ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠠᠯᠬᠤᠴᠠ ᠵᠢᠨ ᠮᠥᠷᠳᠡᠯᠲᠡ ᠵᠢᠨ ᠮᠡᠷᠭᠡᠵᠢᠯ᠎ᠤᠨ ᠤᠯᠠᠮᠵᠢᠯᠠᠭᠴᠢ — ᠴᠧᠩ ᠷᠦᠢ
ᠨᠡᠶ᠋ᠢᠲᠡᠯᠡᠭᠰᠡᠨ ᠴᠠᠭ᠄ 2023-11-07

       ᠴᠧᠩ ᠷᠦᠢ᠂ ᠡᠷᠡᠭᠲᠡᠶ᠂ ᠮᠣᠩᠭᠤᠯ ᠦᠨᠳᠦᠰᠦᠲᠡᠨ᠂ 1976 ᠣᠨ᠎ᠤ 8 ᠰᠠᠷ᠎ᠠ᠎ᠳᠤ ᠳᠦᠷᠦᠵᠡᠶ᠂ 1996 ᠣᠨ᠎ᠳᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠭᠠᠷᠴᠤ᠂ ᠣᠲᠣ ᠬᠥᠯᠥᠨ ᠪᠤᠶ᠋ᠢᠷ ᠬᠣᠲᠠ ᠵᠢᠨ ᠵᠠᠯᠠᠨ ᠠᠶ᠋ᠢᠯ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠥᠪ᠎ᠤᠨ ᠳᠡᠳ᠋ ᠡᠷᠬᠢᠯᠡᠭᠴᠢ ᠵᠢᠨ ᠲᠤᠰᠢᠶᠠᠯ᠎ᠲᠠᠢ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ 《ᠡᠭᠦᠯᠡᠨ ᠰᠡᠯᠡᠮ᠎ᠡ — 2020》 ᠠᠮᠢᠨ ᠬᠡᠷᠡᠭ ᠳᠠᠷᠤᠭᠳᠠᠮᠠᠯ ᠬᠡᠷᠡᠭ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢᠨ ᠣᠷᠣ ᠮᠥᠷ᠎ᠤᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ ᠭᠡᠰᠢᠭᠦᠨ ᠵᠶ᠋ᠡᠷ ᠰᠢᠯᠢᠨ ᠰᠤᠩᠭᠤᠭᠳᠠᠪᠠ᠃ ᠲᠡᠷᠡ ᠤᠷᠢᠳ ᠬᠤᠵᠢᠳ ᠬᠤᠪᠢ ᠬᠥᠮᠦᠨ᠎ᠤ ᠬᠤᠶᠠᠳᠤᠭ᠋ᠠᠷ ᠳᠡᠰ᠎ᠤᠨ ᠭᠠᠪᠢᠶ᠎ᠠ ᠵᠢ 2 ᠤᠳᠠᠭ᠎ᠠ᠂ ᠭᠤᠷᠪᠠᠳᠤᠭ᠋ᠠᠷ ᠳᠡᠰ᠎ᠤᠨ ᠭᠠᠪᠢᠶ᠎ᠠ ᠵᠢ 4 ᠤᠳᠠᠭ᠎ᠠ ᠪᠠᠶ᠋ᠢᠭᠤᠯᠵᠤ᠂ 2020 ᠣᠨ᠂ 2021 ᠣᠨ᠎ᠳᠤ ᠬᠤᠶᠠᠷ ᠵᠢᠯ ᠳᠠᠷᠠᠭ᠋ᠠᠯᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ 《ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠹᠷᠣᠨᠲ᠎ᠤᠨ ᠠᠷᠪᠠᠨ ᠰᠢᠯᠢᠳᠡᠭ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ》 ᠂ 2022 ᠣᠨ᠎ᠳᠤ ᠦᠪᠦᠷ ᠮᠤᠩᠭᠤᠯ᠎ᠤᠨ 《ᠤᠮᠠᠷᠠᠲᠤ ᠬᠢᠯᠢ ᠵᠢ ᠲᠤᠭᠳᠤᠯᠤᠭᠤᠯᠤᠭᠰᠠᠨ · ᠬᠠᠮᠤᠭ᠎ᠠᠴᠠ ᠪᠠᠬᠠᠷᠬᠠᠯᠲᠠᠢ ᠴᠠᠭᠳᠠᠭ᠎ᠠ》᠎ᠪᠠᠷ ᠦᠨᠡᠯᠡᠭᠳᠡᠪᠡ᠃

微信图片_20230223171624.jpg  


     2004 ᠣᠨ᠎ᠳᠤ᠂ ᠬᠥᠯᠥᠨ ᠪᠤᠶ᠋ᠢᠷ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠰᠠᠯᠪᠤᠷᠢ ᠠᠩᠭᠢ ᠪᠣᠯᠤᠨ ᠵᠠᠯᠠᠨ ᠠᠶ᠋ᠢᠯ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠣᠮᠢᠯᠠᠯᠲᠠ᠎ᠪᠠᠷ᠂ ᠴᠧᠩ ᠷᠦᠢ ᠯᠢᠶᠣᠤᠨᠢᠩ ᠮᠤᠵᠢ ᠵᠢᠨ ᠳ᠋ᠠᠯᠢᠶᠠᠨ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠤᠨ ᠮᠡᠷᠭᠡᠵᠢᠯ᠎ᠤᠨ ᠭᠠᠵᠠᠷ᠎ᠲᠤ ᠬᠦᠷᠴᠦ ᠰᠤᠷᠤᠯᠴᠠᠪᠠ᠃ ᠰᠤᠷᠤᠯᠴᠠᠵᠤ ᠪᠠᠶ᠋ᠢᠬᠤ ᠬᠤᠭᠤᠴᠠᠭ᠋ᠠᠨ᠎ᠳᠤ᠎ᠪᠠᠨ᠂ ᠲᠡᠷᠡ ᠥᠪᠥᠷ ᠮᠣᠩᠭᠤᠯ᠎ᠤᠨ ᠠᠯᠳᠠᠷᠲᠤ ᠤᠯᠠ ᠮᠥᠷ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠂ ᠮᠠ ᠢᠦᠢ ᠯᠢᠨ᠎ᠤ ᠠᠯᠬᠤᠴᠠ ᠵᠢᠨ ᠮᠥᠷᠳᠡᠯᠲᠡ ᠵᠢᠨ ᠮᠡᠷᠭᠡᠵᠢᠯ᠎ᠤᠨ ᠤᠯᠠᠮᠵᠢᠯᠠᠭᠴᠢ ᠭᠧ ᠶᠢᠦ ᠵᠦᠩ᠎ᠲᠠᠢ ᠲᠠᠨᠢᠯᠴᠠᠵᠠᠢ᠃ ᠲᠡᠭᠦᠨ᠎ᠠᠴᠠ ᠬᠤᠶ᠋ᠢᠰᠢ ᠭ᠋ᠸ ᠶᠢᠦ ᠵᠦᠩ᠎ᠢ ᠳᠠᠭ᠋ᠠᠵᠤ ᠭᠤᠷᠪᠠᠨ ᠵᠢᠯ ᠰᠤᠷᠤᠯᠴᠠᠪᠠ᠃ ᠭᠤᠷᠪᠠᠨ ᠵᠢᠯ᠎ᠤᠨ ᠰᠤᠷᠤᠯᠴᠠᠯᠭ᠎ᠠ᠎ᠨᠢ ᠴᠧᠩ ᠷᠦᠢ ᠵᠢᠨ ᠲᠤᠷᠰᠢᠨ ᠪᠠᠶ᠋ᠢᠴᠠᠭ᠋ᠠᠵᠤ ᠬᠡᠷᠡᠭ ᠢᠯᠡᠷᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃ ᠣᠯᠠᠨ ᠵᠢᠯ᠎ᠤᠨ ᠲᠤᠷᠰᠢ᠂ ᠨᠢᠭᠡᠨ ᠤᠳᠠᠭ᠋ᠠᠨ᠎ᠤ ᠬᠦᠴᠢᠷ ᠲᠦᠪᠡᠭᠲᠡᠶ ᠬᠡᠷᠡᠭ᠎ᠢ ᠳᠡᠩᠨᠡᠨ ᠢᠯᠡᠷᠡᠭᠦᠯᠬᠦ ᠠᠵᠢᠯ᠎ᠤᠨ ᠳᠤᠮᠳᠠ᠂ ᠴᠧᠩ ᠷᠦᠢ ᠠᠭ᠋ᠠᠵᠢᠮ ᠵᠶ᠋ᠠᠷ ᠲᠤᠰᠬᠠᠶ ᠮᠡᠷᠭᠡᠵᠢᠯᠲᠡᠨ᠎ᠤ ᠬᠡᠯᠪᠡᠷᠢ ᠵᠢᠨ ᠴᠢᠳᠠᠪᠤᠷᠢᠲᠠᠨ ᠪᠣᠯᠵᠣ ᠬᠥᠮᠦᠵᠢᠭᠳᠡᠭᠡᠳ᠂ ᠡᠪᠦᠭᠡ ᠪᠠᠭᠰᠢ ᠮᠠ ᠢᠦᠶ ᠯᠢᠨ᠂ ᠪᠠᠭᠰᠢ ᠭ᠋ᠸ ᠶᠢᠤ ᠵᠥᠩ᠎ᠤᠨ ᠠᠯᠬᠤᠴᠠ ᠵᠢᠨ ᠮᠥᠷᠳᠡᠯᠲᠡ ᠵᠢᠨ ᠮᠡᠷᠭᠡᠵᠢᠯ᠂ ᠬᠥᠯ᠎ᠤᠨ ᠮᠥᠷ᠎ᠢ ᠬᠢᠨᠠᠨ ᠲᠣᠭᠲᠠᠭ᠋ᠠᠬᠤ ᠣᠨᠣᠯ᠎ᠢ ᠤᠯᠠᠮ ᠨᠢᠭᠡ ᠠᠯᠬᠤᠮ ᠪᠠᠳᠠᠷᠠᠭᠤᠯᠤᠨ ᠳᠡᠯᠭᠡᠷᠡᠭᠦᠯᠵᠡᠶ᠃

     2007 ᠣᠨ᠎ᠤ 12 ᠰᠠᠷ᠎ᠠ ᠵᠢᠨ 26᠎ᠤ ᠡᠳᠦᠷ᠂ ᠬᠤᠪᠸᠢ ᠮᠤᠵᠢ ᠵᠢᠨ ᠨᠢᠭᠡᠨ ᠰᠢᠶᠠᠨ᠎ᠤ ᠨᠢᠭᠡᠨ ᠴᠤᠬᠤᠢ ᠵᠢᠨ ᠦᠢ᠍ᠯᠡᠳᠪᠦᠷᠢ᠎ᠳᠤ ᠨᠢᠭᠡᠨ ᠣᠨᠴᠠ ᠶᠡᠭᠡ ᠬᠥᠮᠦᠨ ᠠᠯᠠᠭᠰᠠᠨ ᠬᠡᠷᠡᠭ ᠭᠠᠷᠴᠤ᠂ 6 ᠡᠷᠡᠭᠲᠡᠶ 2 ᠡᠮᠡᠭᠲᠡᠶ ᠨᠡᠶ᠋ᠢᠳᠡ 8 ᠬᠥᠮᠦᠨ ᠬᠤᠣᠷᠯᠠᠭᠳᠠᠪᠠ᠃ ᠬᠡᠷᠡᠭ ᠭᠠᠷᠤᠭᠰᠠᠨ᠎ᠤ ᠳᠠᠷᠠᠭ᠎ᠠ᠂ ᠴᠠᠭᠳᠠᠭ᠋ᠠᠨ᠎ᠤ ᠲᠠᠯ᠎ᠠ ᠵᠢᠨ᠎ᠬᠢᠨ ᠲᠤᠬᠠᠶ ᠵᠢᠨ ᠲᠠᠯᠠᠪᠠᠶ ᠵᠢᠨ ᠬᠠᠶ᠋ᠢᠨ ᠪᠠᠶ᠋ᠢᠴᠠᠭ᠋ᠠᠯᠲᠠ ᠪᠠ ᠨᠢᠭᠡᠨᠲᠡ ᠡᠵᠡᠮᠰᠢᠭᠰᠡᠨ ᠭᠡᠷᠡᠴᠢ ᠪᠠᠷᠢᠮᠲᠠ᠎ᠪᠠᠷ ᠳᠠᠮᠵᠢᠭᠤᠯᠤᠨ᠂ ᠶᠠᠷᠭ᠋ᠠᠴᠢᠨ᠎ᠤ ᠣᠨᠴᠠᠯᠢᠭ᠎ᠢ ᠲᠣᠭᠲᠠᠭ᠋ᠠᠭᠰᠠᠨ ᠪᠠᠶ᠋ᠢᠨ᠎ᠠ᠃ ᠡᠭᠦᠨ᠎ᠤ ᠳᠠᠷᠠᠭ᠎ᠠ᠂ ᠲᠠᠩᠨᠠᠨ ᠢᠯᠡᠷᠡᠭᠦᠯᠦᠭᠰᠡᠨ ᠠᠷᠪᠠᠨ ᠬᠡᠳᠦᠨ ᠲᠤᠰᠬᠠᠶ ᠠᠩᠭᠢ ᠵᠢᠨ ᠠᠷᠠᠳ᠎ᠤᠨ ᠴᠠᠭᠳᠠᠭ᠎ᠠ ᠨᠥᠬᠦᠴᠡᠯ᠎ᠳᠤ ᠨᠡᠶ᠋ᠢᠴᠡᠬᠦ 1000 ᠭᠠᠷᠤᠶ ᠡᠲᠡᠭᠡᠳ᠎ᠢ ᠪᠠᠶ᠋ᠢᠴᠠᠭ᠋ᠠᠵᠤ᠂ ᠶᠠᠷᠭ᠋ᠠᠴᠢᠨ᠎ᠢ ᠲᠤᠬᠠᠶ ᠵᠢᠨ ᠭᠠᠵᠠᠷ᠎ᠤᠨ ᠬᠥᠮᠦᠨ ᠭᠡᠵᠦ ᠦᠨᠳᠦᠰᠦᠨ᠎ᠳᠤ᠎ᠪᠠᠨ ᠲᠣᠭᠲᠠᠭ᠋ᠠᠵᠠᠶ᠃ ᠭᠡᠪᠡᠴᠦ ᠲᠤᠬᠠᠶ ᠵᠢᠨ ᠦᠶ᠎ᠡ ᠵᠢᠨ ᠨᠥᠬᠦᠴᠡᠯ᠎ᠤᠨ ᠬᠢᠵᠠᠭ᠋ᠠᠷᠯᠠᠯ᠎ᠠᠴᠠ ᠪᠣᠯᠵᠤ ᠳᠡᠩᠨᠡᠨ ᠢᠯᠡᠷᠡᠭᠦᠯᠬᠦ ᠠᠵᠢᠯ ᠶᠡᠷᠦᠨᠢ ᠰᠢᠪᠲᠤᠯᠤᠯᠲᠠ ᠵᠢᠨ ᠴᠢᠨᠠᠷᠲᠠᠶ ᠠᠬᠢᠴᠠ᠎ᠲᠠᠢ ᠪᠣᠯᠵᠤ ᠴᠢᠳᠠᠭᠰᠠᠨ ᠦᠭᠡᠶ᠃ 2017 ᠣᠨ᠎ᠤ 3 ᠰᠠᠷ᠎ᠠ᠎ᠳᠤ᠂ ᠴᠧᠩ ᠷᠦᠢ ᠵᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠳᠤ ᠰᠢᠯᠵᠢᠭᠦᠯᠵᠦ᠂ ᠬᠤᠪᠸᠢ᠎ᠳᠤ ᠬᠦᠷᠴᠦ ᠡᠨᠡ ᠬᠦ᠌ ᠠᠷᠪᠠᠨ ᠵᠢᠯ᠎ᠤᠨ ᠡᠮᠦᠨ᠎ᠡ ᠡᠭᠦᠰᠦᠭᠰᠡᠨ ᠠᠮᠢᠨ ᠬᠡᠷᠡᠭ᠎ᠤᠨ ᠪᠣᠭᠤᠮᠲᠠ ᠰᠢᠪᠲᠤᠯᠵᠤ᠂ ᠣᠨᠴᠠᠭ᠋ᠠᠶ᠋ᠢᠯᠠᠨ ᠲᠤᠬᠠᠢ ᠵᠢᠨ ᠲᠠᠯᠠᠪᠠᠢ᠎ᠳᠤ ᠦᠯᠡᠳᠡᠭᠡᠭᠰᠡᠨ ᠤᠯᠠ ᠮᠥᠷ᠎ᠢ ᠲᠠᠬᠢᠨ ᠰᠢᠨ᠎ᠡ᠎ᠪᠠᠷ ᠰᠢᠯᠭ᠋ᠠᠨ ᠪᠠᠢ᠌ᠴᠠᠭ᠋ᠠᠯᠭ᠋ᠠᠪᠠ᠃ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ᠎ᠬᠢᠨ ᠲᠤᠬᠠᠶ ᠵᠢᠨ ᠵᠢᠯ᠎ᠳᠤ ᠭᠠᠷᠭ᠋ᠠᠨ ᠠᠪᠤᠭᠰᠠᠨ 338 ᠬᠤᠪᠢ ᠬᠥᠯ᠎ᠤᠨ ᠮᠥᠷ᠎ᠤᠨ ᠰᠢᠯᠭ᠋ᠠᠨ ᠪᠠᠶ᠋ᠢᠴᠠᠭ᠋ᠠᠯᠲᠠ ᠵᠢᠨ ᠵᠠᠭᠪᠤᠷ᠎ᠢ ᠨᠢᠭᠡᠳ ᠨᠢᠭᠡ᠎ᠪᠠᠷ ᠰᠢᠭᠰᠢᠨ ᠪᠠᠶ᠋ᠢᠴᠠᠭ᠋ᠠᠵᠤ᠂ ᠡᠳᠦᠷ ᠪᠦᠷᠢ ᠰᠥᠨᠢ ᠳᠦᠯᠢ ᠪᠣᠯᠲᠠᠯ᠎ᠠ ᠠᠵᠢᠯᠯᠠᠵᠠᠶ᠃ ᠳᠥᠷᠪᠡᠳᠦᠭᠡᠷ ᠡᠳᠦᠷ ᠪᠣᠯᠬᠤ᠎ᠳᠤ᠂ ᠴᠧᠩ ᠷᠦᠢ ᠲᠤᠬᠠᠶ ᠵᠢᠨ ᠵᠢᠯ᠎ᠳᠤ ᠦᠯᠢᠭᠡᠷ ᠠᠪᠤᠭᠰᠠᠨ ᠬᠤᠸᠠᠩ ᠣᠪᠣᠭᠲᠤ ᠥᠪᠡᠷ᠎ᠤᠨ ᠨᠠᠰᠤ ᠵᠢᠯ ᠪᠠ ᠱᠠᠬᠠᠶ ᠵᠢᠨ ᠨᠣᠮᠧᠷ ᠵᠶ᠋ᠠᠨ ᠨᠢᠭᠤᠨ ᠳᠠᠯᠳᠠᠯᠠᠵᠤ᠂ ᠲᠡᠭᠦᠭᠰᠡᠨ ᠤᠯᠠ ᠮᠥᠷ᠎ᠤᠨ ᠦᠯᠢᠭᠡᠷ᠎ᠨᠢ ᠴᠦ᠍ ᠨᠠᠷᠢᠨ ᠬᠥᠯ ᠵᠶ᠋ᠠᠷ ᠵᠶ᠋ᠠᠨ ᠲᠣᠮᠣ ᠱᠠᠬᠠᠶ ᠡᠮᠦᠰᠦᠨ᠂ ᠭᠡᠪᠡᠴᠦ ᠱᠠᠬᠠᠶ ᠵᠢᠨ ᠮᠥᠷ ᠳᠣᠲᠣᠷᠠᠬᠢ ᠨᠢᠴᠦᠭᠦᠨ ᠬᠥᠯ᠎ᠤᠨ ᠮᠥᠷ᠎ᠤᠨ ᠪᠣᠷᠣ ᠲᠥᠯᠥᠪ᠎ᠨᠢ ᠲᠤᠬᠠᠶ ᠵᠢᠨ ᠲᠠᠯᠠᠪᠤᠷ᠎ᠲᠤ ᠦᠯᠡᠳᠡᠭᠡᠭᠰᠡᠨ ᠤᠯᠠ ᠮᠥᠷ᠎ᠲᠠᠢ ᠮᠠᠰᠢ ᠠᠳᠠᠯᠢᠪᠲᠤᠷ ᠪᠠᠶ᠋ᠢᠪᠠ᠃ ᠴᠧᠩ ᠷᠦᠢ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠳᠤ ᠬᠤᠸᠠᠩ ᠣᠪᠣᠭᠲᠤ ᠵᠢᠨ ᠡᠳᠦᠷ ᠲᠤᠲᠤᠮ᠎ᠤᠨ ᠠᠮᠢᠳᠤᠷᠠᠯ᠎ᠤᠨ ᠤᠯᠠ ᠮᠥᠷ ᠵᠢᠴᠢ ᠶᠠᠪᠤᠵᠤ ᠰᠠᠭᠤᠬᠤ ᠳᠦᠷᠰᠦ ᠰᠢᠩᠭᠡᠭᠡᠯᠲᠡ ᠵᠢ ᠨᠢᠭᠤᠴᠠ᠎ᠪᠠᠷ ᠭᠠᠷᠭ᠋ᠠᠨ ᠠᠪᠬᠤ ᠰᠠᠨᠠᠯ ᠲᠤᠷᠠᠳᠪᠠ᠃ ᠲᠡᠷᠡ ᠪᠤᠰᠤᠳ ᠲᠤᠰᠬᠠᠶ ᠮᠡᠷᠭᠡᠵᠢᠯᠲᠡᠨ᠎ᠲᠠᠢ ᠣᠯᠠᠨ ᠵᠦᠢ᠍ᠯ᠎ᠤᠨ ᠲᠥᠰᠦᠪ ᠲᠥᠯᠥᠪᠯᠡᠵᠦ᠂ ᠡᠴᠦᠰ᠎ᠲᠤ᠎ᠪᠠᠨ ᠬᠤᠸᠠᠩ ᠣᠪᠣᠭᠲᠤ ᠵᠢᠨ ᠬᠠᠭᠤᠷᠮᠠᠭᠯᠠᠭᠰᠠᠨ ᠦᠭᠡᠶ ᠤᠯᠠ ᠮᠥᠷ᠎ᠤᠨ ᠦᠯᠢᠭᠡᠷ ᠬᠡᠪ᠎ᠢ ᠣᠯᠵᠤ ᠠᠪᠤᠭ᠋ᠠᠳ᠂ ᠡᠨᠡ ᠬᠦ᠌ ᠣᠨᠴᠠ ᠶᠡᠭᠡ ᠬᠡᠷᠡᠭ᠎ᠤᠨ ᠬᠡᠷᠡᠭ ᠬᠢᠭᠰᠡᠨ ᠬᠥᠮᠦᠨ ᠪᠣᠯ ᠳᠠᠷᠤᠶ ᠬᠤᠸᠠᠩ ᠣᠪᠣᠭᠲᠤ ᠮᠥᠨ ᠭᠡᠳᠡᠭ᠎ᠢ ᠠᠮᠵᠢᠯᠲᠠ᠎ᠲᠠᠢ᠎ᠪᠠᠷ ᠳᠣᠲᠣᠯᠠᠵᠤ᠂ ᠬᠡᠷᠡᠭ᠎ᠢ ᠴᠦ᠍ ᠳᠠᠭ᠋ᠠᠯᠳᠤᠨ ᠢᠯᠡᠷᠡᠭᠦᠯᠪᠡ᠃

 微信图片_20230223171652.jpg 


     2022 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ᠂ ᠬᠥᠯᠥᠨ ᠪᠤᠶ᠋ᠢᠷ᠎ᠤᠨ ᠭᠡᠭᠡᠨ ᠭᠤᠣᠯ ᠬᠤᠳᠠ ᠵᠢᠨ ᠯᠦᠩ ᠹᠧᠩ ᠶᠡᠭᠡ ᠠᠰᠠᠷ᠎ᠤᠨ ᠨᠢᠭᠡᠨ ᠠᠯᠲᠠᠨ᠎ᠤ ᠳᠡᠯᠭᠡᠭᠦᠷ᠎ᠤᠨ 40 ᠭᠠᠷᠤᠢ ᠲᠦᠮᠡᠨ ᠲᠥᠭᠦᠷᠢᠭ᠎ᠤᠨ ᠦᠷᠳᠡᠭ ᠪᠦᠬᠦᠢ ᠠᠯᠲᠠ ᠮᠥᠩᠭᠦᠨ ᠵᠠᠰᠠᠯ ᠴᠢᠮᠡᠭᠯᠡᠯ᠎ᠤᠨ ᠡᠳ᠋ ᠪᠤᠯᠢᠶᠠᠭᠳᠠᠵᠠᠢ᠃ ᠰᠡᠵᠢᠭᠳᠡᠨ ᠭᠡᠷᠡᠴᠢ ᠪᠠᠷᠢᠮᠲᠠ ᠵᠢ ᠤᠰᠠᠳᠬᠠᠬᠤ ᠵᠢᠨ ᠲᠥᠯᠥᠭᠡ᠂ ᠪᠤᠯᠢᠶᠠᠨ ᠳᠡᠭᠡᠷᠡᠮᠳᠡᠬᠦ ᠦᠶ᠎ᠡ᠎ᠳᠤ᠂ ᠠᠷᠭ᠎ᠠ ᠪᠦᠬᠦᠨ᠎ᠢ ᠰᠦᠪᠡᠭᠴᠢᠯᠡᠨ ᠲᠤᠬᠠᠶ ᠵᠢᠨ ᠲᠠᠯᠠᠪᠤᠷ᠎ᠤᠨ ᠤᠯᠠ ᠮᠥᠷ᠎ᠢ ᠪᠦᠬᠦᠨ᠎ᠢ ᠪᠠᠯᠠᠯᠪᠠ᠃

     5 ᠳ᠋ᠤᠭ᠋ᠠᠷ ᠰᠠᠷ᠎ᠠ ᠵᠢᠨ 12᠎ᠤᠨ ᠡᠳᠦᠷ᠂ ᠬᠥᠯᠥᠨ ᠪᠤᠶ᠋ᠢᠷ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠴᠧᠩ ᠷᠦᠢ ᠵᠢ ᠰᠢᠯᠵᠢᠭᠦᠯᠦᠨ ᠲᠣᠮᠢᠯᠠᠵᠤ ᠬᠡᠷᠡᠭ᠎ᠢ ᠳᠡᠩᠨᠡᠨ ᠢᠯᠡᠷᠡᠭᠦᠯᠬᠦ ᠠᠵᠢᠯ᠎ᠳᠤ ᠮᠡᠷᠭᠡᠵᠢᠯ᠎ᠤᠨ ᠳᠡᠮᠵᠢᠯᠭᠡ ᠦᠵᠡᠭᠦᠯᠪᠡ᠃ ᠲᠤᠬᠠᠶ ᠵᠢᠨ ᠲᠠᠯᠠᠪᠠᠶ᠎ᠳᠤ ᠨᠠᠷᠢᠨ ᠬᠢᠨᠠᠮᠠᠭ᠋ᠠᠶ ᠬᠠᠶ᠋ᠢᠨ ᠪᠠᠶ᠋ᠢᠴᠠᠭ᠋ᠠᠯᠲᠠ ᠬᠢᠬᠦ᠎ᠪᠠᠷ ᠳᠠᠮᠵᠢᠭ᠋ᠠᠳ ᠴᠧᠩ ᠷᠦᠢ ᠡᠴᠦᠰ᠎ᠲᠤ᠎ᠪᠠᠨ ᠰᠡᠵᠢᠭᠳᠡᠨ᠎ᠤ ᠤᠯᠠ ᠮᠥᠷ᠎ᠢ ᠣᠯᠵᠤ ᠮᠡᠳᠡᠭᠰᠡᠨ ᠪᠥᠭᠡᠳ ᠰᠡᠵᠢᠭᠳᠡᠨ᠎ᠤ ᠠᠯᠬᠤᠴᠠ ᠵᠢᠨ ᠣᠨᠴᠠᠯᠢᠭ᠎ᠢ ᠰᠤᠳᠤᠯᠤᠨ ᠮᠠᠭ᠋ᠠᠳᠯᠠᠭᠰᠠᠨ ᠪᠠᠶ᠋ᠢᠨ᠎ᠠ᠃ ᠡᠭᠦᠨ᠎ᠤ ᠳᠠᠷᠠᠭ᠎ᠠ᠂ ᠨᠢᠭᠡ ᠬᠡᠰᠡᠭ ᠳᠦᠷᠰᠦ ᠰᠢᠩᠭᠡᠭᠡᠯᠲᠡ᠎ᠠᠴᠠ ᠠᠯᠬᠤᠴᠠ ᠵᠢᠨ ᠪᠠᠶ᠋ᠢᠳᠠᠯ᠎ᠢ ᠵᠠᠳᠠᠯᠤᠨ ᠰᠢᠨᠵᠢᠯᠡᠬᠦ᠎ᠪᠠᠷ ᠳᠡᠮᠵᠢᠨ᠂ ᠰᠡᠵᠢᠭᠳᠡᠨ᠎ᠢ ᠠᠮᠵᠢᠯᠲᠠ᠎ᠲᠠᠢ᠎ᠪᠠᠷ ᠪᠠᠶ᠋ᠢᠴᠠᠭ᠋ᠠᠨ ᠲᠣᠳᠤᠯᠠᠪᠠ᠃ ᠰᠡᠵᠢᠭᠳᠡᠨ ᠬᠤᠪᠴᠠᠰᠤ ᠬᠤᠨᠠᠷ ᠵᠶ᠋ᠡᠨ ᠳᠥᠷᠪᠡ ᠤᠳᠠᠭ᠎ᠠ ᠰᠣᠯᠢᠭᠰᠠᠨ ᠪᠣᠯᠪᠠᠴᠤ ᠲᠡᠭᠦᠨ᠎ᠤ ᠠᠯᠬᠤᠴᠠ᠎ᠨᠢ ᠴᠸᠩ ᠷᠦᠢ ᠵᠢᠨ ᠬᠤᠷᠴᠠ ᠨᠢᠳᠦᠨ᠎ᠠᠴᠠ᠎ᠪᠠᠨ ᠳᠤᠲᠠᠭ᠋ᠠᠵᠤ ᠴᠢᠳᠠᠭᠰᠠᠨ ᠦᠭᠡᠶ᠂ ᠲᠡᠷᠡ ᠰᠡᠵᠢᠭᠳᠡᠨ᠎ᠢ ᠳᠤᠯᠢ ᠭᠤᠣᠯ᠎ᠤᠨ ᠵᠦᠭ ᠳᠤᠲᠠᠭ᠋ᠠᠨ ᠶᠠᠪᠤᠭᠰᠠᠨ ᠵᠶ᠋ᠠᠷ ᠳᠣᠲᠣᠯᠠᠵᠤ᠂ ᠴᠠᠭᠳᠠᠭ᠋ᠠᠨ᠎ᠤ ᠲᠠᠯ᠎ᠠ ᠵᠢᠨ᠎ᠬᠢᠨ ᠵᠠᠮ ᠮᠥᠷ ᠵᠶ᠋ᠠᠷ ᠮᠥᠷᠳᠡᠨ ᠨᠡᠬᠡᠮᠵᠢᠯᠡᠵᠦ᠂ ᠶᠠᠯ᠎ᠠ ᠬᠢᠭᠰᠡᠨ ᠰᠡᠵᠢᠭᠳᠡᠨ ᠱ᠌ᠢ ᠣᠪᠣᠭᠲᠤ ᠵᠢ ᠠᠮᠵᠢᠯᠲᠠ᠎ᠲᠠᠢ᠎ᠪᠠᠷ ᠪᠠᠷᠢᠪᠴᠢᠯᠠᠵᠠᠶ᠃

     ᠣᠶ᠋ᠢᠷ᠎ᠠ ᠵᠢᠨ 3 ᠵᠢᠯ᠎ᠳᠤ᠂ ᠴᠧᠩ ᠷᠦᠢ ᠬᠥᠯ᠎ᠤᠨ ᠮᠥᠷ᠎ᠤᠨ ᠬᠢᠨᠠᠨ ᠲᠣᠭᠲᠠᠭ᠋ᠠᠯᠲᠠ ᠵᠢ ᠠᠰᠢᠭᠯᠠᠨ 80 ᠭᠠᠷᠤᠶ ᠬᠡᠷᠡᠭ᠎ᠢ ᠢᠯᠡᠷᠡᠭᠦᠯᠵᠦ᠂ ᠡᠭᠦᠨ᠎ᠤ ᠳᠣᠲᠣᠷ᠎ᠠ ᠶᠠᠮᠤᠨ᠎ᠤ ᠰᠢᠪᠠᠳᠠᠨ ᠰᠢᠢ᠍ᠳᠪᠦᠷᠢᠯᠡᠭᠦᠯᠦᠭᠰᠡᠨ ᠬᠡᠷᠡᠭ 6᠂ ᠮᠤᠵᠢ ᠵᠢᠨ ᠱᠠᠲᠤᠨ᠎ᠤ ᠬᠡᠷᠡᠭ 8 ᠪᠣᠶ; ᠡᠯ᠎ᠡ ᠲᠦᠷᠦᠯ᠎ᠤᠨ ᠬᠢᠨᠠᠨ ᠲᠣᠭᠲᠠᠭ᠋ᠠᠯᠲᠠ ᠵᠢᠨ ᠪᠢᠴᠢᠭ᠎ᠢ 100 ᠭᠠᠷᠤᠶ ᠬᠤᠪᠢ ᠭᠠᠷᠭ᠋ᠠᠵᠤ᠂ ᠬᠡᠷᠡᠭ᠎ᠢ ᠬᠢᠨᠠᠨ ᠲᠣᠭᠲᠠᠭ᠋ᠠᠵᠤ ᠲᠠᠬᠢᠨ ᠬᠢᠨᠠᠬᠤ᠎ᠳᠤ 10 ᠭᠠᠷᠤᠶ ᠤᠳᠠᠭ᠎ᠠ ᠣᠷᠣᠯᠴᠠᠪᠠ᠃

     2022 ᠣᠨ᠎ᠳᠤ᠂ ᠴᠧᠩ ᠷᠦᠢ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠭᠤᠤᠯᠳᠠᠯᠭ᠎ᠠ᠎ᠲᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠤᠨ 《ᠭᠦᠨᠵᠡᠭᠡᠶ ᠰᠤᠷᠤᠯᠴᠠᠯᠭ᠎ᠠ᠎ᠳᠤ ᠰᠠᠭᠤᠷᠢᠯᠠᠭᠰᠠᠨ ᠭᠤᠷᠪᠠᠨ ᠬᠡᠮᠵᠢᠯᠳᠦ ᠠᠯᠬᠤᠴᠠ ᠵᠢᠨ ᠣᠨᠴᠠᠯᠢᠭ᠎ᠤᠨ ᠵᠠᠳᠠᠯᠤᠯᠲᠠ ᠵᠢᠨ ᠰᠢᠰᠲ᠋ᠧᠮ》᠎ᠳᠤ ᠣᠷᠣᠯᠴᠠᠵᠤ᠂ ᠲᠣᠰ ᠲᠥᠷᠥᠯ ᠵᠦᠢ᠍ᠯ᠎ᠨᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠵᠣᠬᠢᠶᠠᠨ ᠪᠠᠶ᠋ᠢᠭᠤᠯᠤᠭᠰᠠᠨ ᠬᠤᠶᠠᠳᠤᠭ᠋ᠠᠷ ᠬᠤᠭᠤᠴᠠᠭ᠋ᠠᠨ᠎ᠤ ᠡᠷᠡᠭᠦᠤ ᠵᠢᠨ ᠬᠡᠷᠡᠭ᠎ᠤᠨ ᠮᠡᠷᠭᠡᠵᠢᠯ᠎ᠤᠨ 《ᠬᠤᠤᠰ ᠠᠷᠪᠠ ᠵᠢᠨ ᠲᠥᠯᠥᠪᠯᠡᠭᠡ》 ᠵᠢᠨ ᠪᠡᠷᠬᠡ ᠰᠡᠳᠦᠪ᠎ᠢ ᠰᠢᠢ᠍ᠳᠪᠦᠷᠢᠯᠡᠵᠦ ᠰᠢᠨ᠎ᠡ ᠵᠢ ᠡᠭᠦᠳᠬᠦ ᠤᠷᠤᠯᠳᠤᠭ᠋ᠠᠨ᠎ᠳᠤ ᠮᠥᠩᠭᠦᠨ ᠱᠠᠩᠨᠠᠯ ᠭᠥᠷᠳᠡᠪᠡ᠃

 

      

ᠢᠷᠡᠯᠲᠡ᠄ ᠬᠦᠯᠦᠨ ᠪᠤᠢ᠌ᠷ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ