ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠣᠯᠠᠨ ᠲᠦᠮᠡᠨ᠎ᠤ ᠰᠡᠳᠬᠢᠯ᠎ᠢ ᠠᠮᠤᠷᠵᠢᠭᠤᠯᠬᠤ 《ᠡᠩᠬᠡ ᠠᠮᠤᠭᠤᠯᠠᠩ᠎ᠤᠨ ᠣᠳᠣᠨ》 — ᠬᠤᠤ ᠰᠢᠶᠤᠤ ᠯᠢᠨ
ᠨᠡᠶ᠋ᠢᠲᠡᠯᠡᠭᠰᠡᠨ ᠴᠠᠭ᠄ 2023-11-07

      ᠬᠤᠤ ᠰᠢᠶᠤᠤ ᠯᠢᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠲᠤᠬᠠᠢ ᠣᠯᠤᠯᠲᠠ ᠲᠦᠷᠦᠭᠳᠡᠯ ᠵᠶ᠋ᠠᠨ ᠶᠠᠷᠢᠬᠤ᠎ᠳᠤ᠎ᠪᠠᠨ᠄ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠬᠤ᠎ᠪᠠᠷ ᠳᠠᠮᠵᠢᠭᠤᠯᠤᠨ᠂ ᠨᠠᠳᠠ᠎ᠳᠤ ᠭᠦᠨ ᠰᠠᠭᠤᠭᠳᠠᠯ ᠥᠭᠭᠦᠭᠰᠡᠨ ᠬᠤᠶ᠋ᠢᠰᠢᠳᠠ ᠵᠢᠨ ᠠᠵᠢᠯ ᠳᠤᠮᠳᠠ᠎ᠪᠠᠨ ᠪᠢ ᠤᠬ ᠰᠠᠨᠠᠭ᠎ᠠ᠎ᠪᠠᠨ ᠪᠣᠳᠠᠲᠤ ᠠᠵᠢᠯᠯᠠᠭ᠎ᠠ᠎ᠳᠤ᠎ᠪᠠᠨ ᠠᠭᠤᠰᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ

《ᠨᠠᠮ᠎ᠳᠤ᠎ᠪᠠᠨ ᠦᠨᠡᠨᠴᠢ ᠪᠠᠶ᠋ᠢᠬᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠤᠣᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶ᠋ᠢᠬᠤ》 ᠶᠡᠷᠦᠩᠬᠡᠢ ᠱᠠᠭ᠋ᠠᠷᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠰᠢᠨ᠎ᠡ ᠡᠭᠦᠷᠭᠡ ᠬᠠᠷᠢᠭᠤᠴᠠᠯᠭ᠎ᠠ ᠵᠢ ᠡᠪᠦᠷᠯᠡᠵᠦ᠂ ᠤᠬ ᠰᠠᠨᠠᠭ᠎ᠠ᠎ᠪᠠᠨ ᠦᠯᠦ ᠮᠠᠷᠲᠠᠬᠤ ᠰᠥᠰᠥ ᠵᠣᠷᠢᠭ ᠪᠣᠯᠤᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠵᠣᠷᠢᠭ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠠᠮᠤᠷ ᠠᠮᠤᠭᠤᠯᠠᠩ ᠰᠠᠶ᠋ᠢᠬᠠᠨ᠎ᠢ ᠪᠦᠳᠦᠭᠡᠨ ᠪᠠᠶ᠋ᠢᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ᠃

     2022 ᠣᠨ᠎ᠤ 1 ᠰᠠᠷ᠎ᠠ᠎ᠳᠤ᠂ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠦᠷᠦᠯ᠎ᠤᠨ ᠴᠠᠭᠳᠠᠭ᠎ᠠ ᠵᠢᠨ ᠶᠡᠭᠡ ᠠᠩᠬᠢ ᠪᠠᠶ᠋ᠢᠭᠤᠯᠤᠭᠳᠠᠵᠤ᠂ ᠬᠤᠤ ᠰᠢᠶᠤᠤ ᠯᠢᠨ ᠶᠡᠭᠡ ᠠᠩᠬᠢ ᠵᠢᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠪᠡ᠃

微信图片_20230223112236.png   


     ᠬᠠᠷᠢᠶᠠᠲᠤ ᠣᠷᠣᠨ᠎ᠤ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠬᠢᠷᠢ ᠲᠦᠪᠰᠢᠨ᠎ᠢ ᠴᠢᠩᠭ᠋ᠠᠳᠬᠠᠬᠤ᠂ ᠴᠠᠭᠳᠠᠭ᠎ᠠ ᠵᠢ ᠣᠯᠵᠤ ᠦᠵᠡᠬᠦ ᠨᠤᠷᠮ᠎ᠠ᠂ ᠬᠡᠷᠡᠭ ᠶᠠᠪᠤᠳᠠᠯ᠎ᠢ ᠬᠠᠮᠢᠶᠠᠷᠬᠤ ᠨᠤᠷᠮ᠎ᠠ ᠵᠢ ᠦᠨᠡᠨ ᠬᠦ᠌ ᠳᠡᠭᠡᠭᠰᠢᠯᠡᠭᠦᠯᠬᠦ ᠵᠢᠨ ᠲᠦᠯᠦᠭᠡ᠂ ᠬᠤᠤ ᠰᠢᠶᠤᠤ ᠯᠢᠨ ᠨᠡᠶ᠋ᠢᠭᠡᠮ᠎ᠤᠨ ᠲᠠᠯ᠎ᠠ ᠵᠢᠨ ᠲᠣᠭᠤᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ ᠠᠵᠢᠯ᠎ᠤᠨ ᠡᠭᠦᠷᠭᠡ ᠴᠢᠳᠠᠪᠬᠢ᠎ᠲᠠᠢ ᠤᠶᠠᠯᠳᠤᠭᠤᠯᠵᠤ᠂ ᠲᠣᠭᠤᠷᠢᠨ ᠴᠠᠭᠳᠠᠬᠤ ᠴᠠᠭᠳᠠᠭ᠎ᠠ ᠵᠢᠨ ᠬᠦᠴᠦᠨ᠎ᠤ ᠪᠠᠶ᠋ᠢᠷᠢᠯᠠᠭᠤᠯᠤᠯᠲᠠ᠂ ᠲᠣᠭᠤᠷᠢᠨ ᠴᠠᠭᠳᠠᠬᠤ ᠬᠡᠪᠴᠢᠶ᠎ᠡ ᠪᠣᠯᠤᠨ ᠲᠣᠭᠤᠷᠢᠨ ᠴᠠᠭᠳᠠᠬᠤ ᠴᠠᠭ᠎ᠤᠨ ᠲᠠᠯ᠎ᠠ᠎ᠪᠠᠷ ᠳᠤᠬᠢᠷᠠᠭᠤᠯᠤᠯᠳᠠ ᠬᠢᠭᠰᠡᠨ ᠪᠥᠭᠡᠳ ᠪᠡᠶ᠎ᠡ᠎ᠪᠠᠷ ᠵᠶ᠋ᠠᠨ ᠪᠦᠯᠬᠦᠮ ᠳᠠᠭ᠋ᠠᠭᠤᠯᠤᠨ ᠬᠠᠷᠢᠶ᠎ᠠ ᠣᠷᠣᠨ᠎ᠤ ᠭᠤᠣᠯᠳᠠᠯᠭ᠎ᠠ᠎ᠲᠠᠢ ᠣᠷᠣᠨ ᠪᠦᠰᠡ᠂ ᠨᠠᠷᠢᠨ ᠪᠤᠳᠤᠯᠢᠶᠠᠨᠲᠠᠢ ᠲᠠᠯᠠᠪᠤᠷ᠎ᠲᠤ 24 ᠴᠠᠭ᠎ᠤᠨ ᠲᠣᠭᠤᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ᠎ᠤ ᠬᠡᠷᠡᠭ ᠭᠠᠷᠬᠤ ᠨᠤᠷᠮ᠎ᠠ ᠵᠢ ᠮᠡᠳᠡᠭᠳᠡᠮ᠎ᠡ ᠪᠠᠭ᠋ᠠᠰᠬᠠᠵᠤ᠂ ᠨᠡᠶ᠋ᠢᠭᠡᠮ᠎ᠤᠨ ᠠᠮᠤᠷ ᠲᠦᠪᠰᠢᠨ ᠲᠣᠭᠲᠠᠭᠤᠨ᠎ᠢ ᠪᠦᠲᠦᠮᠵᠢᠲᠡᠢ ᠬᠠᠮᠠᠭ᠋ᠠᠯᠠᠪᠠ᠃

     2020 ᠣᠨ᠎ᠤ ᠡᠬᠢᠨ᠎ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠠᠴᠠ ᠨᠠᠭ᠋ᠠᠰᠢ᠂ ᠰᠠᠶ᠋ᠢᠬᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠢᠭ᠋ᠠᠪᠤᠷᠢ᠎ᠪᠠᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠬᠤᠪᠢᠶᠠᠷᠢ ᠠᠩᠬᠢ ᠵᠢ ᠵᠣᠬᠢᠶᠠᠨ ᠪᠠᠶ᠋ᠢᠭᠤᠯᠪᠠ᠃ ᠭᠤᠣᠯᠯᠠᠭᠴᠢ ᠬᠦᠴᠦᠨ ᠪᠣᠯᠤᠭᠰᠠᠨ᠎ᠤ ᠬᠤᠪᠢ᠎ᠳᠤ᠂ ᠮᠡᠳᠡᠭᠳᠡᠯ᠎ᠢ ᠣᠯᠤᠭᠰᠠᠨ᠎ᠠᠴᠠ ᠡᠬᠢᠯᠡᠨ᠂ ᠬᠤᠤ ᠰᠢᠶᠤᠤ ᠯᠢᠨ ᠵᠠᠯᠭ᠋ᠠᠭ᠎ᠠ᠎ᠪᠠᠷ 80 ᠭᠠᠷᠤᠢ ᠡᠳᠦᠷ ᠪᠠᠶ᠋ᠢᠯᠳᠤᠵᠤ᠂ ᠴᠠᠭ ᠢᠮᠠᠭᠲᠠ ᠪᠠᠶ᠋ᠢᠯᠳᠤᠭ᠋ᠠᠨ᠎ᠤ ᠪᠠᠶ᠋ᠢᠳᠠᠯ ᠵᠶ᠋ᠠᠨ ᠪᠠᠲᠤᠯᠠᠪᠠ᠃ 2020 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠣᠷᠣᠶ ᠵᠢᠨ 9 ᠴᠠᠭ᠎ᠤᠨ ᠦᠶ᠎ᠡ᠎ᠪᠠᠷ᠂ ᠬᠤᠪᠢᠶᠠᠷᠢ ᠲᠣᠪᠴᠢᠶ᠎ᠠ ᠵᠢᠨ ᠵᠢᠭ᠋ᠠᠪᠤᠷᠢ ᠵᠢ ᠲᠤᠰᠴᠤ᠂ ᠬᠠᠷᠢᠶᠠᠲᠤ ᠣᠷᠣᠨ᠎ᠤ ᠳᠣᠲᠣᠷᠠᠬᠢ ᠨᠢᠭᠡᠨ ᠲᠤᠰᠠᠭ᠋ᠠᠷᠯᠠᠬᠤ ᠲᠠᠯᠠᠪᠤᠷ᠎ᠤᠨ 110 ᠭᠠᠷᠤᠶ ᠨᠢᠭᠲᠠ ᠣᠶ᠋ᠢᠷᠠᠲᠤᠭᠰᠠᠳ᠎ᠢ ᠵᠢᠭ᠋ᠠᠨ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ᠎ᠳᠤ ᠬᠦᠷᠭᠡᠵᠦ ᠪᠡᠶ᠎ᠡ ᠵᠢᠨ ᠪᠠᠶ᠋ᠢᠴᠠᠭ᠋ᠠᠯᠲᠠ ᠬᠢᠯᠭᠡᠭᠰᠡᠨ᠎ᠤ ᠳᠠᠷᠠᠭ᠎ᠠ᠂ ᠲᠤᠰᠠᠭ᠋ᠠᠷᠯᠠᠬᠤ ᠲᠣᠭᠤᠷᠢᠭ᠎ᠲᠤ ᠠᠮᠤᠷ ᠲᠦᠪᠰᠢᠨ ᠵᠶ᠋ᠠᠷ ᠬᠦᠷᠭᠡᠵᠦ ᠥᠭᠬᠦ ᠬᠡᠷᠡᠭᠲᠡᠶ ᠭᠡᠵᠡᠶ᠃ ᠬᠤᠤ ᠰᠢᠶᠤᠤ ᠯᠢᠨ ᠬᠤᠰᠢᠭᠤᠴᠢ ᠠᠩᠬᠢ᠎ᠪᠠᠨ ᠳᠠᠭ᠋ᠠᠭᠤᠯᠤᠨ ᠬᠤᠶᠠᠳᠤᠭ᠋ᠠᠷ ᠡᠳᠦᠷ᠎ᠤᠨ ᠦᠳᠡ ᠪᠣᠯᠲᠠᠯ᠎ᠠ ᠶᠠᠭ᠋ᠠᠷᠠᠯᠳᠤᠵᠤ᠂ ᠪᠦᠬᠦᠯᠢ 15 ᠴᠠᠭ ᠵᠣᠭᠰᠣᠯ ᠦᠭᠡᠢ ᠠᠵᠢᠯᠯᠠᠵᠤ᠂ ᠡᠨᠡ ᠬᠦ᠌ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃

微信图片_20230223112309.jpg   


     2022 ᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠳᠤᠮᠳᠠ᠂ ᠲᠡᠷᠡ ᠭᠡᠰᠢᠭᠦᠳ᠎ᠲᠠᠢ᠎ᠪᠠᠨ ᠮᠥᠨ ᠯᠡ ᠨᠢᠭᠡᠳᠦᠭᠡᠷ ᠹᠷᠣᠨᠲ᠂ ᠰᠠᠭᠤᠭ᠋ᠠᠯᠢ ᠲᠣᠭᠤᠷᠢᠭ᠎ᠲᠤ ᠪᠢᠲᠡᠭᠦᠮᠵᠢᠯᠡᠨ ᠡᠵᠡᠮᠳᠡᠬᠦ᠂ ᠬᠥᠮᠦᠰ᠎ᠢ ᠰᠢᠯᠵᠢᠭᠦᠯᠦᠨ ᠵᠥᠭᠡᠭᠡᠪᠦᠷᠢᠯᠡᠬᠦ᠂ ᠬᠢᠵᠢᠭ᠎ᠤᠨ ᠪᠠᠶ᠋ᠢᠳᠠᠯ᠎ᠢ ᠦᠯᠡᠳᠡᠭᠡᠨ ᠠᠵᠢᠭᠯᠠᠬᠤ ᠪᠠᠭᠤᠳᠠᠯ᠎ᠳᠤ ᠵᠢᠵᠢᠭᠦᠷᠯᠡᠬᠦ ᠵᠢ ᠪᠠᠲᠤ ᠰᠠᠬᠢᠵᠤ᠂ ᠬᠠᠮᠢᠭ᠎ᠠ ᠬᠦᠴᠢᠷ ᠪᠡᠷᠬᠡᠰᠢᠶᠡᠯ ᠲᠤᠯᠭ᠋ᠠᠷᠠᠵᠤ᠂ ᠬᠠᠮᠢᠭ᠎ᠠ ᠠᠶᠤᠯ ᠲᠦᠭᠰᠢᠭᠦᠷᠢ ᠲᠤᠯᠭ᠋ᠠᠷᠠᠪᠠᠯ ᠲᠡᠨᠳᠡ ᠲᠡᠭᠦᠨ᠎ᠤ ᠪᠠᠷ᠎ᠠ ᠬᠠᠷᠠᠭᠳᠠᠨ᠎ᠠ᠃ ᠤᠷᠲᠤ ᠬᠤᠭᠤᠴᠠᠭ᠎ᠠ᠎ᠪᠠᠷ ᠦᠷᠭᠦᠯᠵᠢᠯᠡᠨ ᠠᠵᠢᠯᠯᠠᠭᠰᠠᠨ᠎ᠠᠴᠠ ᠨᠢᠳᠦᠨ᠎ᠤ ᠢᠷᠣᠭ᠋ᠠᠷ᠎ᠲᠤ ᠬᠦᠨᠳᠦ ᠨᠣᠴᠢᠲᠠᠶ ᠴᠢᠰᠤ ᠭᠠᠷᠤᠭᠰᠠᠨ᠎ᠳᠤ᠂ ᠬᠠᠮᠲᠤ ᠠᠵᠢᠯᠯᠠᠭᠴᠢ᠎ᠠᠴᠠ᠎ᠨᠢ ᠲᠡᠭᠦᠨ᠎ᠢ ᠠᠮᠠᠷᠠᠬᠤ ᠵᠢ ᠬᠢᠴᠢᠶᠡᠭᠡᠷᠡᠶ ᠭᠡᠵᠦ ᠢᠳᠬᠠᠭᠰᠠᠨ᠎ᠳᠤ᠂ ᠲᠡᠷᠡ ᠬᠠᠷᠢᠨ ᠡᠷᠡᠰ ᠰᠢᠭᠤᠷᠬᠠᠶ᠎ᠪᠠᠷ᠄ 《ᠡᠨᠡ ᠵᠢᠭ᠋ᠠᠬᠠᠨ ᠰᠢᠷᠬ᠎ᠠ ᠶᠠᠭᠤ ᠴᠤ᠌ ᠪᠢᠰᠢ᠂ ᠬᠢᠵᠢᠭ᠎ᠤᠨ ᠪᠠᠶ᠋ᠢᠳᠠᠯ ᠠᠷᠢᠯᠬᠤ ᠦᠭᠡᠢ ᠪᠣᠯ ᠪᠢ ᠤᠬᠤᠷᠢᠬᠤ ᠦᠭᠡᠢ》 ᠭᠡᠵᠦ ᠬᠡᠯᠡᠪᠡ᠃ ᠬᠤᠤ ᠰᠢᠶᠤᠤ ᠯᠢᠨ ᠤᠷᠢᠳ ᠬᠤᠵᠢᠳ ᠪᠦᠬᠦ ᠣᠷᠣᠨ᠎ᠤ ᠰᠢᠯᠢᠳᠡᠭ ᠠᠷᠠᠳ᠎ᠤᠨ ᠴᠠᠭᠳᠠᠭ᠎ᠠ᠂ 2022 ᠣᠨ᠎ᠳᠤ ᠥᠪᠦᠷ ᠮᠤᠩᠭᠤᠯ᠎ᠤᠨ 《ᠤᠮᠠᠷᠠᠲᠤ ᠬᠢᠯᠢ ᠵᠢ ᠳᠣᠭᠳᠣᠯᠤᠭᠤᠯᠤᠭᠰᠠᠨ · ᠬᠠᠮᠤᠭ᠎ᠠᠴᠠ ᠪᠠᠬᠠᠷᠬᠠᠯᠲᠠᠢ ᠴᠠᠭᠳᠠᠭ᠎ᠠ》᠂ ᠰᠢᠯᠢᠳᠡᠭ ᠴᠠᠭᠳᠠᠨ ᠲᠣᠭᠤᠷᠢᠬᠤ ᠠᠷᠠᠳ᠎ᠤᠨ ᠴᠠᠭᠳᠠᠭ᠎ᠠ ᠵᠢᠨ ᠢᠷᠠᠭᠤ ᠠᠯᠳᠠᠷ᠎ᠤᠨ ᠴᠣᠯᠠ ᠵᠢ ᠬᠦᠷᠳᠡᠪᠡ; ᠬᠤᠪᠢ ᠬᠥᠮᠦᠨ᠎ᠤ ᠨᠢᠭᠡᠳᠦᠭᠡᠷ ᠳᠡᠰ᠎ᠤᠨ ᠭᠠᠪᠢᠶ᠎ᠠ ᠵᠢ 1 ᠤᠳᠠᠭ᠎ᠠ᠂ ᠬᠤᠶᠠᠳᠤᠭ᠋ᠠᠷ ᠳᠡᠰ᠎ᠤᠨ ᠭᠠᠪᠢᠶ᠎ᠠ ᠵᠢ 2 ᠤᠳᠠᠭ᠎ᠠ᠂ ᠭᠤᠷᠪᠠᠳᠤᠭ᠋ᠠᠷ ᠳᠡᠰ᠎ᠤᠨ ᠭᠠᠪᠢᠶ᠎ᠠ ᠵᠢ 3 ᠤᠳᠠᠭ᠎ᠠ ᠳᠡᠮᠳᠡᠭᠯᠡᠭᠦᠯᠪᠡ᠃

 

  

 

ᠢᠷᠡᠯᠲᠡ᠄ ᠬᠦᠬᠡᠬᠤᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ