠠ᠂ ᠪᠡᠶ᠎ᠡ ᠵᠢᠨ ᠪᠠᠶ᠋ᠢᠴᠠᠭ᠋ᠠᠯᠲᠠ ᠬᠢᠬᠦ ᠴᠢᠬᠤᠯᠠ ᠦᠭᠡᠢ ᠭᠡᠰᠡᠨ᠃

微信图片_20220914112008.jpg    

 

      《ᠨᠢᠭᠡ ᠰᠡᠳᠬᠢᠯ ᠵᠶ᠋ᠠᠷ ᠠᠵᠢᠯ ᠵᠶ᠋ᠠᠨ ᠬᠢᠬᠦ ᠵᠢᠨ ᠳᠠᠭ᠋ᠠᠤ ᠪᠤᠰᠣᠳ᠎ᠢ ᠬᠠᠯᠠᠮᠵᠢᠯᠠᠬᠤ᠎ᠪᠠᠨ ᠶᠠᠷᠤ᠎ᠠᠴᠠ ᠤᠮᠠᠷᠲᠠᠳᠠᠭ ᠦᠭᠡᠢ》

      ᠪᠦᠦ ᠲᠣᠪᠴᠢᠶᠠᠨ ᠳᠠᠷᠤᠭ᠎ᠠ ᠠᠵᠢᠯᠯᠠᠭ᠋ᠠᠳ ᠡᠬᠢᠯᠡᠪᠡᠯ ᠵᠣᠭᠰᠣᠵᠤ ᠲᠡᠢ᠌ᠯᠬᠦ ᠦᠭᠡᠢ! ᠡᠨᠡ ᠪᠣᠯ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠪᠦᠦ ᠶᠦᠩ ᠵᠢᠶᠦ᠋ᠨ᠎ᠳᠤ ᠬᠢᠭᠰᠡᠨ ᠨᠢᠭᠡᠳᠦᠯᠲᠡᠶ ᠦᠨᠡᠯᠡᠯᠲᠡ ᠪᠣᠯᠤᠨ᠎ᠠ᠃

      ᠠᠵᠢᠯ ᠶᠠᠭ᠋ᠠᠷᠠᠤ᠎ᠠᠴᠠ ᠪᠤᠯᠵᠤ᠂ ᠪᠦᠦ ᠶᠦᠩ ᠵᠢᠶᠦ᠋ᠨ ᠭᠡᠷ᠎ᠲᠡᠭᠡᠨ ᠬᠠᠷᠢᠬᠤ᠎ᠨᠢ ᠳᠣᠭ᠎ᠠ᠎ᠲᠠᠢ ᠬᠡᠳᠦ ᠶᠤᠮ᠃ 《ᠲᠡᠭᠦᠨ᠎ᠤ ᠬᠡᠷ᠎ᠨᠢ 300 ᠭᠠᠷᠤᠶ ᠺᠢᠯᠦᠮᠸᠲᠷ᠎ᠤᠨ ᠵᠠᠢ᠎ᠲᠠᠢ ᠰᠢᠯᠤᠭᠤᠨ ᠬᠥᠪᠡᠭᠡᠲᠦ ᠴᠠᠭ᠋ᠠᠨ ᠬᠤᠰᠢᠭᠤᠨ᠎ᠳᠤ ᠪᠣᠶ᠂ ᠠᠳᠡ ᠢᠷᠡᠵᠦ ᠠᠵᠢᠯᠯᠠᠭᠰᠠᠨ᠎ᠤ ᠳᠠᠷᠠᠭ᠎ᠠ ᠵᠥᠪᠬᠡᠨ ᠬᠤᠶᠠᠷ ᠤᠳᠠᠭ᠎ᠠ ᠬᠡᠷ᠎ᠲᠤ᠎ᠪᠠᠨ ᠬᠠᠷᠢᠵᠤ ᠥᠩᠭᠡᠷᠡᠭᠰᠡᠨ ᠶᠤᠮ》 ᠭᠡᠵᠦ ᠨᠠᠷᠠᠨᠵᠢᠷᠤᠭ ᠬᠡᠯᠡᠭᠰᠡᠨ ᠵᠶ᠋ᠠᠨ ᠵᠠᠯᠭ᠋ᠠᠭ᠋ᠠᠳ᠂ ᠪᠦᠦ ᠲᠣᠪᠴᠢᠶᠠᠨ ᠳᠠᠷᠤᠭ᠎ᠠ ᠤᠳᠠᠭ᠎ᠠ ᠪᠦᠷᠢ ᠬᠡᠷ᠎ᠲᠤ᠎ᠪᠠᠨ ᠬᠠᠷᠢᠬᠤ᠎ᠪᠠᠷ ᠲᠥᠯᠥᠪᠯᠡᠵᠦ ᠪᠠᠶ᠋ᠢᠬᠤ᠎ᠨᠢ ᠶᠡᠷᠦ᠎ᠨᠢ ᠠᠵᠢᠯ᠎ᠳᠤ ᠡᠪᠳᠡᠭᠳᠡᠵᠦ᠂ 《ᠲᠣᠪᠴᠢᠶᠠᠨ ᠳᠠᠷᠤᠭ᠎ᠠ ᠬᠡᠷ᠎ᠲᠤ᠎ᠪᠠᠨ ᠬᠠᠷᠢᠬᠤ》᠎ᠨᠢ ᠣᠯᠠᠨ᠎ᠤ 《ᠢᠨᠢᠶᠡᠳᠦᠮ》 ᠪᠣᠯᠵᠠᠶ ᠭᠡᠪᠡ᠃ ᠨᠠᠭ᠋ᠠᠳᠤᠮ ᠱᠤᠭ᠎ᠤᠨ ᠡᠮᠦᠨ᠎ᠡ ᠪᠦᠦ ᠶᠦᠩ ᠵᠢᠶᠦ᠋ᠨ᠄ 《ᠬᠡᠷ᠎ᠲᠤ ᠪᠡᠷᠭᠡᠨ ᠴᠢᠨᠢ ᠪᠠᠶ᠋ᠢᠨ᠎ᠠ᠂ ᠪᠢ ᠰᠠᠨᠠᠭ᠎ᠠ ᠠᠮᠤᠷ》᠃

      ᠪᠦᠦ ᠶᠦᠩ ᠵᠢᠶᠦ᠋ᠨ᠎ᠤ ᠬᠡᠷ ᠪᠣᠯ ᠴᠠᠭᠳᠠᠭ᠎ᠠ ᠵᠢᠨ ᠰᠤᠷᠪᠤᠯᠵᠢᠲᠤ ᠡᠷᠥᠬᠡ᠂ ᠠᠪᠤ᠎ᠨᠢ ᠴᠠᠭᠳᠠᠭ᠎ᠠ᠂ ᠪᠦᠦ ᠶᠦᠩ ᠵᠢᠶᠦ᠋ᠨ 1985 ᠣᠨ᠎ᠳᠤ ᠴᠡᠷᠢᠭ ᠠᠩᠭᠢ᠎ᠠᠴᠠ ᠬᠠᠯᠠᠭᠳᠠᠵᠤ᠂ ᠬᠦᠦ᠎ᠨᠢ ᠴᠦ᠍ ᠴᠠᠭᠳᠠᠭ᠎ᠠ᠂ ᠣᠲᠣ ᠤᠯᠠᠭ᠋ᠠᠨᠬᠠᠳᠠ ᠬᠤᠲᠠ ᠵᠢᠨ ᠣᠩᠨᠢᠭᠤᠳ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠳᠤ ᠠᠵᠢᠯᠯᠠᠵᠤ ᠪᠠᠶ᠋ᠢᠨ᠎ᠠ᠃

      ᠶᠠᠭ ᠭᠡᠷ᠎ᠤᠨ ᠬᠥᠮᠦᠰ᠎ᠤᠨ ᠣᠢ᠍ᠯᠠᠭ᠋ᠠᠯᠲᠠ ᠪᠠ ᠳᠡᠮᠵᠢᠯᠭᠡ ᠪᠣᠯ ᠲᠡᠭᠦᠨ᠎ᠢ ᠪᠦᠬᠦ ᠬᠦᠴᠦ᠎ᠪᠠᠨ ᠠᠵᠢᠯ ᠳᠡᠭᠡᠷ᠎ᠡ᠎ᠨᠢ ᠲᠠᠯᠪᠢᠭᠤᠯᠪᠠ᠃ ᠬᠦᠦ ᠪᠦᠦ ᠰᠦᠯᠳᠡ᠎ᠨᠢ ᠪᠦᠦ ᠶᠦᠩ ᠵᠢᠶᠦ᠋ᠨ᠎ᠳᠤ ᠰᠠᠶᠢᠬᠠᠨ ᠬᠤᠸᠠ ᠸᠧᠶ ᠭᠠᠷ ᠤᠲᠠᠰᠤ ᠵᠢ ᠬᠤᠳᠠᠯᠳᠤᠨ ᠠᠪᠴᠤ ᠥᠭᠭᠦᠭᠰᠡᠨ᠎ᠳᠤ᠂ ᠲᠡᠷᠡ᠄ 《ᠡᠭᠦᠨ᠎ᠢ ᠮᠢᠨᠦ ᠬᠦᠦ ᠠᠪᠴᠤ ᠥᠭᠭᠦᠭᠰᠡᠨ ᠶᠤᠮ!》 ᠭᠡᠵᠦ ᠪᠠᠶᠠᠷᠯᠠᠭᠰᠠᠨ ᠰᠡᠳᠬᠢᠯᠭᠡ᠎ᠪᠠᠨ ᠢᠯᠡᠳᠬᠡᠨ᠎ᠡ᠃

      ᠨᠠᠷᠠᠨᠵᠢᠷᠤᠭ᠎ᠠᠴᠠ 《ᠪᠣᠤ ᠲᠤᠪᠴᠢᠶᠠᠨ ᠳᠠᠷᠤᠭ᠎ᠠ ᠨᠢᠭᠡ ᠰᠡᠳᠬᠢᠯ ᠵᠶ᠋ᠠᠷ ᠠᠵᠢᠯ ᠵᠶ᠋ᠠᠨ ᠬᠢᠬᠦ ᠵᠢᠨ ᠳᠠᠭ᠋ᠠᠤ ᠪᠤᠰᠣᠳ᠎ᠢ ᠬᠠᠯᠠᠮᠵᠢᠯᠠᠬᠤ᠎ᠪᠠᠨ ᠶᠠᠷᠤ᠎ᠠᠴᠠ ᠤᠮᠠᠷᠲᠠᠳᠠᠭ ᠦᠭᠡᠢ᠃》 ᠭᠡᠵᠦ᠂ ᠪᠦᠦ ᠶᠦᠩ ᠵᠢᠶᠦ᠋ᠨ ᠪᠥᠬᠦ ᠲᠤᠪᠴᠢᠶᠠᠨ᠎ᠤ ᠠᠷᠠᠳ᠎ᠤᠨ ᠴᠠᠭᠳᠠᠭ᠎ᠠ ᠨᠢᠭᠡᠪᠦᠷᠢ ᠵᠢᠨ ᠵᠠᠩ ᠴᠢᠨᠠᠷ᠎ᠤᠨ ᠣᠨᠴᠠᠯᠢᠭ᠂ ᠠᠵᠢᠯ᠎ᠤᠨ ᠣᠨᠴᠠ ᠴᠢᠳᠠᠪᠤᠷᠢ ᠵᠢ ᠴᠥᠮ ᠮᠠᠰᠢ ᠰᠠᠶ᠋ᠢᠨ ᠮᠡᠳᠡᠳᠡᠭ ᠮᠦᠷᠳᠡᠬᠡᠨ ᠤᠳᠠᠭ᠎ᠠ ᠪᠦᠷᠢ ᠵᠢᠨ ᠠᠵᠢᠯ᠎ᠳᠤ ᠲᠣᠬᠢᠷᠠᠭᠤᠯᠤᠯᠲᠠ ᠬᠢᠬᠦ ᠦᠶ᠎ᠡ᠎ᠳᠤ᠂ ᠲᠡᠷᠡ ᠴᠥᠮ ᠳᠠᠬᠢᠨ ᠪᠠᠢ᠌ᠴᠠᠭ᠋ᠠᠨ ᠠᠵᠢᠭᠯᠠᠵᠤ ᠰᠢᠯᠭ᠋ᠠᠵᠤ ᠦᠵᠡᠶ᠎ᠡ᠂ ᠶᠡᠷᠦᠨᠢ ᠨᠢᠭᠡ ᠠᠵᠢᠯ᠎ᠤᠨ ᠪᠠᠶ᠋ᠢᠷᠢ᠎ᠨᠢ ᠳᠣᠬᠢᠷᠠᠳᠠᠭ ᠶᠤᠮ ᠭᠡᠵᠦ ᠬᠡᠯᠡᠳᠡᠭ᠃ ᠨᠡᠷ᠎ᠡ᠎ᠪᠠᠨ ᠬᠡᠯᠡᠬᠦ ᠳᠤᠷ᠎ᠠ ᠥᠬᠡᠶ ᠨᠢᠭᠡᠨ ᠠᠷᠠᠳ᠎ᠤᠨ ᠴᠠᠭᠳᠠᠭ᠎ᠠ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠳᠤᠮᠳᠠ ᠰᠠᠬᠢᠯᠭ᠎ᠠ ᠪᠠᠲᠤ ᠵᠢ ᠵᠥᠷᠢᠴᠡᠭᠰᠡᠨ᠎ᠠᠴᠠ ᠪᠣᠯᠵᠣ ᠰᠢᠢ᠍ᠳᠭᠡᠯ ᠣᠯᠤᠭᠰᠠᠨ ᠪᠣᠯᠪᠠᠴᠤ ᠪᠦᠦ ᠶᠦᠩ ᠵᠢᠶᠦ᠋ᠨ ᠲᠡᠭᠦᠨ᠎ᠢ ᠠᠵᠢᠯ᠎ᠤᠨ ᠪᠠᠶ᠋ᠢᠷᠢ ᠳᠡᠭᠡᠷ᠎ᠡ᠎ᠪᠠᠨ ᠦᠢ᠍ᠯᠡᠳᠦᠯ ᠵᠢᠡᠨ ᠰᠠᠶ᠋ᠢᠲᠤᠷ ᠪᠠᠳᠠᠷᠠᠭᠤᠯᠤᠭ᠋ᠠᠷᠠᠢ ᠭᠡᠰᠡᠨ᠂ 《ᠪᠦᠦ ᠲᠣᠪᠴᠢᠶᠠᠨ ᠳᠠᠷᠤᠭ᠎ᠠ ᠪᠣᠯ ᠲᠥᠪ ᠭᠤᠤᠯᠴᠢ ᠮᠦᠷᠳᠡᠬᠡᠨ ᠠᠵᠢᠯ ᠬᠢᠬᠦ᠎ᠨᠢ ᠪᠠᠰᠠ ᠲᠥᠪ ᠭᠤᠤᠯᠴᠢ ᠪᠠᠢ᠌ᠳᠠᠭ!》 ᠭᠡᠵᠦ ᠬᠡᠯᠡᠨ᠎ᠡ᠃

      ᠥᠪᠡᠷ᠎ᠤᠨ ᠪᠡᠶ᠎ᠡ ᠲᠥᠪ ᠪᠣᠯᠪᠠᠰᠤ ᠵᠠᠷᠯᠢᠭᠳᠠᠬᠤ ᠦᠭᠡᠢ᠎ᠪᠠᠷ ᠶᠠᠪᠤᠮᠤᠢ᠃ ᠪᠦᠦ ᠶᠦᠩ ᠵᠢᠶᠦ᠋ᠨ᠎ᠤ ᠳᠠᠭ᠋ᠠᠭᠤᠯᠭ᠎ᠠ ᠳᠤᠤᠷ᠎ᠠ᠂ ᠨᠢᠭᠡ ᠵᠢᠯ᠎ᠤᠨ ᠲᠤᠷᠰᠢ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠵᠢᠨ ᠳᠦᠷᠰᠦ ᠪᠠᠶ᠋ᠢᠳᠠᠯ ᠴᠣ᠋ ᠰᠢᠨ᠎ᠡ ᠪᠣᠯᠵᠣ᠂ ᠡᠩᠨᠡᠭᠡ ᠵᠢᠨ ᠨᠢᠭᠲᠠᠷᠠᠯ᠎ᠤᠨ ᠬᠦᠴᠦᠨ᠂ ᠳᠠᠶ᠋ᠢᠴᠢᠨ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃

微信图片_20220914112351.jpg    

 

      《ᠪᠢᠳᠡᠨ᠎ᠤ ᠸᠢᠴᠠᠲ᠎ᠤᠨ ᠶᠠᠷᠢᠯᠴᠠᠭ᠎ᠠ ᠵᠢ ᠬᠡᠵᠢᠶᠡᠳᠡ ᠤᠰᠠᠳᠬᠠᠬᠤ ᠦᠭᠡᠢ!》

      ᠪᠠᠯᠭ᠋ᠠᠷᠭᠤᠤᠯ ᠲᠣᠮᠢᠯᠠᠭᠰᠠᠨ ᠰᠠᠯᠪᠤᠷᠢ ᠪᠣᠯ ᠪᠠᠷᠠᠭᠤᠨ ᠦᠵᠦᠮᠦᠴᠢᠨ ᠬᠤᠰᠢᠭᠤᠨ᠎ᠤ ᠵᠠᠰᠠᠭ᠎ᠤᠨ ᠣᠷᠳᠣᠨ᠎ᠤ ᠪᠠᠶ᠋ᠢᠭ᠎ᠠ ᠭᠠᠵᠠᠷ᠎ᠤᠨ ᠲᠣᠮᠢᠯᠠᠭᠰᠠᠨ ᠰᠠᠯᠪᠤᠷᠢ ᠪᠣᠯᠤᠨ᠎ᠠ᠂ ᠰᠠᠯᠪᠤᠷᠢ ᠵᠢᠨ ᠳᠠᠷᠤᠭ᠎ᠠ ᠰᠠᠶ᠋ᠢᠬᠠᠨ ᠭᠠᠷ ᠤᠲᠠᠰᠤ᠎ᠪᠠᠨ ᠨᠡᠭᠡᠭᠡᠵᠦ ᠲᠡᠷᠡ ᠪᠣᠯᠤᠨ ᠪᠦᠦ ᠶᠦᠩ ᠵᠢᠶᠦ᠋ᠨ᠎ᠲᠠᠢ ᠬᠠᠷᠢᠯᠴᠠᠭᠰᠠᠨ ᠸᠢᠴᠠᠲ᠎ᠤᠨ ᠲᠡᠮᠳᠡᠭᠯᠡᠯ ᠵᠶ᠋ᠠᠨ ᠰᠣᠷᠪᠤᠯᠵᠢᠯᠠᠭᠴᠢ᠎ᠳᠤ ᠦᠵᠡᠭᠦᠯᠦᠭᠰᠡᠨ᠎ᠳᠤ᠂ ᠬᠠᠮᠤᠭ ᠣᠷᠣᠶ ᠵᠢᠨ ᠴᠠᠭ᠎ᠨᠢ 4 ᠰᠠᠷ᠎ᠠ ᠵᠢᠨ 25᠎ᠤ ᠥᠷᠯᠥᠭᠡ ᠵᠢᠨ 4 ᠴᠠᠭ 24 ᠮᠢᠨᠦ᠋ᠲ ᠪᠣᠯᠤᠨ᠎ᠠ᠃ ᠰᠠᠢ᠌ᠬᠠᠨ

《ᠪᠢ ᠶᠡᠷᠦ᠎ᠨᠢ ᠪᠦᠦ ᠲᠣᠪᠴᠢᠶᠠᠨ ᠳᠠᠷᠤᠭ᠎ᠠ᠎ᠳᠤ ᠸᠢᠴᠠᠲ ᠶᠠᠪᠤᠭᠤᠯᠬᠤ ᠪᠤᠶᠤ ᠤᠲᠠᠰᠤᠳᠠᠵᠤ᠂ ᠲᠡᠭᠦᠨ᠎ᠤ ᠠᠮᠠᠷᠠᠬᠤ ᠵᠢ ᠨᠥᠯᠥᠭᠡᠯᠡᠬᠦ᠎ᠠᠴᠠ ᠠᠶᠤᠳᠠᠭ᠂ ᠤᠴᠢᠷ᠎ᠨᠢ ᠲᠡᠭᠦᠨ᠎ᠤ ᠤᠨᠲᠠᠬᠤ᠎ᠨᠢ ᠬᠡᠲᠦᠷᠬᠡᠢ ᠪᠠᠭ᠎ᠠ!》᠂ ᠡᠨᠡ ᠵᠢᠯ᠎ᠤᠨ 7 ᠰᠠᠷ᠎ᠠ᠎ᠳᠤ ᠨᠤᠲᠤᠭ᠎ᠲᠤ᠎ᠪᠠᠨ ᠬᠠᠷᠢᠵᠤ ᠬᠡᠦᠬᠡᠳ᠎ᠲᠤ᠎ᠪᠠᠨ ᠪᠠᠷ᠎ᠠ ᠪᠣᠯᠵᠣ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠡᠯᠰᠡᠬᠦ ᠰᠢᠯᠭ᠋ᠠᠯᠲᠠ᠎ᠳᠤ ᠣᠷᠣᠯᠴᠠᠬᠤ᠎ᠳᠤ ᠪᠦᠦ ᠶᠦᠩ ᠵᠢᠶᠦ᠋ᠨ ᠪᠠᠰᠠ ᠲᠤᠰᠬᠠᠶ᠋ᠢᠯᠠᠨ ᠸᠢᠴᠠᠲ ᠢᠷᠡᠭᠦᠯᠵᠦ᠄

《ᠬᠡᠦᠬᠡᠳ᠎ᠤᠨ ᠰᠠᠶ᠋ᠢᠨ ᠬᠢᠷᠢ ᠪᠦᠲᠦᠮᠵᠢ ᠤᠯᠬᠤ ᠵᠢ ᠵᠥᠩᠨᠡᠶ᠎ᠡ》 ᠭᠡᠵᠡᠶ! 《ᠪᠦᠦ ᠲᠣᠪᠴᠢᠶᠠᠨ ᠳᠠᠷᠤᠭ᠎ᠠ ᠪᠣᠯ ᠰᠠᠶ᠋ᠢᠨ ᠤᠳᠤᠷᠢᠳᠤᠯᠭ᠎ᠠ ᠮᠥᠨ᠂ ᠨᠠᠩ ᠴᠤ᠌ ᠨᠢᠭᠡᠨ ᠰᠠᠶ᠋ᠢᠨ ᠠᠬ᠎ᠠ ᠮᠥᠨ᠃》 ᠨᠠᠳᠠ᠎ᠳᠤ ᠬᠠᠮᠤᠭ ᠭᠦᠨ ᠰᠠᠭᠤᠭᠳᠠᠯ ᠦᠯᠡᠳᠡᠭᠡᠭᠰᠡᠨ᠎ᠨᠢ ᠪᠦᠦ ᠶᠦᠩ ᠵᠢᠶᠦ᠋ᠨ᠎ᠲᠠᠢ ᠠᠩᠬ᠎ᠠ ᠠᠭᠤᠯᠵᠠᠬᠤ᠎ᠳᠤ ᠲᠡᠭᠦᠨ᠎ᠤ ᠳᠠᠲᠠᠵᠤ ᠪᠠᠢ᠌ᠭᠰᠠᠨ 8 ᠲᠥᠭᠦᠷᠢᠭ᠎ᠤᠨ ᠬᠠᠲᠠᠭᠤ ᠬᠠᠶ᠋ᠢᠷᠴᠠᠭ᠎ᠲᠠᠢ ᠶᠦᠨ ᠶᠠᠨ ᠲᠠᠮᠠᠬᠢ ᠪᠣᠯᠤᠨ᠎ᠠ᠃ ᠲᠠᠮᠠᠬᠢ ᠭᠠᠷ᠎ᠠᠴᠠ᠎ᠨᠢ ᠰᠠᠯᠬᠤ ᠦᠭᠡᠢ᠂ ᠡᠨᠡ ᠪᠣᠯ ᠲᠡᠭᠦᠨ᠎ᠤ ᠶᠠᠳᠠᠷᠠᠭ᠎ᠠ᠎ᠪᠠᠨ ᠲᠠᠶ᠋ᠢᠯᠬᠤ ᠠᠷᠭ᠎ᠠ᠃ ᠰᠠᠶ᠋ᠢᠬᠠᠨ ᠪᠦᠦ ᠲᠣᠪᠴᠢᠶᠠᠨ ᠳᠠᠷᠤᠭ᠎ᠠ ᠮᠠᠰᠢ ᠠᠷᠪᠢᠴᠢ ᠭᠠᠮᠲᠠᠶ᠂ ᠡᠩ᠎ᠤᠨ ᠦᠶ᠎ᠡ᠎ᠳᠤ ᠴᠠᠭᠳᠠᠭ᠋ᠠᠨ᠎ᠤ ᠬᠤᠪᠴᠠᠰᠤ᠎ᠠᠴᠠ ᠭᠠᠳᠠᠨ᠎ᠠ᠂ ᠬᠤᠪᠴᠠᠰᠤ ᠬᠤᠨᠠᠷ᠎ᠨᠢ ᠠᠨ ᠲᠠ ᠪᠢᠰᠢ ᠪᠣᠯ ᠯᠢ ᠨᠢᠩ ᠨᠡᠷᠡᠮᠵᠢᠲᠦ᠂ ᠬᠡᠭᠡᠨᠴᠢᠷᠯᠡᠬᠦ ᠡᠳ᠋ ᠭᠡᠵᠦ ᠨᠢᠭᠡ ᠴᠦ᠍ ᠥᠬᠡᠶ ᠭᠡᠵᠦ ᠬᠡᠯᠡᠪᠡ᠃

      ᠰᠠᠶ᠋ᠢᠬᠠᠨ ᠪᠦᠦ ᠶᠦᠩ ᠵᠢᠶᠦ᠋ᠨ ᠪᠣᠯᠤᠨ ᠲᠡᠭᠦᠨ᠎ᠤ ᠸᠢᠴᠠᠲ᠎ᠤᠨ ᠲᠡᠮᠳᠡᠭᠯᠡᠯ ᠵᠶ᠋ᠠᠨ ᠤᠷᠪᠠᠭᠤᠯᠵᠤ᠄ 《ᠪᠢ ᠡᠳᠡᠭᠡᠷ ᠸᠢᠴᠠᠲ᠎ᠤᠨ ᠶᠠᠷᠢᠯᠴᠠᠭ᠎ᠠ ᠵᠢ ᠬᠡᠵᠢᠶᠡᠳᠡ ᠤᠰᠠᠳᠬᠠᠬᠤ ᠦᠭᠡᠢ!》 ᠡᠲᠡᠭᠡᠷ ᠸᠢᠴᠠᠲ᠎ᠢ ᠬᠠᠷᠠᠭ᠋ᠠᠳ᠂ ᠪᠦᠦ ᠲᠣᠪᠴᠢᠶᠠᠨ ᠳᠠᠷᠤᠭ᠎ᠠ ᠮᠥᠨ ᠯᠡ ᠪᠢᠳᠡᠨ᠎ᠢ ᠵᠢᠯᠣᠭᠤᠳᠴᠤ ᠪᠠᠶ᠋ᠢᠬᠤ ᠰᠢᠭ᠋ ᠰᠠᠨᠠᠭᠳᠠᠨ᠎ᠠ!

微信图片_20220914112404.jpg    


      《ᠪᠢᠳᠡ ᠡᠶ᠋ᠢᠮᠦ ᠴᠢᠬᠡᠴᠢ ᠨᠣᠶᠠᠨ᠎ᠢ ᠪᠢᠰᠢᠷᠡᠨ᠎ᠡ᠂ ᠭᠠᠰᠢᠭᠤᠳᠠᠯ᠎ᠤᠨ ᠬᠤᠷᠠᠯ᠎ᠳᠤ᠎ᠨᠢ ᠵᠠᠪᠠᠯ ᠣᠷᠣᠯᠴᠠᠨ᠎ᠠ》

      ᠮᠠᠯᠴᠢᠨ ᠮᠠ ᠭᠤᠸᠠᠩ ᠵᠢᠶᠦ᠋ᠨ ᠪᠦᠦ ᠶᠦᠩ ᠵᠢᠶᠦ᠋ᠨ ᠠᠯᠪᠠᠨ ᠶᠠᠪᠤᠳᠠᠯ ᠵᠶ᠋ᠠᠷ ᠪᠡᠶ᠎ᠡ ᠦᠷᠡᠭᠳᠡᠭᠰᠡᠨ᠎ᠢ ᠰᠣᠨᠣᠰᠤᠭ᠋ᠠᠳ᠂ ᠪᠢ ᠵᠠᠪᠠᠯ ᠪᠦᠦ ᠲᠣᠪᠴᠢᠶᠠᠨ ᠳᠠᠷᠤᠭ᠎ᠠ ᠵᠢᠨ ᠭᠠᠰᠢᠭᠤᠳᠠᠯ᠎ᠤᠨ ᠬᠤᠷᠠᠯ᠎ᠳᠤ ᠣᠷᠣᠯᠴᠠᠵᠤ᠂ ᠲᠡᠭᠦᠨ᠎ᠢ ᠡᠴᠦᠰ᠎ᠤᠨ ᠤᠳᠠᠭ᠎ᠠ ᠬᠦᠷᠭᠡᠨ᠎ᠡ ᠭᠡᠪᠡ᠃ 《ᠪᠢᠳᠡ ᠡᠶ᠋ᠢᠮᠦ ᠴᠢᠬᠡᠴᠢ ᠨᠣᠶᠠᠨ᠎ᠢ

ᠪᠢᠰᠢᠷᠠᠨ᠎ᠠ!》᠃ 2021 ᠣᠨ᠎ᠳᠤ᠂ ᠮᠠ ᠭᠤᠸᠠᠩ ᠵᠢᠶᠦ᠋ᠨ ᠭᠠᠳᠠᠨ᠎ᠠ ᠬᠥᠯᠥᠰᠥᠨ ᠠᠵᠢᠯ ᠬᠢᠭᠡᠳ ᠵᠠᠩᠭᠤᠶ᠋ᠢᠳᠠ᠎ᠳᠤ᠎ᠪᠠᠨ ᠬᠤᠶᠠᠷ ᠲᠦᠮᠡᠨ ᠲᠥᠭᠦᠷᠢᠭ᠎ᠤᠨ ᠴᠠᠯᠢᠩ ᠵᠶ᠋ᠠᠨ ᠬᠠᠰᠤᠭᠤᠯᠤᠭ᠋ᠠᠳ᠂ ᠠᠰᠠᠭᠤᠳᠠᠯ ᠵᠶ᠋ᠠᠨ ᠲᠤᠰᠬᠠᠬᠤ ᠥᠶ᠎ᠡ᠎ᠳᠤ ᠪᠦᠦ ᠶᠦᠩ ᠵᠢᠶᠦ᠋ᠨ᠎ᠲᠠᠢ ᠲᠠᠭ᠋ᠠᠷᠠᠯᠳᠤᠵᠤ᠂ ᠪᠦᠦ ᠶᠦᠩ ᠵᠢᠶᠦ᠋ᠨ ᠪᠠᠶ᠋ᠢᠳᠠᠯ᠎ᠢ ᠣᠶ᠋ᠢᠯᠠᠭ᠋ᠠᠭᠰᠠᠨ᠎ᠤ ᠳᠠᠷᠠᠭ᠎ᠠ ᠲᠡᠭᠦᠨ᠎ᠢ ᠭᠡᠷ᠎ᠲᠤ᠎ᠪᠠᠨ ᠬᠠᠷᠢᠵᠤ ᠴᠢᠮᠡᠭᠡ ᠬᠦᠯᠢᠶᠡ ᠭᠡᠪᠡ᠃ 《ᠦᠨᠡᠨ᠎ᠢ ᠬᠡᠯᠡᠪᠡᠯ᠂ ᠪᠢ ᠪᠠᠰᠠ ᠲᠡᠶ᠋ᠢᠮᠦ ᠶᠡᠭᠡ ᠬᠦᠰᠡᠯ ᠡᠪᠦᠷᠯᠡᠭᠰᠡᠨ ᠦᠭᠡᠢ᠂ ᠡᠨᠡ ᠪᠣᠯ ᠤᠳᠤᠷᠢᠳᠤᠯᠭ᠎ᠠ ᠪᠢᠳᠡᠨ᠎ᠢ ᠠᠷᠭ᠋ᠠᠴᠠᠭ᠋ᠠᠵᠤ ᠪᠠᠢ᠌ᠭ᠎ᠠ ᠭᠡᠵᠦ ᠪᠣᠳᠤᠭᠰᠠᠨ᠂ ᠭᠡᠳᠡᠯ᠎ᠡ ᠠᠷᠪᠠᠳᠤᠭ᠋ᠠᠷ ᠡᠳᠦᠷ ᠤᠲᠠᠰᠤ ᠢᠷᠡᠭᠦᠯᠵᠦ᠂ ᠪᠢᠳᠡᠨ᠎ᠢ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠳᠤ ᠣᠴᠢᠵᠤ ᠬᠠᠰᠤᠭᠳᠠᠭᠰᠠᠨ ᠴᠠᠯᠢᠩ ᠵᠶ᠋ᠠᠨ ᠠᠪᠤᠭ᠋ᠠᠷᠠᠢ ᠭᠡᠪᠡ᠃》 ᠬᠤᠶᠠᠷ ᠲᠦᠮᠡᠨ ᠲᠥᠭᠦᠷᠢᠭ ᠪᠣᠯ ᠲᠡᠳᠡᠨ᠎ᠤ ᠭᠡᠷ᠎ᠤᠨ ᠬᠠᠭ᠋ᠠᠰ ᠵᠢᠯ ᠰᠢᠬᠠᠮ᠎ᠤᠨ ᠣᠷᠣᠯᠭ᠎ᠠ᠂ ᠪᠦᠦ ᠲᠣᠪᠴᠢᠶᠠᠨ ᠳᠠᠷᠤᠭ᠎ᠠ ᠪᠣᠯ ᠦᠨᠡᠨ ᠬᠦ᠌ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ ᠰᠠᠶ᠋ᠢᠨ ᠤᠳᠤᠷᠢᠳᠤᠯᠭ᠎ᠠ ᠭᠡᠵᠦ ᠮᠠ ᠭᠤᠸᠠᠩ ᠵᠢᠶᠦ᠋ᠨ ᠬᠡᠯᠡᠪᠡ᠃

      ᠰᠡᠭᠦᠯᠡᠷ᠎ᠨᠢ᠂ ᠲᠠᠯᠠᠷᠬᠠᠵᠤ ᠪᠠᠶ᠋ᠢᠭ᠎ᠠ ᠰᠡᠳᠬᠢᠯᠭᠡ᠎ᠪᠠᠨ ᠢᠯᠡᠳᠬᠡᠬᠦ ᠵᠢᠨ ᠲᠥᠯᠥᠭᠡ᠂ 《ᠠᠷᠠᠳ ᠲᠦᠮᠡᠨ᠎ᠳᠤ ᠬᠠᠯᠠᠭᠤᠨ ᠰᠡᠳᠬᠢᠯ ᠵᠶ᠋ᠠᠷ ᠦᠢ᠍ᠯᠡᠴᠢᠯᠡᠵᠦ᠂ ᠦᠨᠡᠨ ᠰᠡᠳᠬᠢᠯ᠎ᠠᠴᠠ᠎ᠪᠠᠨ ᠠᠷᠠᠳ ᠲᠦᠮᠡᠨ᠎ᠤ ᠵᠣᠪᠠᠨᠢᠯ᠎ᠢ ᠠᠷᠢᠯᠭ᠋ᠠᠨ᠎ᠠ》 ᠭᠡᠵᠦ ᠲᠤᠰᠬᠠᠶ᠋ᠢᠯᠠᠨ ᠪᠢᠴᠢᠭᠰᠡᠨ ᠬᠡᠮᠡᠷᠯᠢᠭ ᠲᠤᠭ᠎ᠢ ᠮᠠ ᠭᠤᠸᠠᠩ ᠵᠢᠶᠦ᠋ᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠳᠤ ᠬᠦᠷᠭᠡᠪᠡ᠃ ᠲᠤᠬᠠᠢ ᠵᠢᠨ ᠦᠶ᠎ᠡ᠎ᠳᠤ ᠪᠦᠦ ᠶᠦᠩ ᠦᠨᠳᠦᠰᠦᠨ ᠱᠠᠲᠤᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠪᠠᠢ᠌ᠭᠰᠠᠨ ᠲᠤᠯᠠ᠂ ᠮᠠ ᠭᠤᠸᠠᠩ ᠵᠢᠶᠦ᠋ᠨ ᠪᠤᠰᠤᠳ ᠠᠷᠠᠳ᠎ᠤᠨ ᠴᠠᠭᠳᠠᠭ᠎ᠠ᠎ᠳᠤ ᠨᠠᠶ᠋ᠢᠳᠠᠵᠤ ᠳᠠᠮᠵᠢᠭᠤᠯᠪᠠ᠃ ᠪᠦᠦ ᠶᠦᠩ ᠵᠢᠶᠦ᠋ᠨ ᠪᠠᠶ᠋ᠢᠳᠠᠯ᠎ᠢ ᠮᠡᠳᠡᠭᠰᠡᠨ᠎ᠤ ᠳᠠᠷᠠᠭ᠎ᠠ ᠬᠡᠮᠡᠷᠯᠢᠭ ᠲᠤᠭ ᠵᠶ᠋ᠡᠨ ᠪᠣᠴᠠᠭ᠋ᠠᠯᠭ᠋ᠠᠬᠤ᠎ᠪᠠᠷ ᠪᠣᠯᠤᠭᠰᠠᠨ᠎ᠳᠤ᠂ 《ᠠᠷᠭ᠎ᠠ ᠪᠣᠰᠤ᠂ ᠪᠢ ᠵᠥᠪᠬᠡᠨ ᠨᠢᠭᠤᠵᠤ ᠬᠠᠳᠠᠭ᠋ᠠᠯᠠᠭᠰᠠᠨ》 ᠭᠡᠵᠦ ᠯᠠᠩ ᠬᠤᠩ ᠸᠧᠢ ᠬᠡᠯᠡᠪᠡ᠃

      ᠪᠦᠦ ᠶᠦᠩ ᠵᠢᠶᠦ᠋ᠨ ᠪᠠᠷᠠᠭᠤᠨ ᠦᠵᠦᠮᠦᠴᠢᠨ ᠬᠤᠰᠢᠭᠤᠨ᠎ᠳᠤ ᠲᠤᠰᠢᠶᠠᠯ ᠡᠭᠦᠷᠭᠡᠯᠡᠭᠰᠡᠨ᠎ᠤ ᠳᠠᠷᠠᠭ᠎ᠠ᠂ ᠬᠠᠤᠯᠢ᠎ᠳᠤ ᠬᠤᠯᠪᠣᠭᠳᠠᠭᠰᠠᠨ ᠵᠠᠷᠭᠤ᠎ᠳᠤ ᠬᠤᠯᠪᠣᠭᠳᠠᠭᠰᠠᠨ 29 ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠡᠶ᠎ᠡ᠎ᠪᠠᠷ ᠵᠶ᠋ᠠᠨ ᠰᠢᠢ᠍ᠳᠪᠦᠷᠢᠯᠡᠵᠦ᠂ ᠵᠥᠪᠬᠡᠨ 1 ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠶᠠᠭ ᠪᠣᠭᠤᠮᠲᠠ ᠰᠢᠪᠲᠤᠯᠵᠤ ᠪᠠᠢ᠌ᠭ᠎ᠠ ᠱᠠᠳᠤᠨ᠎ᠳᠤ᠎ᠪᠠᠨ ᠪᠠᠢ᠌ᠵᠤ᠂ ᠪᠤᠰᠤᠳ᠎ᠢ᠎ᠨᠢ ᠪᠦᠬᠦᠨ᠎ᠢ ᠰᠢᠢ᠍ᠳᠪᠦᠷᠢᠯᠡᠵᠦ ᠳᠠᠭᠤᠰᠬᠠᠪᠠ᠃ ᠡᠳᠦᠷᠵᠢᠨ ᠰᠥᠨᠢᠵᠢᠨ ᠠᠷᠠᠳ᠎ᠤᠨ ᠲᠥᠯᠥᠭᠡ ᠵᠢᠳᠬᠦᠵᠦ᠂ ᠦᠨᠡᠨ ᠰᠡᠳᠬᠢᠯ᠎ᠠᠴᠠ᠎ᠪᠠᠨ ᠴᠠᠭᠳᠠᠭ᠎ᠠ ᠵᠢᠨ ᠰᠢᠳᠤᠷᠭᠤ ᠰᠦᠭ ᠰᠦᠨᠡᠰᠦ ᠵᠢ ᠱᠤᠭᠣᠪᠠ᠃

      37 ᠵᠢᠯ᠎ᠤᠨ ᠲᠤᠷᠰᠢ᠂ ᠪᠦᠦ ᠶᠦᠩ ᠵᠢᠶᠦ᠋ᠨ ᠤᠷᠢᠳ ᠬᠤᠵᠢᠳ 26 ᠤᠳᠠᠭ᠎ᠠ ᠭᠠᠪᠢᠶ᠎ᠠ ᠪᠠᠶ᠋ᠢᠭᠤᠯᠵᠤ ᠱᠠᠩᠨᠠᠯ ᠬᠦᠷᠲᠡᠵᠦ᠂ ᠡᠭᠦᠨ᠎ᠳᠤ ᠨᠢᠭᠡᠳᠦᠭᠡᠷ ᠳᠡᠰ᠎ᠤᠨ ᠭᠠᠪᠢᠶ᠎ᠠ 1 ᠤᠳᠠᠭ᠎ᠠ᠂ ᠬᠤᠶᠠᠳᠤᠭ᠋ᠠᠷ ᠳᠡᠰ᠎ᠤᠨ ᠭᠠᠪᠢᠶ᠎ᠠ 1 ᠤᠳᠠᠭ᠎ᠠ᠂ ᠭᠤᠷᠪᠠᠳᠤᠭ᠋ᠠᠷ ᠳᠡᠰ᠎ᠤᠨ ᠭᠠᠪᠢᠶ᠎ᠠ 6 ᠤᠳᠠᠭ᠎ᠠ ᠳᠡᠮᠳᠡᠭᠯᠡᠭᠦᠯᠵᠦ᠂ ᠲᠡᠷᠡ ᠲᠥᠪ ᠭᠤᠣᠯᠴᠢ ᠠᠷᠢᠭᠤᠨ ᠴᠢᠬᠡᠴᠢ᠂ ᠠᠵᠢᠯ ᠵᠶ᠋ᠠᠨ ᠴᠠᠭ ᠲᠤᠬᠠᠢ᠎ᠳᠤ᠎ᠨᠢ ᠭᠦᠢ᠍ᠴᠡᠳᠭᠡᠨ᠂ ᠵᠣᠷᠢᠭᠲᠠᠢ᠎ᠪᠠᠷ ᠰᠢᠨ᠎ᠡ ᠵᠢ ᠡᠭᠦᠳᠴᠦ᠂ ᠵᠣᠷᠢᠭᠲᠠᠢ᠎ᠪᠠᠷ ᠡᠭᠦᠷᠭᠡᠯᠡᠨ᠂ ᠠᠮᠢ ᠨᠠᠰᠤ᠎ᠪᠠᠷ ᠵᠶ᠋ᠠᠨ ᠬᠠᠷᠢᠭᠤᠴᠠᠯᠭ᠎ᠠ ᠵᠢᠨ ᠦᠨᠳᠦᠷᠴᠡ ᠵᠢ ᠬᠡᠮᠵᠢᠨ ᠭᠠᠷᠭ᠋ᠠᠪᠠ᠃

     ᠳᠠᠶ᠋ᠢᠴᠢᠨ ᠬᠠᠨᠢ ᠮᠢᠨᠢ ᠠᠮᠤᠷᠯᠢᠩᠭᠤᠢ ᠨᠤᠢ᠌ᠷᠰᠤᠭ᠋ᠠᠷᠠᠢ!

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ