ᠣᠢ᠌ᠷ᠎ᠠ᠎ᠳᠤ᠂ ᠵᠠᠷᠤᠳ ᠬᠣᠰᠢᠭᠤᠨ᠎ᠤ ᠰᠢᠨ ᠳ᠋ᠠ ᠡᠳ᠋ ᠪᠠᠷᠠᠭ᠋ᠠᠨ᠎ᠤ ᠭᠦᠢ᠍ᠯᠭᠡᠭᠡ᠎ᠠᠴᠠ ᠲᠦᠷ ᠬᠣᠷᠢᠬᠤ ᠭᠠᠵᠠᠷ᠎ᠲᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠳ᠋ ᠪᠣᠳᠠᠰ ᠬᠠᠨᠳᠢᠪᠯᠠᠵᠤ᠂ ᠲᠦᠷ ᠬᠣᠷᠢᠬᠤ ᠭᠠᠵᠠᠷ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠬᠠᠶ᠋ᠢᠷ᠎ᠠ ᠬᠠᠯᠠᠮᠵᠢ ᠬᠦᠷᠭᠡᠵᠦ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠡᠷᠴᠢ ᠵᠣᠷᠢᠭ᠎ᠢ ᠤᠯᠠᠮ ᠨᠢᠭᠡ ᠠᠯᠬᠤᠮ ᠬᠥᠪᠴᠢᠯᠡᠵᠡᠶ᠃

ᠬᠠᠨᠳᠢᠪᠯᠠᠬᠤ ᠶᠠᠪᠤᠴᠠ᠎ᠳᠤ᠂ ᠵᠠᠷᠤᠳ ᠬᠣᠰᠢᠭᠤᠨ᠎ᠤ ᠲᠦᠷ ᠬᠣᠷᠢᠬᠤ ᠭᠠᠵᠠᠷ᠎ᠤᠨ ᠪᠠᠭ᠎ᠤᠨ ᠪᠦᠷᠢᠯᠳᠦᠬᠦᠨ ᠨᠡᠷ ᠲᠣᠰ ᠤᠳᠠᠭ᠋ᠠᠨ᠎ᠤ ᠡᠳ᠋ ᠪᠣᠳᠠᠰ ᠬᠠᠨᠳᠢᠪᠯᠠᠨ ᠬᠦᠷᠭᠡᠭᠰᠡᠨ ᠶᠠᠪᠤᠳᠠᠯ᠎ᠤᠨ ᠲᠤᠬᠠᠶ ᠰᠢᠨ ᠳ᠋ᠡ ᠪᠠᠷᠠᠭ᠋ᠠᠨ᠎ᠤ ᠭᠦᠢ᠍ᠯᠭᠡᠭᠡᠨ᠎ᠤ ᠬᠠᠷᠢᠭᠤᠴᠠᠯᠭ᠋ᠠᠲᠠᠨ ᠵᠣᠣ ᠶᠠᠨ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠢᠯᠡᠳᠬᠡᠬᠦ ᠵᠢᠨ ᠬᠠᠮᠲᠤ ᠲᠡᠭᠦᠨ᠎ᠲᠠᠢ ᠳᠣᠲᠣᠨᠣ᠎ᠪᠠᠷ ᠬᠠᠮᠲᠤ ᠵᠢᠨ ᠰᠡᠭᠦᠳᠡᠷ ᠠᠪᠴᠤ ᠳᠤᠷᠠᠰᠬᠠᠯ ᠦᠯᠡᠳᠡᠭᠡᠪᠡ᠃ ᠲᠣᠰ ᠤᠳᠠᠭ᠋ᠠᠨ᠎ᠤ ᠬᠠᠨᠳᠢᠪᠯᠠᠭᠰᠠᠨ ᠡᠳ᠋ ᠪᠣᠳᠠᠰ᠎ᠲᠤ ᠬᠥᠨᠵᠢᠯᠡ ᠳᠡᠪᠢᠰᠬᠡᠷ᠂ ᠣᠷᠣ ᠵᠢᠨ ᠪᠦᠲᠡᠭᠡᠯᠭᠡ᠂ ᠴᠠᠬᠢᠯᠭ᠋ᠠᠨ ᠰᠦᠷᠴᠢᠭᠦᠷ ᠵᠡᠷᠭᠡ ᠪᠣᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠠᠢ᠌ᠯᠠᠯᠳᠤᠭ᠋ᠠᠨ ᠡᠬᠢᠯᠡᠭᠰᠡᠨ᠎ᠠᠴᠠ ᠨᠠᠭ᠋ᠠᠰᠢ᠂ ᠮᠠᠨ᠎ᠤ ᠭᠠᠵᠠᠷ᠎ᠤᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠢᠮᠠᠭᠲᠠ ᠪᠠᠢ᠌ᠭᠤᠯᠭ᠎ᠠ᠎ᠳᠤ᠎ᠪᠠᠨ ᠪᠢᠲᠡᠭᠦᠮᠵᠢᠯᠡᠵᠦ ᠠᠵᠢᠯ᠎ᠤᠨ ᠪᠠᠶ᠋ᠢᠷᠢ ᠳᠡᠭᠡᠷ᠎ᠡ᠎ᠪᠠᠨ ᠠᠵᠢᠭᠯᠠᠵᠤ᠂ ᠡᠭᠦᠨ᠎ᠠᠴᠠ ᠭᠠᠳᠠᠨ᠎ᠠ᠂ ᠲᠣᠪᠴᠢᠶ᠎ᠠ᠎ᠠᠴᠠ ᠬᠡᠰᠡᠭ ᠭᠠᠳᠠᠨ᠎ᠠ ᠪᠠᠢ᠌ᠭ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠢ᠌ᠭᠤᠯᠤᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠳᠤᠭᠤᠶ᠋ᠢᠯᠠᠩ ᠪᠠᠶ᠋ᠢᠭᠤᠯᠵᠤ ᠵᠡᠭᠡᠯᠢ ᠭᠤᠳᠤᠮᠵᠢ᠎ᠪᠠᠷ ᠲᠣᠭᠣᠷᠢᠨ ᠴᠠᠭᠳᠠᠬᠤ ᠪᠠ ᠡᠮᠬᠢ ᠳᠢᠭᠯᠢᠮ᠎ᠢ ᠬᠠᠮᠠᠭ᠋ᠠᠯᠠᠬᠤ ᠠᠵᠢᠯ᠎ᠢ ᠬᠠᠷᠢᠭᠤᠴᠠᠭᠤᠯᠵᠤ᠂ ᠤᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠳᠤ ᠰᠡᠷᠭᠡᠶ᠋ᠢᠯᠡᠯᠲᠡ ᠵᠢᠨ ᠱᠤᠭᠤᠮ ᠪᠠᠶ᠋ᠢᠭᠤᠯᠵᠤ ᠥᠭᠴᠡᠢ᠃ ᠡᠨᠡ ᠤᠳᠠᠭ᠎ᠠ ᠵᠢᠨ ᠡᠳ᠋ ᠪᠣᠳᠠᠰ᠎ᠤᠨ ᠬᠠᠨᠳᠢᠪᠯᠠᠯ᠎ᠨᠢ ᠮᠠᠨ᠎ᠤ ᠰᠢᠷᠭ᠋ᠠᠭᠤ ᠬᠠᠲᠠᠭᠤᠵᠢᠯᠲᠠᠢ ᠠᠵᠢᠯᠯᠠᠵᠤ ᠪᠠᠶ᠋ᠢᠭ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠎ᠳᠤ ᠬᠠᠶ᠋ᠢᠷ᠎ᠠ ᠬᠠᠯᠠᠮᠵᠢ ᠬᠦᠷᠭᠡᠵᠦ᠂ ᠬᠢᠵᠢᠭ᠎ᠤᠨ ᠪᠠᠶ᠋ᠢᠳᠠᠯ᠎ᠢ ᠢᠯᠠᠨ ᠳᠠᠪᠠᠬᠤ᠎ᠳᠤ ᠬᠤᠪᠢ ᠨᠡᠮᠡᠷᠢ᠎ᠪᠠᠨ ᠦᠵᠡᠭᠦᠯᠪᠡ᠃
ᠬᠠᠶ᠋ᠢᠷ᠎ᠠ ᠬᠠᠯᠠᠮᠵᠢ ᠬᠠᠨᠳᠢᠪᠯᠠᠬᠤ᠎ᠨᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠠᠯᠠᠭᠤᠨ ᠳᠤᠯᠠᠭ᠋ᠠᠨ ᠪᠠ ᠬᠦᠴᠦᠨ ᠴᠢᠳᠠᠯ᠎ᠢ ᠨᠡᠮᠡᠷᠢᠯᠡᠵᠦ᠂ ᠬᠠᠶ᠋ᠢᠷ᠎ᠠ ᠬᠠᠯᠠᠮᠵᠢ ᠬᠠᠨᠳᠢᠪᠯᠠᠬᠤ ᠬᠥᠮᠦᠰ᠎ᠤᠨ ᠬᠠᠷᠢᠭᠤᠴᠠᠯᠭ᠎ᠠ᠎ᠲᠠᠢ᠂ ᠬᠠᠶ᠋ᠢᠷ᠎ᠠ ᠬᠠᠯᠠᠮᠵᠢ᠎ᠲᠠᠢ᠂ ᠬᠠᠷᠠᠮ ᠥᠬᠡᠶ ᠵᠣᠷᠢᠭᠤᠯᠬᠤ ᠵᠢ ᠡᠷᠬᠢᠮᠯᠡᠬᠦ ᠴᠣᠭ ᠵᠢᠪᠬᠤᠭ᠎ᠠ ᠵᠢ ᠢᠯᠡᠷᠡᠭᠦᠯᠵᠦ᠂ ᠨᠡᠶ᠋ᠢᠭᠡᠮ ᠳᠠᠶᠠᠭ᠋ᠠᠷ ᠵᠶ᠋ᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠣᠷᠣᠯᠴᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃