ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠮᠠ ᠴᠦᠨ ᠢᠦᠶ 2022 ᠣᠨ᠎ᠤ 《ᠬᠠᠮᠤᠭ᠎ᠠᠴᠠ ᠪᠠᠬᠠᠷᠬᠠᠯᠲᠠᠢ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ》 ᠵᠢᠨ ᠢᠷᠠᠭᠤ ᠠᠯᠳᠠᠷ᠎ᠢ ᠭᠥᠷᠳᠡᠪᠡ
ᠨᠡᠶ᠋ᠢᠲᠡᠯᠡᠭᠰᠡᠨ ᠴᠠᠭ᠄ 2022-11-20

        ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠴᠢᠬᠤᠯᠠ ᠰᠤᠷᠭ᠋ᠠᠯ ᠦᠭᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠠᠭᠤᠤ ᠶᠡᠭᠡ ᠨᠠᠮ ᠪᠠᠶ᠋ᠢᠭᠤᠯᠬᠤ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠬᠤ᠂ 《ᠨᠠᠮ᠎ᠤᠨ ᠬᠤᠷᠢᠳᠤᠭ᠋ᠠᠷ ᠶᠡᠭᠡ ᠬᠤᠷᠠᠯ᠎ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ᠎ᠪᠠᠷ ᠠᠮᠤᠷ ᠲᠣᠭᠳᠠᠭᠤᠨ᠎ᠢ ᠬᠠᠮᠠᠭ᠋ᠠᠯᠠᠬᠤ》 ᠭᠤᠤᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠬᠦ᠂ ᠥᠷᠭᠡᠨ ᠣᠯᠠᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ ᠵᠢ ᠵᠤᠷᠢᠭᠵᠢᠭᠤᠯᠬᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠠᠯᠲᠠ᠎ᠲᠠᠢ ᠬᠤᠷᠠᠯᠳᠤᠬᠤ ᠵᠢ ᠤᠭᠲᠤᠬᠤ ᠵᠢᠨ ᠲᠥᠯᠥᠭᠡ᠂ ᠲᠥᠪ᠎ᠤᠨ ᠤᠬᠠᠭᠤᠯᠬᠤ ᠬᠡᠯᠲᠡᠰ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠨᠡᠶ᠋ᠢᠭᠡᠮ ᠳᠠᠶᠠᠭ᠋ᠠᠷ᠎ᠲᠤ 2022 《ᠬᠠᠮᠤᠭ᠎ᠠᠴᠠ ᠪᠠᠬᠠᠷᠬᠠᠯᠲᠠᠢ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ》 ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠤᠬᠠᠭᠤᠯᠤᠨ ᠨᠡᠶ᠋ᠢᠲᠡᠯᠡᠵᠦ᠂ ᠪᠥᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠰᠲ᠋ᠧᠮ᠎ᠤᠨ ᠨᠡᠶ᠋ᠢᠲᠡ 38 ᠬᠥᠮᠦᠨ ᠢᠷᠠᠭᠤ ᠠᠯᠳᠠᠷᠲᠠᠶ᠎ᠪᠠᠷ ᠰᠣᠩᠭᠤᠭᠳᠠᠪᠠ᠃ ᠡᠭᠦᠨ᠎ᠳᠤ᠂ ᠪᠤᠭᠤᠲᠤ ᠬᠤᠲᠠ ᠵᠢᠨ ᠵᠢᠦ ᠶᠤᠸᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠭ᠋ᠠᠷᠤᠲᠠᠶ ᠲᠣᠮᠢᠯᠠᠭᠰᠠᠨ ᠰᠠᠯᠪᠤᠷᠢ ᠵᠢᠨ ᠳᠠᠷᠤᠭ᠎ᠠ ᠮᠠ ᠴᠦᠨ ᠢᠦᠶ 2022 ᠣᠨ᠎ᠤ ᠪᠥᠬᠦ ᠤᠯᠤᠰ᠎ᠤᠨ 《ᠬᠠᠮᠤᠭ᠎ᠠᠴᠠ ᠪᠠᠬᠠᠷᠬᠠᠯᠲᠠᠢ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ》 ᠵᠢᠨ ᠢᠷᠠᠭᠤ ᠠᠯᠳᠠᠷ᠎ᠢ ᠭᠥᠷᠳᠡᠪᠡ᠃

 马春雨荣膺2022“最美基层民警” (1).jpg  


      ᠮᠠ ᠴᠦᠨ ᠢᠦᠶ᠄ ᠮᠠᠯᠴᠢᠳ᠎ᠤᠨ ᠰᠡᠳᠬᠢᠯ᠎ᠳᠠᠬᠢ 《ᠰᠢᠳᠤᠷᠭᠤ ᠰᠠᠬᠢᠶ᠎ᠠ》᠃ ᠮᠠ ᠴᠦᠨ ᠢᠦᠶ᠂ 1969 ᠣᠨ᠎ᠳᠤ ᠳᠦᠷᠦᠵᠡᠶ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠤᠲᠠ ᠵᠢᠨ ᠵᠢᠦᠶᠤᠸᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠭ᠋ᠠᠷᠤᠲᠠᠶ ᠲᠣᠮᠢᠯᠠᠭᠰᠠᠨ ᠰᠠᠯᠪᠤᠷᠢ ᠵᠢᠨ ᠳᠠᠷᠤᠭ᠎ᠠ᠃ 22 ᠵᠢᠯ᠎ᠤᠨ ᠲᠤᠷᠰᠢ᠂ ᠲᠡᠷᠡ ᠢᠮᠠᠭᠲᠠ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠠᠵᠢᠯᠯᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠠᠷᠠᠳ᠎ᠤᠨ ᠴᠠᠭᠳᠠᠭ᠎ᠠ᠂ 《ᠤᠮᠠᠷᠠᠲᠤ ᠬᠢᠯᠢ ᠵᠢ ᠳᠣᠭᠳᠣᠯᠤᠭᠤᠯᠤᠭᠰᠠᠨ ᠬᠠᠮᠤᠭ᠎ᠠᠴᠠ ᠪᠠᠬᠠᠷᠠᠯᠲᠠᠢ ᠴᠠᠭᠳᠠᠭ᠎ᠠ》 ᠵᠡᠷᠭᠡ᠎ᠪᠠᠷ ᠦᠨᠡᠯᠡᠭᠳᠡᠵᠦ᠂ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠵᠢ 7 ᠤᠳᠠᠭ᠎ᠠ ᠪᠠᠶ᠋ᠢᠭᠤᠯᠪᠠ᠃ ᠣᠶ᠋ᠢᠷ᠎ᠠ᠎ᠳᠤ᠂ ᠪᠥᠬᠦ ᠤᠯᠤᠰ᠎ᠤᠨ 2022 ᠣᠨ᠎ᠤ 《ᠬᠠᠮᠤᠭ᠎ᠠᠴᠠ ᠪᠠᠬᠠᠷᠬᠠᠯᠲᠠᠢ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ》 ᠵᠢ ᠢᠷᠠᠭᠤ ᠠᠯᠳᠠᠷᠲᠠᠶ᠎ᠪᠠᠷ ᠭᠥᠯᠢᠶᠡᠨ ᠠᠪᠴᠠᠶ᠃

马春雨: 牧民心中的守山“巴特” (3).jpg   


      ᠠᠭ᠋ᠠᠷᠤᠳᠠᠢ ᠰᠤᠮᠤ ᠪᠤᠭᠤᠲᠤ ᠬᠤᠳᠠ ᠵᠢᠨ ᠪᠠᠷᠠᠭᠤᠨ ᠬᠡᠰᠡᠭ᠎ᠤᠨ ᠮᠤᠨᠠ ᠠᠭᠤᠯᠠ ᠵᠢᠨ ᠡᠮᠦᠨ᠎ᠡ ᠬᠤᠷᠮᠣᠢ᠎ᠳᠤ ᠪᠠᠶ᠋ᠢᠷᠢᠯᠠᠵᠤ᠂ 327 ᠲᠡᠭᠰᠢ ᠳᠥᠷᠪᠡᠯᠵᠢᠨ ᠺᠢᠯᠦᠮᠸᠲᠷ᠎ᠤᠨ ᠬᠠᠷᠢᠶ᠎ᠠ ᠣᠷᠣᠨ᠎ᠤ 200 ᠰᠢᠬᠠᠮ ᠲᠡᠭᠰᠢ ᠳᠥᠷᠪᠡᠯᠵᠢᠨ ᠺᠢᠯᠦᠮᠸᠲᠷ᠎ᠨᠢ ᠠᠭᠤᠯᠠᠷᠬᠠᠭ ᠣᠷᠣᠨ ᠪᠠᠶ᠋ᠢᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠡᠯᠪᠡᠭ ᠪᠠᠶ᠋ᠢᠳᠠᠭ᠃ 2012 ᠣᠨ᠎ᠳᠤ ᠬᠠᠶ᠋ᠢᠨ ᠳᠣᠲᠣᠯᠠᠭᠰᠠᠨ ᠨᠢᠭᠡᠨ ᠣᠨᠴᠠ ᠲᠣᠮᠣ ᠬᠡᠯᠪᠡᠷᠢ ᠵᠢᠨ ᠲᠠᠩ ᠰᠤᠳᠠᠰᠤᠲᠤ ᠠᠯᠲᠠᠨ᠎ᠤ ᠠᠭᠤᠷᠬᠠᠶ ᠵᠢᠨ ᠠᠵᠤ ᠠᠬᠤᠶ ᠵᠢᠨ ᠥᠷᠲᠡᠭ᠎ᠢ ᠵᠠᠭᠤᠨ ᠳ᠋ᠦᠩᠰᠢᠭᠤᠷ ᠲᠥᠭᠦᠷᠢᠭ ᠭᠠᠷᠤᠶ᠎ᠪᠠᠷ ᠵᠢᠱ᠌ᠢᠵᠦ ᠪᠠᠶ᠋ᠢᠨ᠎ᠠ᠃ ᠯᠤᠲᠤ ᠶᠡᠭᠡ ᠠᠰᠢᠭ ᠲᠤᠰᠠ ᠵᠢᠨ ᠥᠳᠥᠭᠡᠯᠭᠡ ᠵᠢᠨ ᠡᠮᠦᠨ᠎ᠡ᠂ ᠬᠠᠤᠯᠢ ᠪᠤᠰᠤ᠎ᠪᠠᠷ ᠳᠡᠯᠪᠡᠷᠡᠬᠦ ᠪᠣᠳᠠᠰ ᠪᠠ ᠠᠶᠤᠯᠲᠠᠢ ᠬᠢᠮᠢ ᠵᠢᠨ ᠵᠦᠢ᠍ᠯ᠎ᠢ ᠬᠡᠷᠡᠭᠯᠡᠨ ᠠᠭᠤᠷᠬᠠᠢ ᠮᠠᠯᠲᠠᠬᠤ ᠦᠵᠡᠭᠳᠡᠯ ᠣᠯᠠᠨᠲᠠ ᠭᠠᠷᠳᠠᠭ᠃

     2017 ᠣᠨ᠎ᠳᠤ᠂ ᠮᠠ ᠴᠦᠨ ᠢᠦᠢ ᠠᠭ᠋ᠠᠷᠤᠲᠠᠢ ᠲᠣᠮᠢᠯᠠᠭᠰᠠᠨ ᠰᠠᠯᠪᠤᠷᠢ ᠵᠢᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠰᠡᠨ᠎ᠤ ᠳᠠᠷᠠᠭ᠎ᠠ᠂ ᠡᠷᠡᠯᠬᠡᠭ ᠪᠦᠷᠭᠦᠳ ᠰᠢᠭ ᠠᠭᠤᠯᠠ ᠵᠢ ᠰᠠᠬᠢᠨ ᠬᠠᠮᠠᠭ᠋ᠠᠯᠠᠵᠤ᠂ ᠬᠤᠯᠠᠭ᠋ᠠᠶ᠋ᠢᠯᠠᠨ ᠮᠠᠯᠲᠠᠭᠴᠢᠳ᠎ᠲᠤ ᠬᠦᠨᠳᠦ ᠴᠣᠬᠢᠯᠲᠠ ᠥᠭᠪᠡ᠃ 2018 ᠣᠨ᠎ᠤ ᠡᠬᠢ᠎ᠪᠠᠷ᠂ ᠳᠡᠯᠪᠡᠷᠡᠬᠦ ᠡᠳ᠋ ᠪᠣᠳᠠᠰ᠎ᠢ ᠬᠠᠤᠯᠢ ᠪᠤᠰᠤ᠎ᠪᠠᠷ ᠬᠡᠷᠡᠭᠯᠡᠨ ᠠᠯᠲᠠᠨ ᠠᠭᠤᠷᠬᠠᠶ ᠬᠤᠯᠠᠭ᠋ᠠᠶ᠋ᠢᠯᠠᠨ ᠮᠠᠯᠲᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠦᠶ᠎ᠡ᠎ᠳᠤ᠂ ᠬᠤᠯᠠᠭ᠋ᠠᠶ᠋ᠢᠯᠠᠨ ᠮᠠᠯᠲᠠᠭᠴᠢᠳ ᠡᠯᠳᠡᠪ ᠵᠶ᠋ᠠᠷ ᠪᠤᠯᠢᠬᠠᠶ᠋ᠢᠯᠠᠪᠠ᠃ ᠮᠠ ᠴᠦᠨ ᠢᠦᠶ ᠨᠠᠷᠢᠨ ᠪᠠᠶ᠋ᠢᠴᠠᠭ᠋ᠠᠭᠰᠠᠨ᠎ᠳᠤ ᠭᠤᠷᠪᠠ ᠤᠳᠠᠭ᠎ᠠ ᠳᠡᠯᠪᠡᠷᠡᠭᠰᠡᠨ ᠥᠬᠡᠶ ᠲᠡᠰᠦᠷᠡᠭᠦᠯᠦᠭᠴᠢ ᠬᠤᠭᠤᠯᠠᠶ᠎ᠨᠢ ᠫᠤᠤᠵᠢᠩ᠎ᠤᠨ ᠬᠤᠭᠤᠯᠠᠢ᠎ᠳᠤ ᠭᠦᠨ ᠰᠢᠭᠢᠳᠴᠦ ᠪᠠᠶ᠋ᠢᠵᠠᠶ᠃ ᠭᠡᠷᠡᠴᠢ ᠪᠠᠷᠢᠮᠲᠠ ᠵᠢ ᠲᠣᠭᠲᠠᠭ᠋ᠠᠬᠤ ᠵᠢᠨ ᠲᠥᠯᠥᠭᠡ᠂ ᠲᠡᠷᠡ ᠴᠠᠭ ᠢᠮᠠᠭᠲᠠ ᠳᠡᠯᠪᠡᠷᠡᠵᠦ ᠮᠡᠳᠡᠬᠦ ᠠᠶᠤᠯ᠎ᠢ ᠰᠥᠷᠴᠦ᠂ ᠬᠤᠶᠠᠷ ᠴᠠᠭ ᠢᠯᠡᠭᠦᠦ ᠵᠠᠷᠤᠴᠠᠭᠤᠯᠵᠤ᠂ ᠬᠢᠴᠢᠶᠡᠮᠵᠢᠲᠡᠢ᠎ᠪᠠᠷ ᠳᠡᠯᠪᠡᠷᠡᠯᠲᠡ ᠳᠠᠮᠵᠢᠭᠤᠯᠬᠤ ᠬᠤᠭᠤᠯᠠᠢ ᠵᠢ ᠪᠠᠭ᠎ᠠ ᠪᠠᠭ᠎ᠠ᠎ᠪᠠᠷ ᠮᠠᠯᠲᠠᠨ ᠭᠠᠷᠭ᠋ᠠᠪᠠ᠃

 马春雨: 牧民心中的守山“巴特” (4).jpg  


     ᠮᠠ ᠴᠦᠨ ᠢᠦᠢ ᠵᠢᠨ ᠮᠠᠰᠢᠨ ᠲᠡᠷᠭᠡᠨ᠎ᠤ ᠠᠷᠤ ᠲᠠᠯ᠎ᠠ ᠵᠢᠨ ᠠᠪᠳᠠᠷ᠎ᠠ᠎ᠳᠤ᠎ᠨᠢ᠂ ᠬᠦᠷᠵᠡ᠂ ᠭᠤᠣᠲᠤᠣ᠂ ᠳᠡᠭᠡᠰᠦ ᠵᠡᠷᠭᠡ ᠴᠥᠮ ᠪᠦᠷᠢᠨ᠂ ᠤᠴᠢᠷ᠎ᠨᠢ ᠬᠠᠷᠢᠶ᠎ᠠ ᠣᠷᠣᠨ᠎ᠤ ᠵᠠᠷᠢᠮ ᠭᠠᠵᠠᠷ᠎ᠲᠤ 《ᠠᠭᠤᠯᠠ ᠲᠠᠭ᠋ᠠᠷᠠᠪᠠᠯ ᠵᠠᠮ ᠨᠡᠭᠡᠭᠡᠵᠦ᠂ ᠤᠰᠤ ᠲᠠᠭ᠋ᠠᠷᠠᠪᠠᠯ ᠬᠥᠭᠦᠷᠭᠡ ᠲᠠᠯᠪᠢᠬᠤ》 ᠴᠢᠬᠤᠯᠠᠲᠠᠢ ᠪᠠᠶ᠋ᠢᠳᠠᠭ᠃ ᠲᠠᠪᠤᠨ ᠵᠢᠯ᠎ᠤᠨ ᠲᠤᠷᠰᠢ᠂ ᠮᠠ ᠴᠦᠨ ᠢᠦᠶ ᠠᠩᠬᠢ ᠳᠠᠭ᠋ᠠᠭᠤᠯᠤᠨ ᠪᠤᠭᠤᠲᠤ ᠬᠤᠲᠠ ᠵᠢᠨ ᠵᠢᠦ ᠶᠤᠸᠠᠨ ᠲᠣᠭᠤᠷᠢᠭ᠎ᠤᠨ ᠪᠠᠷᠠᠭᠤᠨ ᠬᠡᠰᠡᠭ᠎ᠤᠨ ᠠᠭᠤᠯᠠ ᠳᠠᠭ᠋ᠠᠤ ᠳᠡᠯᠪᠡᠷᠡᠬᠦ ᠡᠳ᠋ ᠪᠣᠳᠠᠰ᠎ᠤᠨ ᠬᠠᠮᠢᠶᠠᠷᠤᠯᠲᠠ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠳᠤᠷ᠎ᠠ᠎ᠪᠠᠷ ᠵᠶ᠋ᠠᠨ ᠮᠠᠯᠲᠠᠬᠤ᠎ᠳᠤ ᠲᠤᠰᠬᠠᠶ ᠴᠡᠭᠴᠡᠯᠡᠨ ᠵᠠᠰᠠᠯᠲᠠ ᠥᠷᠨᠢᠭᠦᠯᠪᠡ᠃ ᠠᠭᠤᠯᠠ ᠴᠠᠭᠳᠠᠨ ᠰᠠᠬᠢᠬᠤ᠎ᠳᠤ᠎ᠪᠠᠨ᠂ ᠲᠡᠷᠡ ᠬᠡᠳᠦᠨ ᠠᠷᠪᠠᠨ ᠬᠥᠳᠡᠯᠮᠦᠷᠢ ᠵᠢᠨ ᠬᠠᠮᠠᠭ᠋ᠠᠯᠠᠯᠲᠠ ᠵᠢᠨ ᠪᠡᠭᠡᠯᠡᠢ᠂ ᠠᠷᠪᠠᠨ ᠬᠡᠳᠦᠨ ᠠᠭᠤᠯᠠ ᠠᠪᠠᠷᠢᠬᠤ ᠱᠠᠬᠠᠢ ᠬᠡᠷᠡᠭᠯᠡᠵᠦ᠂ 12 ᠳᠤᠭᠤᠶ᠋ᠢᠯᠠᠪᠤᠷᠢ ᠪᠠ 1 ᠴᠠᠭᠳᠠᠭ᠋ᠠᠨ᠎ᠤ ᠬᠡᠭᠡᠷᠡᠯᠡᠭᠴᠢ ᠮᠠᠰᠢᠨ ᠰᠣᠯᠢᠪᠠ᠃ ᠤᠷᠢᠳ ᠬᠤᠵᠢᠳ ᠠᠭᠤᠷᠬᠠᠢ ᠬᠤᠯᠠᠭ᠋ᠠᠶ᠋ᠢᠯᠠᠨ ᠮᠠᠯᠲᠠᠬᠤ ᠭᠠᠵᠠᠷ᠎ᠢ 197 ᠪᠢᠲᠡᠭᠦᠮᠵᠢᠯᠡᠵᠦ᠂ ᠬᠠᠤᠯᠢ ᠪᠤᠰᠤ᠎ᠪᠠᠷ ᠬᠤᠯᠠᠭ᠋ᠠᠶ᠋ᠢᠯᠠᠨ ᠮᠠᠯᠲᠠᠭᠰᠠᠨ 13 ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠡᠬᠡ ᠤᠯᠤᠰ᠎ᠤᠨ ᠵᠶ᠋ᠠᠨ ᠬᠥᠬᠡᠮᠳᠦᠭ ᠨᠣᠭᠤᠭ᠋ᠠᠨ ᠠᠭᠤᠯᠠ ᠤᠰᠤ ᠵᠢ ᠪᠠᠲᠤ ᠰᠠᠬᠢᠬᠤ ᠪᠠ ᠬᠠᠷᠠᠮ ᠦᠭᠡᠢ ᠵᠣᠷᠢᠭᠤᠯᠬᠤ᠎ᠪᠠᠷ ᠰᠠᠶ᠋ᠢᠲᠤᠷ ᠰᠠᠬᠢᠨ ᠬᠠᠮᠠᠭ᠋ᠠᠯᠠᠵᠤ᠂ ᠦᠨᠡᠨᠴᠢ ᠰᠢᠳᠤᠷᠭᠤ ᠪᠠ ᠵᠢᠷᠦᠬᠡᠰᠢᠶᠡᠯ ᠦᠭᠡᠢ᠎ᠪᠠᠷ ᠠᠷᠠᠳ᠎ᠤᠨ ᠴᠠᠭᠳᠠᠭ᠎ᠠ ᠵᠢᠨ ᠬᠠᠷᠢᠭᠤᠴᠠᠯᠭ᠎ᠠ ᠪᠠ ᠡᠭᠦᠷᠭᠡᠯᠡᠯ᠎ᠢ ᠪᠢᠴᠢᠭᠯᠡᠵᠦ᠂ ᠮᠠᠯᠴᠢᠳ᠎ᠤᠨ ᠰᠡᠳᠬᠢᠯ᠎ᠳᠠᠬᠢ ᠬᠠᠮᠤᠭ᠎ᠠᠴᠠ ᠪᠠᠬᠠᠷᠬᠠᠯᠲᠠᠢ 《ᠰᠢᠳᠤᠷᠭᠤ ᠰᠠᠬᠢᠶ᠎ᠠ》 ᠪᠣᠯᠪᠠ᠃

  

 

ᠢᠷᠡᠯᠲᠡ᠄ ᠪᠤᠭᠤᠳᠤ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ