ᠲᠩᠷᠢ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠥᠷᠲᠡᠭᠡ ᠴᠡᠭ᠎ᠲᠤ᠂ ᠬᠥᠮᠦᠰ ᠦᠷᠭᠦᠯᠵᠢ ᠭᠠᠳᠠᠷ ᠪᠠᠶ᠋ᠢᠳᠠᠯ᠎ᠨᠢ ᠲᠥᠪᠯᠡᠭᠦᠨ᠂ ᠪᠡᠶ᠎ᠡ ᠪᠢᠯᠳᠠᠷ᠎ᠨᠢ ᠥᠨᠳᠥᠷ ᠰᠦᠷᠯᠢᠭ᠂ ᠣᠪᠣᠷ᠎ᠨᠢ ᠡᠶᠡᠯᠳᠡᠭ ᠳᠣᠲᠣᠨᠣ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ ᠪᠣᠯᠤᠨ ᠬᠥᠮᠦᠰ᠎ᠲᠤ ᠬᠠᠯᠠᠭᠤᠮᠰᠤᠭ ᠵᠶ᠋ᠠᠷ ᠦᠢ᠍ᠯᠡᠴᠢᠯᠡᠳᠡᠭ ᠠᠬᠠᠮᠠᠳ ᠴᠠᠭᠳᠠᠭ᠎ᠠ ᠵᠢ ᠣᠯᠵᠤ ᠬᠠᠷᠠᠳᠠᠭ᠃ ᠲᠡᠷᠡ ᠪᠣᠯ ᠳᠠᠷᠤᠶ ᠨᠡᠭᠡᠭᠡᠯᠲᠡ ᠵᠢᠨ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶᠠᠨ᠎ᠤ ᠨᠠᠮ᠎ᠤᠨ ᠬᠤᠷᠢᠶᠠᠨ᠎ᠤ ᠭᠡᠰᠢᠭᠦᠨ ᠭᠠᠯᠪᠠᠭ᠋ᠠᠲᠤᠷ ᠪᠣᠯᠤᠨ᠎ᠠ᠃ 35 ᠵᠢᠯ ᠴᠠᠭᠳᠠᠭ᠎ᠠ ᠶᠠᠪᠤᠭᠰᠠᠨ ᠡᠨᠡ ᠬᠦ᠌ ᠠᠬᠠᠮᠠᠳ ᠴᠠᠭᠳᠠᠭ᠎ᠠ᠂ ᠡᠨᠡ ᠵᠢᠯ ᠬᠡᠳᠦ᠋ᠢ᠍ᠪᠡᠷ 57 ᠨᠠᠰᠤᠯᠠᠭᠰᠠᠨ ᠪᠣᠯᠪᠠᠴᠤ ᠲᠡᠷᠡ ᠮᠥᠨ ᠯᠡ ᠴᠤᠭ ᠵᠢᠪᠬᠤᠭ᠎ᠠ ᠲᠡᠭᠦᠯᠳᠡᠷ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠡᠮᠦᠨ᠎ᠡ ᠹᠷᠣᠨᠲ᠎ᠲᠤ ᠡᠷᠡᠯᠬᠡᠭᠯᠡᠨ ᠲᠡᠮᠡᠴᠡᠵᠦ᠂ ᠠᠷᠠᠳ᠎ᠤᠨ ᠴᠠᠭᠳᠠᠭ᠎ᠠ ᠨᠠᠷ᠎ᠲᠠᠢ ᠬᠠᠮᠲᠤ᠎ᠪᠠᠷ ᠭᠠᠳᠠᠨ᠎ᠠ ᠭᠠᠷᠴᠤ ᠵᠢᠵᠢᠭᠦᠷᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠪᠠᠶ᠋ᠢᠨ᠎ᠠ᠃
ᠭᠠᠯᠪᠠᠭ᠋ᠠᠲᠤᠷ 1965 ᠣᠨ᠎ᠳᠤ ᠠᠯᠠᠱ᠌ᠠ ᠵᠡᠭᠦᠨ ᠬᠤᠰᠢᠭᠤᠨ᠎ᠤ ᠵᠢᠷᠠᠨᠲᠠᠢ ᠪᠠᠯᠭ᠋ᠠᠰᠤᠨ᠎ᠳᠤ ᠲᠦᠷᠦᠵᠡᠢ᠂ 1984 ᠣᠨ᠎ᠳᠤ ᠲᠡᠷᠡ ᠰᠢᠯᠢᠳᠡᠭ ᠬᠢᠷᠢ ᠪᠦᠲᠦᠮᠵᠢ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠴᠠᠭᠳᠠᠭ᠎ᠠ ᠵᠢᠨ ᠰᠤᠷᠭ᠋ᠠᠭᠤᠯᠢ ᠵᠢᠨ ᠡᠷᠡᠭᠦᠦ ᠵᠢᠨ ᠲᠠᠩᠨᠠᠯᠲᠠ ᠵᠢᠨ ᠲᠤᠰᠬᠠᠢ ᠮᠡᠷᠭᠡᠵᠢᠯ᠎ᠳᠤ ᠰᠢᠯᠭ᠋ᠠᠨ ᠣᠷᠣᠵᠠᠢ᠃ 1986 ᠣᠨ᠎ᠳᠤ ᠭᠠᠯᠪᠠᠭ᠋ᠠᠲᠤᠷ ᠰᠢᠯᠢᠳᠡᠭ ᠬᠢᠷᠢ ᠪᠦᠲᠦᠮᠵᠢ᠎ᠪᠠᠷ ᠲᠡᠭᠦᠰᠴᠦ᠂ ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠯᠤᠰ ᠲᠥᠷᠥ ᠠᠮᠤᠷ᠎ᠢ ᠬᠠᠮᠠᠭ᠋ᠠᠯᠠᠬᠤ ᠰᠠᠯᠠᠭ᠎ᠠ᠎ᠳᠤ ᠬᠤᠪᠢᠶᠠᠭᠳᠠᠨ ᠳᠣᠲᠣᠭ᠋ᠠᠳᠤ ᠠᠵᠢᠯ᠎ᠤᠨ ᠨᠠᠷᠢᠨ ᠪᠢᠴᠢᠭᠡᠴᠢ ᠵᠢᠨ ᠠᠵᠢᠯ ᠬᠢᠵᠦ᠂ ᠬᠤᠷᠢᠨ ᠵᠢᠯ ᠠᠵᠢᠯᠯᠠᠪᠠ᠃ ᠡᠭᠦᠨ᠎ᠠᠴᠠ ᠰᠡᠭᠦᠯᠡᠷ᠂ ᠠᠵᠢᠯ᠎ᠤᠨ ᠬᠡᠷᠡᠭᠴᠡᠭᠡ᠎ᠠᠴᠠ ᠪᠤᠯᠵᠤ ᠲᠡᠷᠡ ᠪᠠᠰᠠ ᠦᠨᠳᠦᠰᠦᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠦᠷᠴᠦ ᠰᠠᠬᠢᠯᠭ᠎ᠠ ᠪᠠᠲᠤ ᠪᠠᠶ᠋ᠢᠴᠠᠭ᠋ᠠᠬᠤ᠂ ᠬᠠᠤᠯᠢ ᠬᠡᠷᠡᠭᠵᠢᠭᠦᠯᠬᠦ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠭ᠎ᠠ ᠵᠢᠴᠢ ᠴᠠᠭᠳᠠᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ ᠵᠡᠷᠭᠡ ᠠᠵᠢᠯ᠎ᠢ ᠤᠷᠢᠳ ᠬᠤᠵᠢᠳ ᠬᠢᠪᠡ᠃ ᠲᠡᠷᠡ ᠦᠨᠡᠨᠴᠢ ᠰᠢᠳᠤᠷᠭᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠬᠠᠷᠠᠮ ᠦᠭᠡᠢ ᠵᠣᠷᠢᠭᠤᠯᠵᠤ᠂ ᠡᠷᠡᠮᠡᠬᠡᠶ᠋ᠢᠯᠡᠨ ᠤᠷᠤᠭᠰᠢᠯᠠᠨ᠂ ᠦᠨᠡᠨᠴᠢ ᠰᠢᠳᠤᠷᠭᠤ ᠪᠠ ᠡᠭᠦᠷᠭᠡᠯᠡᠯ ᠵᠶ᠋ᠠᠷ ᠨᠢᠭᠡ ᠠᠷᠠᠳ᠎ᠤᠨ ᠴᠠᠭᠳᠠᠭ᠎ᠠ ᠵᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠢᠯᠡᠷᠡᠭᠦᠯᠵᠦ᠂ ᠡᠭᠡᠯ ᠵᠢᠷ᠎ᠤᠨ ᠠᠵᠢᠯ᠎ᠤᠨ ᠪᠠᠶ᠋ᠢᠷᠢ ᠳᠡᠭᠡᠷ᠎ᠡ ᠶᠡᠷᠦ ᠪᠤᠰᠤ ᠵᠢᠨ ᠠᠮᠵᠢᠯᠲᠠ ᠪᠦᠲᠦᠮᠵᠢ ᠭᠠᠷᠭ᠋ᠠᠵᠤ᠂ ᠤᠷᠢᠳ ᠬᠤᠵᠢᠳ ᠬᠤᠶᠠᠷ ᠤᠳᠠᠭ᠎ᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ᠎ᠠᠴᠠ ᠬᠤᠪᠢ ᠬᠥᠮᠦᠨ᠎ᠤ ᠬᠤᠶᠠᠳᠤᠭ᠋ᠠᠷ ᠳᠡᠰ᠎ᠤᠨ ᠭᠠᠪᠢᠶ᠎ᠠ ᠵᠢᠳᠬᠦᠯ᠎ᠢ ᠢᠷᠠᠭᠤ ᠠᠯᠳᠠᠷᠲᠠᠢ᠎ᠪᠠᠷ ᠲᠡᠮᠳᠡᠭᠯᠡᠵᠦ᠂ ᠳᠣᠯᠤᠭ᠎ᠠ ᠤᠳᠠᠭ᠎ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠣᠷᠢᠶ᠎ᠠ᠎ᠠᠴᠠ ᠢᠷᠠᠭᠤ ᠠᠯᠳᠠᠷᠲᠠᠢ᠎ᠪᠠᠷ ᠭᠤᠷᠪᠠᠳᠤᠭ᠋ᠠᠷ ᠳᠡᠰ᠎ᠤᠨ ᠭᠠᠪᠢᠶ᠎ᠠ ᠵᠢᠳᠬᠦᠯ᠎ᠢ ᠲᠡᠮᠳᠡᠭᠯᠡᠪᠡ! ᠨᠢᠭᠡ ᠤᠳᠠᠭ᠋ᠠᠨ᠎ᠤ ᠬᠤᠪᠢ ᠬᠥᠮᠦᠨ᠎ᠤ ᠬᠥᠬᠢᠭᠦᠯᠦᠯ! ᠬᠤᠶᠠᠷ ᠤᠳᠠᠭ᠎ᠠ ᠪᠦᠬᠦ ᠠᠶ᠋ᠢᠮᠠᠭ᠎ᠤᠨ
《ᠭᠤᠷᠪᠠ᠂ ᠲᠠᠪᠤ》᠂ 《ᠳᠥᠷᠪᠡ᠂ ᠲᠠᠪᠤ》 ᠵᠢᠨ ᠬᠠᠤᠯᠢ ᠲᠦᠭᠡᠮᠡᠯᠵᠢᠭᠦᠯᠬᠦ ᠲᠡᠷᠢᠭᠦᠨ᠎ᠤ ᠬᠤᠪᠢ ᠬᠥᠮᠦᠨ᠎ᠢ ᠣᠯᠪᠠ! ᠭᠤᠷᠪᠠᠨ ᠵᠢᠯ ᠳᠠᠷᠠᠭ᠋ᠠᠯᠠᠨ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠳᠤ ᠰᠢᠯᠢᠳᠡᠭ ᠠᠯᠪᠠᠲᠠᠨ ᠵᠶ᠋ᠠᠷ ᠦᠨᠡᠯᠡᠭᠳᠡᠪᠡ!
1986 ᠣᠨ᠎ᠳᠤ ᠰᠠᠶᠢᠬᠠᠨ ᠠᠵᠢᠯ᠎ᠳᠤ ᠣᠷᠣᠭᠰᠠᠨ ᠭᠠᠯᠪᠠᠭ᠋ᠠᠲᠤᠷ ᠵᠣᠬᠢᠶᠠᠨ ᠪᠠᠶ᠋ᠢᠭᠤᠯᠤᠯᠲᠠ ᠵᠢᠨ ᠲᠣᠬᠢᠷᠠᠭᠤᠯᠤᠯᠲᠠ᠎ᠪᠠᠷ ᠠᠯᠠᠱ᠌ᠠ ᠵᠡᠭᠦᠨ ᠬᠤᠰᠢᠭᠤᠨ᠎ᠤ ᠤᠨᠳᠤᠷᠤᠯᠳᠤ ᠰᠤᠮᠤ ᠵᠢᠨ ᠲᠣᠮᠢᠯᠠᠭᠰᠠᠨ ᠰᠠᠯᠪᠤᠷᠢ᠎ᠳᠤ ᠬᠦᠷᠴᠦ ᠪᠣᠯᠪᠠᠰᠤᠷᠠᠪᠠ᠃ ᠰᠠᠶᠢᠬᠠᠨ ᠰᠤᠷᠭ᠋ᠠᠭᠤᠯᠢ᠎ᠠᠴᠠ ᠭᠠᠷᠤᠭᠰᠠᠨ ᠨᠢᠭᠡᠨ ᠵᠠᠯᠠᠭᠤ ᠴᠠᠭᠳᠠᠭ᠎ᠠ᠎ᠳᠤ ᠠᠪᠴᠤ ᠬᠡᠯᠡᠪᠡᠯ᠂ ᠲᠡᠷᠡ ᠪᠠᠶ᠋ᠢᠭᠤᠯᠭ᠎ᠠ᠎ᠠᠴᠠ᠎ᠪᠠᠨ ᠰᠠᠯᠵᠤ ᠶᠠᠳᠠᠭᠰᠠᠨ ᠦᠭᠡᠢ᠂ ᠭᠤᠮᠣᠳᠠᠯ ᠲᠣᠭ᠋ᠠᠴᠢᠭᠰᠠᠨ ᠦᠭᠡᠢ᠂ ᠬᠠᠷᠢᠨ ᠦᠨᠳᠦᠰᠦᠨ ᠱᠠᠲᠤᠨ᠎ᠳᠤ ᠳᠠᠪᠲᠠᠨ ᠪᠣᠯᠪᠠᠰᠤᠷᠠᠬᠤ ᠵᠢ ᠤᠨᠤᠯ ᠪᠠ ᠦᠢ᠍ᠯᠡᠳᠦᠯᠭᠡ ᠵᠢ ᠤᠶᠠᠯᠳᠤᠭᠤᠯᠬᠤ᠂ ᠴᠢᠳᠠᠪᠤᠷᠢ᠎ᠪᠠᠨ ᠳᠡᠭᠡᠭᠰᠢᠯᠡᠭᠦᠯᠬᠦ ᠵᠢᠨ ᠣᠯᠳᠠᠰᠢ ᠦᠭᠡᠢ ᠲᠣᠬᠢᠶᠠᠯ ᠪᠣᠯᠭ᠋ᠠᠭᠰᠠᠨ ᠪᠠᠶ᠋ᠢᠨ᠎ᠠ᠃
ᠲᠤᠰ ᠵᠢᠯ᠎ᠤᠨ ᠡᠪᠦᠯ᠎ᠤᠨ ᠡᠬᠢᠨ᠎ᠤ ᠨᠢᠭᠡᠨ ᠡᠳᠦᠷ᠂ ᠤᠨᠳᠤᠷᠤᠯᠳᠤ ᠰᠤᠮᠤ ᠵᠢᠨ ᠵᠠᠬᠠᠳᠤᠯᠤᠭ᠋ᠠᠨ ᠭᠠᠴᠠᠭ᠋ᠠᠨ᠎ᠤ ᠨᠢᠭᠡᠨ ᠮᠠᠯᠴᠢᠨ ᠲᠦᠮᠡ ᠭᠠᠷᠤᠢ ᠲᠥᠭᠦᠷᠢᠭ᠎ᠤᠨ ᠦᠷᠳᠡᠭ ᠪᠦᠬᠦᠢ ᠲᠡᠮᠡᠭᠡᠨ ᠤᠩᠭ᠋ᠠᠰᠤ ᠪᠣᠯᠤᠨ ᠲᠡᠮᠡᠭᠡᠨ ᠤᠩᠭ᠋ᠠᠰᠤ ᠵᠢᠨ ᠬᠡᠷᠡᠭᠰᠡᠯ ᠵᠡᠷᠭᠡ ᠬᠤᠯᠠᠭ᠋ᠠᠢ᠌ᠯᠠᠭᠳᠠᠪᠠ ᠭᠡᠵᠦ ᠲᠦᠭᠰᠢᠭᠦᠷᠢ ᠮᠡᠳᠡᠭᠦᠯᠪᠡ᠂ ᠡᠨᠡ᠎ᠨᠢ ᠳᠡᠭᠡᠷ᠎ᠡ ᠵᠠᠭᠤᠨ᠎ᠤ ᠨᠠᠶᠠᠭ᠋ᠠᠳ ᠣᠨ᠎ᠤ ᠦᠶ᠎ᠡ ᠵᠢᠨ ᠮᠠᠯᠴᠢᠨ᠎ᠳᠤ ᠠᠪᠴᠤ ᠬᠡᠯᠡᠪᠡᠯ ᠬᠦᠨᠳᠦ ᠨᠣᠴᠢᠲᠠᠢ ᠬᠤᠬᠢᠷᠠᠯ ᠪᠣᠯᠤᠭᠰᠠᠨ ᠪᠠᠶ᠋ᠢᠨ᠎ᠠ᠃ ᠭᠠᠯᠪᠠᠭ᠋ᠠᠲᠤᠷ ᠬᠡᠷᠡᠭ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠲᠣᠰ ᠬᠡᠷᠡᠭ᠎ᠢ ᠢᠯᠡᠷᠡᠭᠦᠯᠬᠦ᠎ᠪᠠᠷ ᠵᠣᠷᠢᠭ ᠰᠢᠭᠤᠳᠪᠠ᠃ ᠲᠡᠷᠡ ᠲᠤᠬᠠᠢ ᠵᠢᠨ ᠭᠠᠵᠠᠷ᠎ᠤᠨ ᠪᠠᠶ᠋ᠢᠴᠠᠭ᠋ᠠᠯᠲᠠ᠎ᠪᠠᠷ ᠲᠠᠮᠵᠢᠨ᠂ ᠬᠠᠷᠠᠯᠲᠠ᠎ᠪᠠᠨ ᠭᠠᠨᠰᠦ ᠵᠢᠨ ᠨᠢᠭᠡᠨ ᠰᠢᠪᠠᠷᠴᠢᠨ᠎ᠳᠤ ᠲᠠᠯᠪᠢᠪᠠ᠃ ᠤᠤᠯ᠎ᠨᠢ ᠥᠨᠥᠬᠡᠨ ᠡᠨᠡ ᠠᠶ᠋ᠢᠯ᠎ᠤᠨ ᠮᠠᠯᠴᠢᠳ ᠭᠠᠨᠰᠦ᠎ᠠᠴᠠ ᠢᠷᠡᠭᠰᠡᠨ ᠰᠢᠪᠠᠷᠴᠢᠨᠢ ᠥᠪᠡᠷ᠎ᠤᠨ ᠭᠡᠷ᠎ᠲᠤ᠎ᠪᠠᠨ ᠬᠥᠯᠥᠰᠥᠯᠡᠨ ᠠᠵᠢᠯᠯᠠᠭᠤᠯᠵᠤ ᠪᠠᠶ᠋ᠢᠭᠰᠠᠨ ᠪᠥᠭᠡᠳ ᠰᠢᠪᠠᠷᠴᠢᠨ ᠶᠠᠪᠤᠭᠰᠠᠨ᠎ᠤ ᠲᠠᠷᠠᠭ᠎ᠠ ᠲᠡᠮᠡᠭᠡᠨ᠎ᠤ ᠨᠣᠣᠰᠣ᠎ᠨᠢ ᠠᠯᠠᠭ᠎ᠠ ᠪᠣᠯᠤᠭᠰᠠᠨ᠎ᠢ ᠣᠯᠵᠤ ᠮᠡᠳᠡᠵᠡᠢ᠃ ᠡᠨᠡ ᠦᠶ᠎ᠡ᠎ᠳᠤ ᠰᠢᠪᠠᠷᠴᠢᠨ ᠶᠠᠪᠤᠭ᠋ᠠᠳ ᠬᠡᠳᠦᠨ ᠡᠳᠦᠷ ᠪᠣᠯᠵᠤ᠂ ᠰᠢᠪᠠᠷᠴᠢᠨ ᠶᠠᠮᠠᠷ ᠨᠡᠷ᠎ᠡ᠎ᠲᠠᠢ᠂ ᠬᠠᠮᠢᠭ᠎ᠠ ᠰᠠᠭᠤᠳᠠᠭᠢ ᠪᠦᠷ ᠮᠡᠳᠡᠬᠦ ᠥᠬᠡᠶ᠃ ᠡᠨᠡ᠎ᠨᠢ ᠲᠠᠩᠨᠠᠨ ᠢᠯᠡᠷᠡᠭᠦᠯᠬᠦ ᠠᠵᠢᠯ᠎ᠳᠤ ᠮᠠᠰᠢ ᠶᠡᠭᠡ ᠬᠦᠴᠢᠷᠳᠡᠯ ᠠᠪᠴᠢᠷᠠᠪᠠ᠃
ᠬᠠᠷᠠᠬᠠᠨ ᠪᠠᠭ᠎ᠠ᠎ᠠᠴᠠ᠎ᠪᠠᠨ ᠡᠴᠢᠭᠡ ᠡᠬᠡ᠎ᠪᠠᠨ ᠳᠠᠭ᠋ᠠᠵᠤ ᠮᠠᠯᠵᠢᠳᠠᠭ ᠭᠠᠯᠪᠠᠭ᠋ᠠᠳᠤᠷᠲᠤ ᠪᠣᠰᠤᠳ᠎ᠠᠴᠠ ᠳᠠᠪᠠᠭᠤᠯᠢᠭ ᠨᠢᠭᠡ ᠵᠦᠢ᠍ᠯ᠎ᠤᠨ ᠮᠡᠷᠭᠡᠵᠢᠯ ᠪᠠᠢ᠌ᠳᠠᠭ᠃ ᠲᠡᠷᠡ ᠮᠠᠯᠴᠢᠨ᠎ᠤ ᠭᠡᠷ᠎ᠤᠨ ᠣᠢ᠌ᠷ᠎ᠠ ᠬᠠᠪᠢ᠎ᠪᠠᠷ ᠰᠢᠪᠠᠷᠴᠢᠨᠤ ᠬᠥᠯ᠎ᠤᠨ ᠮᠦᠷ᠎ᠢ ᠦᠵᠡᠵᠦ ᠲᠠᠨᠢᠭ᠋ᠠᠳ᠂ ᠲᠡᠷᠡ ᠰᠢᠪᠠᠷᠴᠢᠨᠤ ᠤᠯᠠ ᠮᠥᠷ᠎ᠤᠨ ᠰᠦᠪᠡᠭᠴᠢ᠎ᠪᠠᠷ᠂ ᠮᠠᠰᠢ ᠲᠦᠷᠭᠡᠨ ᠵᠶ᠋ᠠᠷ ᠭᠠᠨᠰᠦ ᠮᠤᠵᠢ ᠵᠢᠨ ᠨᠢᠭᠡᠨ ᠵᠢᠵᠢᠭ ᠲᠣᠰᠬᠤᠨ᠎ᠳᠤ ᠬᠦᠷᠦᠭᠰᠡᠨ ᠪᠥᠭᠡᠳ ᠲᠣᠰᠬᠤᠨ᠎ᠳᠤ ᠶᠠᠯ᠎ᠠ ᠬᠢᠭᠰᠡᠨ ᠰᠡᠵᠢᠭᠳᠡᠨ᠎ᠢ ᠡᠷᠢᠵᠦ ᠤᠯᠪᠠ᠃ ᠭᠡᠲᠡᠯ᠎ᠡ᠂ ᠶᠠᠯ᠎ᠠ ᠬᠢᠭᠰᠡᠨ ᠰᠡᠵᠢᠭᠳᠡᠨ ᠬᠠᠷᠢᠨ ᠡᠯᠳᠡᠪ ᠵᠶ᠋ᠠᠷ ᠪᠤᠯᠢᠬᠠᠶ᠋ᠢᠯᠠᠵᠤ᠂ ᠥᠪᠡᠷ ᠵᠶ᠋ᠠᠨ ᠶᠠᠭᠤᠮ᠎ᠠ ᠬᠤᠯᠠᠭ᠋ᠠᠶ᠋ᠢᠯᠠᠭᠰᠠᠨ ᠭᠡᠳᠡᠭ᠎ᠢ ᠦᠭᠡᠶ᠋ᠢᠰᠬᠡᠵᠦ᠂ ᠲᠡᠭᠦᠨ᠎ᠤ ᠭᠡᠷ᠎ᠠᠴᠠ ᠴᠦ᠍ ᠬᠤᠯᠠᠭ᠋ᠠᠶ᠋ᠢᠯᠠᠭᠳᠠᠭᠰᠠᠨ ᠲᠡᠮᠡᠭᠡᠨ᠎ᠤ ᠨᠣᠣᠰᠣ ᠵᠢ ᠡᠷᠢᠵᠦ ᠣᠯᠤᠭᠰᠠᠨ ᠦᠭᠡᠢ᠃ ᠬᠡᠷᠡᠭ ᠶᠠᠭ ᠵᠣᠭᠰᠤᠩᠭᠤᠢ ᠪᠠᠶ᠋ᠢᠳᠠᠯ᠎ᠳᠤ ᠣᠷᠣᠵᠤ᠂ ᠶᠠᠭ ᠰᠠᠶ᠋ᠢᠬᠠᠨ ᠰᠢᠪᠲᠤᠯᠬᠤ ᠵᠢᠨ ᠠᠷᠭ᠎ᠠ ᠦᠭᠡᠢ ᠵᠣᠪᠠᠵᠤ ᠪᠠᠶ᠋ᠢᠭᠰᠠᠨ ᠦᠶ᠎ᠡ᠎ᠳᠤ᠂ ᠭᠠᠯᠪᠠᠭ᠋ᠠᠲᠤᠷ ᠡᠷᠭᠢᠨ ᠲᠣᠭᠤᠷᠢᠨ᠎ᠢ ᠲᠣᠭᠤᠷᠢᠨ ᠦᠵᠡᠭᠡᠳ᠂ ᠨᠢᠭᠡ ᠵᠣᠭᠤᠷᠢ᠎ᠳᠤ ᠬᠡᠳᠦᠨ ᠰᠢᠪᠠᠷᠴᠢᠨᠤ ᠬᠥᠯ᠎ᠤᠨ ᠮᠥᠷ ᠪᠠᠶ᠋ᠢᠬᠤ ᠵᠢ ᠣᠯᠵᠤ ᠬᠠᠷᠠᠪᠠ᠃ ᠭᠠᠯᠪᠠᠭ᠋ᠠᠲᠤᠷ ᠵᠣᠭᠤᠷᠢ ᠵᠢᠨ ᠠᠮᠠᠰᠠᠷ᠎ᠢ ᠨᠡᠭᠡᠭᠡᠭᠰᠡᠨ᠎ᠳᠤ᠂ ᠳᠣᠲᠣᠷ᠎ᠠ᠎ᠨᠢ ᠮᠠᠯᠴᠢᠨ᠎ᠤ ᠭᠡᠭᠡᠭᠰᠡᠨ ᠲᠡᠮᠡᠭᠡᠨ ᠤᠩᠭ᠋ᠠᠰᠤ ᠪᠣᠯᠤᠨ ᠲᠡᠮᠡᠭᠡᠨ ᠤᠩᠭ᠋ᠠᠰᠤ ᠵᠢᠨ ᠬᠡᠷᠡᠭᠰᠡᠯ᠎ᠤᠳ ᠪᠠᠢ᠌ᠵᠠᠢ᠃ ᠪᠣᠳᠠᠰ᠎ᠤᠨ ᠭᠡᠷᠡᠴᠢ ᠵᠢᠨ ᠡᠮᠦᠨ᠎ᠡ ᠰᠢᠪᠠᠷᠴᠢᠨ ᠡᠴᠦᠰ᠎ᠲᠤ᠎ᠪᠠᠨ ᠲᠣᠯᠣᠭ᠋ᠠᠶ᠎ᠪᠠᠨ ᠪᠥᠬᠦ᠋ᠢ᠍ᠵᠦ᠂ ᠮᠠᠯᠴᠢᠨ᠎ᠤ ᠲᠡᠮᠡᠭᠡᠨ ᠨᠤᠤᠰᠤ ᠵᠢ ᠬᠤᠯᠠᠭ᠋ᠠᠶ᠋ᠢᠯᠠᠭᠰᠠᠨ ᠪᠣᠳᠠᠲᠤ ᠬᠡᠷᠡᠭ ᠵᠶ᠋ᠠᠨ ᠲᠤᠰᠢᠶᠠᠪᠠ᠃
1987 ᠣᠨ᠎ᠳᠤ ᠭᠠᠯᠪᠠᠭ᠋ᠠᠳᠤᠷᠢ ᠡᠵᠡᠨ᠎ᠡ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ᠎ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠪᠠ᠃ ᠡᠨᠡ ᠬᠤᠭᠤᠴᠠᠭ᠋ᠠᠨ᠎ᠳᠤ᠂ ᠠᠳᠡ ᠦᠷᠭᠦᠯᠵᠢ ᠳᠠᠬᠢᠶ᠎ᠠ ᠨᠣᠬᠠᠢ ᠬᠤᠯᠠᠭ᠋ᠠᠢ᠌ᠯᠠᠭᠳᠠᠭᠰᠠᠨ ᠬᠡᠷᠡᠭ ᠭᠠᠷᠴᠤ᠂ ᠵᠠᠷᠢᠮ᠎ᠳᠤ᠎ᠪᠠᠨ ᠨᠢᠭᠡ ᠰᠠᠷ᠎ᠠ᠎ᠳᠤ ᠬᠡᠳᠦ ᠬᠡᠳᠦᠨ ᠡᠶ᠋ᠢᠮᠦᠷᠬᠦᠦ ᠬᠤᠯᠠᠭ᠋ᠠᠢ᠌ᠯᠠᠭᠳᠠᠭᠰᠠᠨ ᠲᠦᠭᠰᠢᠭᠦᠷᠢ ᠮᠡᠳᠡᠭᠦᠯᠦᠯᠲᠡ ᠵᠢ ᠲᠣᠰᠳᠠᠭ᠃ ᠡᠲᠡᠭᠡᠷ ᠬᠡᠷᠡᠭ᠎ᠨᠢ ᠪᠦᠷ ᠶᠡᠭᠡ ᠪᠢᠰᠢ᠂ ᠵᠠᠷᠢᠮ᠎ᠨᠢ ᠵᠥᠪᠬᠡᠨ ᠨᠢᠭᠡ ᠨᠣᠬᠠᠶ ᠬᠡᠳᠦᠨ ᠲᠠᠬᠢᠶ᠎ᠠ᠂ ᠬᠡᠳᠦᠨ ᠥᠨᠳᠡᠭᠡ ᠪᠠᠢ᠌ᠵᠤ᠂ ᠬᠡᠷᠡᠭ᠎ᠨᠢ ᠳᠡᠩᠳᠡᠭᠦᠦ ᠪᠠᠭ᠎ᠠ᠂ ᠮᠠᠰᠢ ᠣᠯᠠᠨ ᠬᠥᠮᠦᠨ ᠰᠠᠨᠠᠭ᠋ᠠᠨ᠎ᠳᠤ᠎ᠪᠠᠨ ᠠᠪᠬᠤ ᠥᠬᠡᠶ᠃ ᠭᠠᠯᠪᠠᠭ᠋ᠠᠲᠤᠷ ᠬᠡᠷᠡᠭ᠎ᠢ ᠭᠥᠯᠢᠶᠡᠨ ᠠᠪᠤᠭᠰᠠᠨ᠎ᠤ ᠳᠠᠷᠠᠭ᠎ᠠ᠂ ᠳᠠᠬᠢᠶ᠎ᠠ ᠨᠣᠬᠠᠢ ᠵᠢᠨ ᠬᠤᠯᠠᠭ᠋ᠠᠢ᠌ᠴᠢ ᠵᠢ ᠪᠠᠷᠢᠪᠴᠢᠯᠠᠬᠤ ᠭᠡᠳ ᠡᠳᠦᠷᠵᠢᠨ ᠮᠦᠷᠳᠡᠨ ᠪᠠᠢ᠌ᠴᠠᠭ᠋ᠠᠬᠤ᠎ᠳᠤ᠂ ᠵᠠᠷᠢᠮ ᠬᠥᠮᠦᠨ ᠪᠠᠰᠠ ᠲᠡᠭᠦᠨ᠎ᠢ ᠡᠯᠡᠭᠯᠡᠨ ᠶᠣᠵᠣᠯᠠᠵᠤ᠂ ᠨᠡᠷ᠎ᠡ ᠲᠥᠷᠥ᠎ᠲᠠᠢ ᠨᠢᠭᠡ ᠴᠠᠭᠳᠠᠭ᠎ᠠ᠂ ᠬᠡᠷᠡᠭ ᠦᠭᠡᠢ ᠪᠠᠭ᠎ᠠ ᠰᠠᠭ᠎ᠠ ᠶᠠᠭᠤᠮ᠎ᠠ᠎ᠳᠤ ᠴᠠᠭ ᠵᠶ᠋ᠠᠨ ᠪᠠᠷᠠᠭ᠋ᠠᠳ ᠶᠠᠮᠠᠷ ᠵᠦᠭ ᠭᠠᠷᠬᠤ ᠪᠣᠢ ᠭᠡᠨ᠎ᠡ᠃ ᠭᠡᠪᠡᠴᠦ ᠭᠠᠯᠪᠠᠭ᠋ᠠᠲᠤᠷᠤᠨ ᠦᠵᠡᠬᠦ᠎ᠪᠠᠷ᠂ ᠬᠠᠷᠢᠨ ᠳᠠᠬᠢᠶ᠎ᠠ ᠬᠤᠯᠠᠭ᠋ᠠᠶ᠋ᠢᠯᠠᠭᠰᠠᠨ ᠬᠡᠷᠡᠭ᠎ᠨᠢ ᠪᠠᠭ᠎ᠠ ᠪᠣᠯᠪᠠᠴᠤ ᠠᠷᠠᠳ᠎ᠤᠨ ᠠᠮᠢᠳᠤᠷᠠᠯ᠎ᠲᠠᠢ ᠬᠤᠯᠪᠣᠭᠳᠠᠨ᠎ᠠ᠃ ᠠᠷᠠᠳ᠎ᠤᠨ ᠴᠠᠭᠳᠠᠭ᠎ᠠ ᠪᠣᠯᠤᠭᠰᠠᠨ᠎ᠤ ᠬᠤᠪᠢ᠎ᠳᠤ᠂ ᠪᠢᠳᠡ ᠠᠷᠠᠳ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ ᠦᠭᠡᠢ᠂ ᠬᠡᠨ ᠠᠷᠠᠳ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ ᠪᠤᠢ᠃ ᠭᠡᠲᠡᠯ᠎ᠡ ᠡᠳᠡᠭᠡᠷ ᠵᠡᠭᠡᠯᠢ ᠭᠤᠳᠤᠮᠵᠢ᠎ᠪᠠᠷ ᠡᠭᠦᠰᠦᠭᠰᠡᠨ ᠵᠢᠵᠢᠭ ᠬᠡᠷᠡᠭ᠎ᠢ ᠳᠡᠩᠨᠡᠨ ᠢᠯᠡᠷᠡᠭᠦᠯᠬᠦ᠎ᠳᠤ ᠲᠡᠶ᠋ᠢᠮᠦ ᠠᠮᠠᠷᠬᠠᠨ ᠪᠢᠰᠢ ᠶᠤᠮ᠃ ᠲᠡᠷᠡ ᠦᠶ᠎ᠡ᠎ᠳᠤ᠂ ᠡᠵᠡᠨ᠎ᠡ ᠵᠢᠨ ᠵᠡᠭᠡᠯᠢ ᠳᠡᠭᠡᠷ᠎ᠡ ᠶᠠᠮᠠᠷ ᠴᠤ᠌ ᠬᠢᠨᠠᠨ ᠡᠵᠡᠮᠳᠡᠭᠦᠷ ᠮᠡᠲᠦ ᠵᠢᠨ ᠲᠤᠷᠰᠢᠨ ᠪᠠᠶ᠋ᠢᠴᠠᠭ᠋ᠠᠬᠤ ᠲᠥᠬᠦᠭᠡᠷᠦᠮᠵᠢ ᠪᠠᠶ᠋ᠢᠬᠤ ᠦᠭᠡᠢ᠂ ᠵᠡᠭᠡᠯᠢ ᠳᠡᠭᠡᠷᠡᠬᠢ ᠬᠤᠯᠠᠭ᠋ᠠᠶ᠋ᠢᠴᠢ ᠵᠢᠨ ᠮᠥᠷ ᠴᠦ᠍ ᠤᠳᠠᠯ ᠦᠭᠡᠢ ᠨᠠᠭ᠋ᠠᠰᠢ ᠴᠠᠭ᠋ᠠᠰᠢ ᠶᠠᠪᠤᠬᠤ ᠶᠠᠪᠠᠭ᠋ᠠᠨ ᠬᠥᠮᠦᠨ ᠪᠣᠯᠤᠨ ᠲᠡᠷᠭᠡ ᠬᠥᠰᠬᠡ᠎ᠳᠤ ᠳᠠᠷᠤᠭᠳᠠᠵᠤ᠂ ᠥᠩᠭᠡᠷᠡᠭᠰᠡᠨ᠎ᠤ ᠮᠥᠷᠳᠡᠨ ᠭᠡᠲᠡᠬᠦ ᠠᠷᠭ᠎ᠠ ᠵᠢ ᠬᠡᠷᠡᠭᠯᠡᠬᠦ᠎ᠳᠤ ᠲᠦᠢ᠍ᠯ᠎ᠤᠨ ᠬᠦᠴᠢᠷ᠃ ᠭᠠᠯᠪᠠᠭ᠋ᠠᠲᠤᠷ᠂ ᠲᠠᠬᠢᠶ᠎ᠠ ᠨᠣᠬᠠᠶ ᠬᠤᠯᠠᠭ᠋ᠠᠢ᠌ᠯᠠᠭᠳᠠᠭᠰᠠᠨ ᠬᠡᠷᠡᠭ᠎ᠤᠨ ᠣᠨᠴᠠᠯᠢᠭ᠎ᠢ ᠦᠨᠳᠦᠰᠦᠯᠡᠨ᠂ ᠬᠠᠷᠠᠯᠲᠠ᠎ᠪᠠᠨ ᠰᠤᠷᠤᠭᠴᠢᠳ ᠪᠣᠯᠤᠨ ᠭᠠᠳᠠᠨ᠎ᠠ᠎ᠠᠴᠠ ᠢᠷᠡᠭᠰᠡᠨ ᠬᠥᠯᠥᠰᠥᠨ ᠠᠵᠢᠯᠴᠢᠳ᠎ᠤᠨ ᠪᠡᠶ᠎ᠡ ᠳᠡᠭᠡᠷ᠎ᠡ ᠲᠣᠭᠲᠠᠭ᠋ᠠᠵᠤ᠂ ᠬᠡᠰᠡᠭ ᠬᠤᠭᠤᠴᠠᠭ᠋ᠠᠨ᠎ᠤ ᠪᠠᠶ᠋ᠢᠴᠠᠭ᠋ᠠᠯᠲᠠ᠎ᠪᠠᠷ ᠳᠡᠮᠵᠢᠨ᠂ ᠬᠡᠷᠡᠭ᠎ᠤᠨ ᠤᠯᠠ ᠮᠥᠷ᠎ᠢ ᠣᠯᠵᠠᠯᠠᠵᠤ᠂ ᠲᠡᠷᠡ ᠮᠥᠷ ᠵᠶ᠋ᠠᠷ᠎ᠨᠢ ᠮᠥᠷᠳᠡᠵᠦ᠂ ᠤᠳᠠᠯ ᠥᠬᠡᠶ ᠲᠣᠰ ᠬᠡᠷᠡᠭ᠎ᠢ ᠢᠯᠡᠷᠡᠭᠦᠯᠪᠡ᠃ ᠤᠤᠯ᠎ᠨᠢ ᠰᠤᠷᠭ᠋ᠠᠭᠤᠯᠢ᠎ᠳᠤ ᠰᠠᠭᠤᠭ᠎ᠠ ᠬᠡᠳᠦᠨ ᠰᠤᠷᠤᠭᠴᠢ᠂ ᠰᠤᠷᠭ᠋ᠠᠭᠤᠯᠢ ᠵᠢᠨ ᠬᠤᠭᠤᠯᠠ ᠤᠮᠳᠠ ᠮᠠᠭᠤ᠎ᠠᠴᠠ ᠪᠤᠯᠵᠤ ᠬᠤᠷᠤᠭᠤ ᠬᠢᠮᠤᠰᠤ ᠬᠦᠳᠡᠯᠭᠡᠨ᠂ ᠲᠠᠬᠢᠶ᠎ᠠ ᠨᠣᠬᠠᠢ ᠬᠤᠯᠠᠭ᠋ᠠᠢ᠌ᠯᠠᠭᠰᠠᠨ ᠪᠠᠢ᠌ᠪᠠ᠃ ᠡᠨᠡ ᠬᠦ᠌ ᠰᠢᠷᠢᠰ ᠬᠡᠷᠡᠭ᠎ᠢ ᠳᠡᠩᠨᠡᠨ ᠢᠯᠡᠷᠡᠭᠦᠯᠦᠭᠰᠡᠨ᠎ᠤ ᠳᠠᠷᠠᠭ᠎ᠠ᠂ ᠡᠳᠡᠭᠡᠷ ᠰᠤᠷᠤᠭᠴᠢᠳ᠎ᠢ ᠰᠤᠷᠭ᠋ᠠᠨ ᠬᠥᠮᠦᠵᠢᠭᠦᠯᠦᠭᠰᠡᠨ ᠵᠶ᠋ᠠᠷ ᠪᠠᠷᠠᠬᠤ ᠦᠭᠡᠶ᠂ ᠲᠤᠬᠠᠶ ᠵᠢᠨ ᠭᠠᠵᠠᠷ᠎ᠤᠨ ᠳᠠᠬᠢᠶ᠎ᠠ ᠨᠣᠬᠠᠶ ᠬᠤᠯᠠᠭ᠋ᠠᠶ᠋ᠢᠯᠠᠬᠤ ᠮᠡᠲᠦ ᠵᠢᠨ ᠬᠤᠯᠠᠭ᠋ᠠᠶ᠋ᠢᠴᠢ ᠵᠢᠨ ᠬᠡᠷᠡᠭ᠎ᠢ ᠴᠦ᠍ ᠶᠡᠭᠡ᠎ᠪᠠᠷ ᠪᠠᠭ᠋ᠠᠰᠬᠠᠪᠠ᠃
ᠴᠠᠭᠳᠠᠭ᠋ᠠᠨ᠎ᠤ ᠠᠵᠢᠯ᠎ᠳᠤ 35 ᠵᠢᠯ ᠠᠵᠢᠯᠯᠠᠭᠰᠠᠨ ᠡᠮᠦᠨ᠎ᠡ 20 ᠵᠢᠯ᠎ᠳᠤ ᠭᠠᠯᠪᠠᠭ᠋ᠠᠲᠤᠷ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠳᠤ ᠤᠯᠤᠰ ᠲᠥᠷᠥ ᠵᠢᠨ ᠬᠠᠮᠠᠭ᠋ᠠᠯᠠᠯᠲᠠ ᠵᠢᠨ ᠠᠵᠢᠯ ᠬᠢᠭᠰᠡᠭᠡᠷ ᠢᠷᠡᠵᠡᠶ᠃ ᠲᠡᠭᠦᠨ᠎ᠤ ᠦᠵᠡᠬᠦ᠎ᠪᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠬᠦ᠎ᠳᠤ ᠡᠷᠬᠡᠪᠰᠢ ᠪᠦᠷᠢᠨ ᠲᠡᠭᠦᠯᠳᠡᠷ ᠬᠠᠤᠯᠢ ᠴᠠᠭ᠋ᠠᠵᠠ ᠵᠢᠨ ᠮᠡᠳᠡᠯᠭᠡ ᠵᠢᠨ ᠨᠥᠭᠡᠴᠡ ᠪᠠᠶ᠋ᠢᠬᠤ ᠬᠡᠷᠡᠭᠲᠡᠢ᠃ ᠡᠶ᠋ᠢᠮᠦ᠎ᠠᠴᠠ᠂ ᠲᠡᠷᠡ ᠠᠵᠢᠯ᠎ᠤᠨ ᠴᠢᠯᠥᠭᠡᠨ᠎ᠤ ᠴᠠᠭ ᠵᠶ᠋ᠠᠨ ᠪᠦᠬᠦᠨ᠎ᠢ ᠬᠠᠤᠯᠢ ᠴᠠᠭ᠋ᠠᠵᠠ ᠵᠢᠨ ᠮᠡᠳᠡᠯᠭᠡ ᠰᠤᠷᠬᠤ ᠳᠡᠭᠡᠷ᠎ᠡ ᠬᠡᠷᠡᠭᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠤᠬᠠᠶ᠋ᠢᠯᠠᠭᠰᠠᠨ ᠠᠵᠢᠯ᠎ᠢ ᠬᠠᠯᠠᠰᠢᠷᠠᠯ ᠦᠭᠡᠢ ᠰᠤᠳᠤᠯᠪᠠ᠃ ᠬᠡᠳᠦᠨ ᠵᠢᠯ᠎ᠢ ᠨᠢᠭᠡ ᠯᠡ ᠡᠳᠦᠷ ᠮᠡᠲᠦ᠎ᠪᠠᠷ ᠰᠤᠷᠤᠯᠴᠠᠬᠤ᠎ᠪᠠᠷ ᠳᠠᠮᠵᠢᠨ᠂ 1995 ᠣᠨ᠎ᠳᠤ᠂ ᠲᠡᠷᠡ ᠪᠦᠬᠦ ᠤᠯᠤᠰ᠎ᠤᠨ ᠬᠠᠤᠯᠢᠴᠢ ᠵᠢᠨ ᠬᠢᠷᠢ ᠬᠡᠮ᠎ᠤᠨ ᠦᠨᠡᠮᠯᠡᠯ᠎ᠢ ᠤᠷᠤᠭᠰᠢᠲᠠᠢ ᠰᠢᠯᠭ᠋ᠠᠨ ᠣᠯᠵᠤ᠂ ᠠᠯᠠᠱ᠌ᠠ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠪᠦᠬᠦ ᠤᠯᠤᠰ᠎ᠤᠨ ᠬᠠᠤᠯᠢᠴᠢ ᠵᠢᠨ ᠦᠨᠡᠮᠯᠡᠯ A ᠦᠨᠡᠮᠯᠡᠯ᠎ᠳᠤ ᠰᠢᠯᠭ᠋ᠠᠨ ᠣᠯᠣᠭᠰᠠᠨ ᠲᠤᠭ᠎ᠠ᠎ᠲᠠᠢ ᠬᠡᠳᠦᠬᠡᠨ ᠬᠥᠮᠦᠨ᠎ᠤ ᠨᠢᠭᠡ ᠪᠣᠯᠪᠠ᠃
ᠭᠠᠯᠪᠠᠭ᠋ᠠᠲᠤᠷ ᠨᠣᠮ ᠤᠩᠰᠢᠬᠤ᠂ ᠰᠣᠨᠢᠨ ᠦᠵᠡᠬᠦ᠂ ᠵᠣᠬᠢᠶᠠᠯ ᠪᠢᠴᠢᠬᠦ ᠳᠤᠷᠠᠲᠠᠶ᠂ ᠢᠯᠠᠩᠭᠤᠶ᠎ᠠ ᠰᠣᠨᠢᠨ ᠮᠡᠳᠡᠭᠡ ᠰᠤᠷᠪᠤᠯᠵᠢᠯᠠᠬᠤ ᠠᠵᠢᠯ᠎ᠳᠤ ᠳᠤᠷᠠᠲᠠᠶ᠂ ᠥᠪᠡᠷ᠎ᠤᠨ ᠵᠣᠬᠢᠶᠠᠨ ᠪᠢᠴᠢᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢᠨ ᠲᠥᠯᠥᠭᠡ᠂ ᠵᠢᠯ ᠪᠦᠷᠢ 2500 ᠭᠠᠷᠤᠶ ᠲᠥᠭᠦᠷᠢᠭ ᠵᠠᠷᠤᠴᠠᠭᠤᠯᠵᠤ᠂ 《ᠠᠯᠠᠱ᠌ᠠ ᠡᠳᠦᠷ᠎ᠤᠨ ᠰᠣᠨᠢᠨ》᠎ᠤ ᠮᠣᠩᠭᠤᠯ ᠬᠢᠲᠠᠳ ᠰᠣᠨᠢᠨ᠂ 《ᠥᠪᠥᠷ ᠮᠣᠩᠭᠤᠯ᠎ᠤᠨ ᠡᠳᠦᠷ᠎ᠤᠨ ᠰᠣᠨᠢᠨ》᠎ᠤ ᠮᠣᠩᠭᠤᠯ ᠬᠢᠲᠠᠳ ᠰᠣᠨᠢᠨ᠂ 《ᠬᠠᠤᠯᠢ ᠲᠦᠷᠢᠮ᠎ᠤᠨ ᠡᠳᠦᠷ᠎ᠤᠨ ᠰᠣᠨᠢᠨ》᠂ 《ᠥᠪᠥᠷ ᠮᠣᠩᠭᠤᠯ᠎ᠤᠨ ᠵᠠᠮ ᠬᠠᠷᠢᠯᠴᠠᠭ᠋ᠠᠨ᠎ᠤ ᠰᠣᠨᠢᠨ》᠂ 《ᠳᠤᠮᠳᠠᠳᠤ ᠤᠯᠤᠰ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠣᠨᠢᠨ》 ᠵᠡᠷᠭᠡ ᠰᠣᠨᠢᠨ ᠰᠡᠳᠬᠦᠯ᠎ᠢ ᠥᠪᠡᠷ᠎ᠤᠨ ᠵᠠᠷᠤᠳᠠᠯ ᠵᠶ᠋ᠠᠷ ᠵᠶ᠋ᠠᠨ ᠵᠠᠬᠢᠶᠠᠯᠠᠳᠠᠭ᠃ ᠡᠨᠡ ᠬᠤᠭᠤᠴᠠᠭ᠋ᠠᠨ᠎ᠳᠤ᠂ ᠲᠡᠷᠡ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠪᠠ ᠠᠵᠢᠯ᠎ᠤᠨ ᠬᠠᠯᠠᠭᠤᠨ ᠰᠡᠳᠬᠢᠯᠭᠡ᠎ᠪᠠᠷ ᠦᠨᠳᠦᠰᠦᠨ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ᠎ᠳᠤ ᠠᠩᠬᠠᠷᠤᠯ ᠵᠶ᠋ᠠᠨ ᠬᠠᠨᠳᠤᠭᠤᠯᠵᠤ᠂ ᠶᠠᠳᠠᠷᠠᠯ ᠵᠦᠳᠡᠷᠡᠯ᠎ᠢ ᠬᠠᠶ᠋ᠢᠬᠤᠷᠤᠯ ᠦᠭᠡᠢ᠎ᠪᠠᠷ ᠠᠵᠢᠯ᠎ᠤᠨ ᠴᠢᠯᠥᠭᠡ᠎ᠪᠠᠷ ᠵᠶ᠋ᠠᠨ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠨ ᠰᠤᠷᠪᠤᠯᠵᠢᠯᠠᠪᠠ᠃ ᠡᠬᠡ ᠪᠢᠴᠢᠭ᠎ᠢ ᠴᠠᠭ ᠲᠤᠬᠠᠶ᠎ᠳᠤᠨᠢ ᠨᠡᠶ᠋ᠢᠲᠡᠯᠡᠬᠦ ᠵᠢᠨ ᠲᠥᠯᠥᠭᠡ᠂ ᠲᠡᠷᠡ ᠦᠷᠭᠦᠯᠵᠢ ᠰᠥᠨᠢ ᠵᠢᠨ ᠨᠢᠭᠡ ᠬᠤᠶᠠᠷ ᠴᠠᠭ ᠪᠣᠯᠲᠠᠯ᠎ᠠ ᠡᠬᠡ ᠪᠢᠴᠢᠭ ᠪᠢᠴᠢᠵᠦ᠂ ᠮᠣᠩᠭᠤᠯ ᠬᠢᠲᠠᠳ ᠬᠡᠯᠡᠨ᠎ᠳᠤ ᠨᠡᠪᠲᠡᠷᠡᠭᠰᠡᠨ ᠳᠠᠪᠠᠭᠤᠯᠢᠭ ᠵᠶ᠋ᠠᠨ ᠪᠠᠳᠠᠷᠠᠭᠤᠯᠵᠤ᠂ ᠰᠤᠷᠪᠤᠯᠵᠢᠯᠠᠵᠤ ᠪᠢᠴᠢᠭᠰᠡᠨ ᠡᠬᠡ ᠪᠢᠴᠢᠭ ᠪᠣᠯᠭ᠋ᠠᠨ ᠵᠶ᠋ᠠᠨ ᠮᠣᠩᠭᠤᠯ ᠬᠡᠯᠡᠨ᠎ᠳᠤ ᠣᠷᠴᠢᠭᠤᠯᠳᠠᠭ᠃ ᠲᠡᠭᠦᠨ᠎ᠤ ᠰᠤᠷᠪᠤᠯᠵᠢᠯᠠᠨ ᠪᠢᠴᠢᠭᠰᠡᠨ ᠳᠣᠲᠣᠭ᠋ᠠᠳᠤ ᠵᠢ ᠬᠠᠮᠠᠭ᠋ᠠᠯᠠᠬᠤ ᠠᠵᠢᠯ ᠪᠠ ᠦᠨᠳᠦᠰᠦᠨ ᠱᠠᠲᠤᠨ᠎ᠤ ᠠᠷᠠᠳ᠎ᠤᠨ ᠴᠠᠭᠳᠠᠭ᠎ᠠ ᠵᠢᠨ ᠠᠮᠢᠳᠤᠷᠠᠯ᠎ᠢ ᠲᠤᠰᠬᠠᠭᠰᠠᠨ ᠮᠡᠳᠡᠭᠡᠯᠡᠯ᠎ᠨᠢ ᠠᠷᠠᠳ᠎ᠤᠨ ᠴᠠᠭᠳᠠᠭ᠎ᠠ ᠵᠢᠨ ᠬᠠᠷᠠᠮ ᠥᠬᠡᠶ ᠵᠣᠷᠢᠭᠤᠯᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠦᠨᠡᠨ ᠪᠣᠳᠠᠲᠠᠶ᠎ᠪᠠᠷ ᠳᠠᠬᠢᠨ ᠢᠯᠡᠷᠡᠭᠦᠯᠪᠡ᠃ ᠮᠠᠰᠢ ᠤᠯᠠᠨ ᠡᠭᠡ ᠪᠢᠴᠢᠭ᠎ᠨᠢ ᠠᠯᠠᠱ᠌ᠠ ᠵᠢᠨ ᠡᠳᠦᠷ᠎ᠤᠨ ᠰᠣᠨᠢᠨ᠎ᠤ ᠮᠣᠩᠭᠤᠯ ᠬᠢᠲᠠᠳ ᠬᠡᠪᠯᠡᠯ᠂ ᠠᠯᠠᠱ᠌ᠠ ᠵᠢᠨ ᠷᠠᠳᠢᠣ᠋ ᠲᠧᠯᠸᠢᠰ ᠬᠣᠷᠢᠶ᠎ᠠ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠮᠣᠩᠭᠤᠯ ᠬᠢᠲᠠᠳ ᠬᠡᠪᠯᠡᠯ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠣᠷᠢᠶ᠎ᠠ ᠪᠣᠯᠤᠨ ᠥᠪᠥᠷ ᠮᠣᠩᠭᠤᠯ᠎ᠤᠨ ᠬᠠᠤᠯᠢ ᠲᠦᠷᠢᠮ᠎ᠤᠨ ᠰᠣᠨᠢᠨ ᠮᠡᠳᠡᠭᠡᠨ᠎ᠳᠤ ᠨᠡᠢ᠌ᠳᠡᠯᠡᠭᠳᠡᠵᠦ᠂ ᠮᠠᠰᠢ ᠰᠠᠶ᠋ᠢᠨ ᠤᠬᠠᠭᠤᠯᠭ᠎ᠠ ᠵᠢᠨ ᠦᠷ᠎ᠡ ᠪᠦᠲᠦᠮᠵᠢ ᠣᠯᠵᠤ᠂ ᠠᠶ᠋ᠢᠮᠠᠭ᠎ᠤᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠥᠬᠢᠭᠦᠯᠦᠯ ᠰᠠᠶ᠋ᠢᠰᠢᠶᠠᠯ᠎ᠢ ᠣᠯᠠᠨᠲᠠ ᠬᠦᠷᠳᠡᠭᠰᠡᠨ ᠪᠠᠶ᠋ᠢᠨ᠎ᠠ᠃ ᠭᠠᠯᠪᠠᠭ᠋ᠠᠲᠤᠷ ᠥᠪᠡᠷ᠎ᠤᠨ ᠠᠵᠢᠯ ᠦᠢ᠍ᠯᠡᠰ ᠵᠶ᠋ᠠᠨ ᠳᠡᠭᠡᠳᠦᠯᠡᠵᠦ᠂ ᠦᠵᠦᠭ ᠪᠢᠷ ᠵᠶ᠋ᠠᠷ ᠵᠶ᠋ᠠᠨ ᠴᠥᠬᠦᠷᠡᠰᠢ ᠥᠬᠡᠶ ᠴᠢᠷᠮᠠᠶ᠋ᠢᠨ᠂ ᠬᠥᠮᠦᠨ᠎ᠤ ᠠᠮᠢᠳᠤᠷᠠᠯ᠎ᠤᠨ ᠦᠨ᠎ᠡ ᠥᠷᠲᠡᠭ ᠪᠣᠯ ᠲᠡᠮᠡᠴᠡᠯ ᠪᠠ ᠬᠤᠪᠢ ᠨᠡᠮᠡᠷᠢ ᠦᠵᠡᠭᠦᠯᠬᠦ᠎ᠳᠤ ᠪᠠᠶ᠋ᠢᠳᠠᠭ ᠭᠡᠬᠦ ᠰᠡᠴᠡᠨ ᠦᠭᠡ ᠵᠢ ᠡᠷᠡᠰ ᠰᠢᠭᠤᠷᠬᠠᠶ᠎ᠪᠠᠷ ᠭᠦᠢ᠍ᠴᠡᠳᠭᠡᠵᠦ᠂ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠹᠷᠣᠨᠲ ᠳᠡᠭᠡᠷ᠎ᠡ ᠲᠡᠮᠡᠴᠡᠯ ᠪᠠ ᠬᠤᠪᠢ ᠨᠡᠮᠡᠷᠢ ᠦᠵᠡᠭᠦᠯᠬᠦ ᠳᠠᠭᠤᠤ ᠵᠢ ᠪᠢᠴᠢᠭᠯᠡᠭᠰᠡᠨ ᠪᠠᠶ᠋ᠢᠨ᠎ᠠ᠃
ᠴᠤᠭ ᠵᠢᠪᠬᠤᠭ᠎ᠠ ᠪᠠᠳᠠᠷᠠᠩᠭᠤᠢ ᠪᠠᠶ᠋ᠢᠭᠰᠠᠨ᠎ᠠᠴᠠ᠎ᠪᠠᠨ ᠬᠤᠶᠠᠷ ᠰᠠᠨᠴᠢᠭ᠎ᠨᠢ ᠴᠠᠭ᠋ᠠᠨ ᠪᠤᠭᠤᠷᠣᠯ ᠪᠤᠯᠵᠤ᠂ ᠨᠠᠰᠤ ᠵᠢᠯ ᠬᠡᠳᠦ᠋ᠢ᠍ᠪᠡᠷ ᠵᠢᠷᠠ ᠰᠢᠬᠠᠭᠰᠠᠨ ᠪᠣᠯᠪᠠᠴᠤ ᠤᠭ ᠰᠠᠨᠠᠭ᠎ᠠ᠎ᠪᠠᠨ ᠥᠯᠦ ᠮᠠᠷᠲᠠᠨ ᠥᠪᠡᠷ᠎ᠤᠨ ᠡᠭᠦᠷᠭᠡ ᠬᠠᠷᠢᠭᠤᠴᠠᠯᠭ᠎ᠠ ᠭᠦᠢ᠍ᠴᠡᠳᠭᠡᠭᠰᠡᠭᠡᠷ᠃ ᠬᠡᠳᠦ᠋ᠢ᠍ᠪᠡᠷ ᠭᠤᠷᠪᠠᠨ ᠵᠢᠯ᠎ᠤᠨ ᠳᠠᠷᠠᠭ᠎ᠠ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠬᠦᠷᠬᠦ ᠪᠣᠯᠪᠠᠴᠤ ᠲᠡᠷᠡ ᠮᠥᠨ ᠯᠡ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠳᠣᠲᠣᠭ᠋ᠠᠳᠤ ᠵᠢ ᠬᠠᠮᠠᠭ᠋ᠠᠯᠠᠬᠤ ᠡᠮᠦᠨ᠎ᠡ ᠹᠷᠣᠨᠲ᠎ᠲᠤ ᠡᠷᠡᠯᠬᠡᠭᠯᠡᠨ ᠳᠡᠮᠡᠴᠡᠨ᠎ᠡ᠃ ᠲᠡᠷᠡ᠂ ᠪᠢ ᠥᠪᠡᠷ᠎ᠤᠨ ᠴᠠᠭᠳᠠᠭ᠎ᠠ ᠪᠠᠶ᠋ᠢᠬᠤ᠎ᠳᠤ᠎ᠪᠠᠨ ᠠᠮᠠᠯᠳᠠᠭᠰᠠᠨ ᠲᠠᠩᠭ᠋ᠠᠷᠢᠭ ᠵᠶ᠋ᠠᠨ ᠮᠠᠷᠲᠠᠵᠤ ᠪᠣᠯᠬᠤ ᠦᠭᠡᠢ᠂ ᠪᠢ ᠤᠭ ᠰᠠᠨᠠᠭ᠎ᠠ᠎ᠪᠠᠨ ᠪᠠᠲᠤ ᠰᠠᠬᠢᠵᠤ᠂ ᠵᠠᠯᠠᠭᠤ ᠨᠥᠬᠦᠳ᠎ᠲᠤ ᠦᠯᠢᠭᠡᠷ ᠳᠠᠭᠤᠷᠢᠶᠠᠯ ᠪᠣᠯᠵᠤ᠂ ᠥᠪᠡᠷ᠎ᠤᠨ ᠴᠠᠭᠳᠠᠭ᠎ᠠ ᠵᠢᠨ ᠠᠵᠢᠯ᠎ᠳᠠᠬᠢ ᠬᠠᠮᠤᠭ ᠰᠡᠭᠦᠯᠴᠢ ᠵᠢᠨ ᠨᠢᠭᠡ ᠡᠭᠡᠯᠵᠢ ᠵᠢᠨ ᠪᠠᠶ᠋ᠢᠷᠢᠨ᠎ᠳᠤ᠎ᠪᠠᠨ ᠴᠢᠷᠮᠠᠶ᠋ᠢᠨ ᠠᠵᠢᠯᠯᠠᠨ᠎ᠠ ᠭᠡᠵᠦ ᠬᠡᠯᠡᠪᠡ᠃