ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠰᠢᠳᠤᠷᠭᠤ ᠶᠣᠰᠣᠨ᠎ᠤ ᠲᠥᠯᠥᠭᠡ ᠳᠠᠭ᠋ᠠᠷᠢᠯᠲᠠ ᠶᠠᠪᠤᠭᠤᠯᠬᠤ ᠰᠦᠯᠵᠢᠶᠡᠨ᠎ᠤ ᠹᠷᠣᠨᠲ᠎ᠤᠨ 《ᠣᠯᠠᠨ ᠲᠠᠯ᠎ᠠ ᠵᠢᠨ ᠴᠢᠳᠠᠪᠤᠷᠢᠲᠠᠨ》 — ᠰᠢᠶᠤᠤ ᠲᠸᠩ ᠯᠦᠩ
ᠨᠡᠶ᠋ᠢᠲᠡᠯᠡᠭᠰᠡᠨ ᠴᠠᠭ᠄ 2023-11-07

      ᠲᠡᠷᠡ ᠶᠠᠯ᠎ᠠ ᠬᠢᠭᠰᠡᠨ ᠰᠡᠵᠢᠭᠳᠡᠨ᠎ᠲᠠᠢ ᠨᠢᠭᠤᠷᠲᠠᠨ ᠦᠵᠡᠯᠴᠡᠬᠦ᠎ᠨᠢ ᠮᠠᠰᠢ ᠴᠥᠭᠡᠨ ᠪᠠᠶ᠋ᠢᠳᠠᠭ ᠪᠣᠯᠪᠠᠴᠤ ᠬᠡᠷᠡᠭ᠎ᠢ ᠢᠯᠡᠷᠡᠭᠦᠯᠬᠦ ᠵᠠᠩᠭᠢᠯᠠᠭ᠎ᠠ ᠵᠢ ᠶᠡᠷᠦᠨᠢ ᠡᠷᠢᠵᠦ ᠣᠯᠳᠠᠭ᠂ ᠲᠡᠷᠡ ᠪᠣᠯ ᠳᠠᠷᠤᠶ ᠲᠦᠩᠯᠢᠶᠣᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠮᠡᠷᠭᠡᠵᠢᠯ᠎ᠤᠨ ᠳᠡᠩᠨᠡᠨ ᠪᠠᠶ᠋ᠢᠴᠠᠭ᠋ᠠᠬᠤ (ᠰᠦᠯᠵᠢᠶᠡᠨ᠎ᠤ ᠠᠮᠤᠷ ᠲᠦᠪᠰᠢᠨ᠎ᠤ) ᠰᠠᠯᠪᠤᠷᠢ ᠠᠩᠭᠢ ᠵᠢᠨ ᠳᠡᠳ᠋ ᠳᠠᠷᠤᠭ᠎ᠠ ᠰᠢᠶᠤᠤ ᠲᠸᠩ ᠯᠦᠩ ᠪᠣᠯᠤᠨ᠎ᠠ᠃ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠭᠰᠠᠨ 10 ᠵᠢᠯ᠎ᠤᠨ ᠲᠤᠷᠰᠢ᠂ ᠲᠡᠷᠡ ᠰᠢᠷᠭ᠋ᠠᠭᠤ ᠬᠠᠲᠠᠭᠤᠵᠢᠯᠲᠠᠶ ᠰᠤᠳᠤᠯᠵᠤ᠂ ᠰᠦᠯᠵᠢᠶ᠎ᠡ᠎ᠪᠠᠷ ᠴᠠᠭᠳᠠᠨ ᠪᠠᠶ᠋ᠢᠴᠠᠭ᠋ᠠᠬᠤ 《ᠬᠠᠷᠴᠠᠭ᠋ᠠᠶ ᠵᠢᠨ ᠨᠢᠳᠦ》 ᠵᠢ ᠪᠣᠯᠪᠠᠰᠤᠷᠠᠭᠤᠯᠵᠤ᠂ 《ᠰᠦᠯᠵᠢᠶ᠎ᠡ᠎ᠪᠠᠷ ᠳᠠᠯᠳᠠᠭᠤᠷ ᠪᠠᠶ᠋ᠢᠯᠳᠤᠬᠤ》 ᠶᠠᠪᠤᠴᠠ᠎ᠳᠤ ᠶᠠᠯ᠎ᠠ ᠬᠢᠭᠰᠡᠨ ᠰᠡᠵᠢᠭᠳᠡᠨ᠎ᠢ ᠶᠠᠭ᠋ᠠᠬᠢᠬᠤ ᠵᠢᠨ ᠴᠤ᠌ ᠠᠷᠭ᠎ᠠ ᠥᠬᠡᠶ ᠪᠣᠯᠭ᠋ᠠᠵᠠᠶ᠃

     2018 ᠣᠨ᠎ᠤ ᠡᠬᠢᠨ᠎ᠳᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠰᠦᠷ ᠳᠠᠯᠠᠶ᠋ᠢᠴᠠᠲᠠᠢ ᠲᠤᠰᠬᠠᠢ ᠲᠡᠮᠡᠴᠡᠯ ᠪᠦᠬᠦ ᠤᠯᠤᠰ᠎ᠤᠨ ᠬᠡᠪᠴᠢᠶᠡᠨ᠎ᠳᠤ ᠥᠷᠨᠢᠵᠦ᠂ ᠲᠦᠩᠯᠢᠶᠣᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠠᠮ᠎ᠤᠨ ᠲᠥᠪ ᠬᠣᠷᠢᠶ᠎ᠠ ᠪᠣᠯᠤᠨ ᠳᠡᠭᠡᠳᠦ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠪᠠᠶ᠋ᠢᠷᠢᠯᠠᠭᠤᠯᠤᠯᠲᠠ ᠲᠤᠬᠢᠷᠠᠭᠤᠯᠭ᠎ᠠ᠎ᠪᠠᠷ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠰᠢᠷᠦᠭᠦᠨ ᠴᠣᠬᠢᠯᠲᠠ ᠥᠭᠪᠡ᠃ ᠲᠤᠰᠬᠠᠢ ᠲᠡᠮᠡᠴᠡᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠰᠢᠶᠤᠤ ᠲᠧᠩ ᠯᠦᠩ ᠲᠤᠬᠠᠶ᠋ᠢᠯᠠᠭᠰᠠᠨ ᠠᠵᠢᠯ᠎ᠤᠨ ᠭᠤᠣᠯᠯᠠᠭᠴᠢ ᠬᠦᠴᠦᠨ ᠪᠣᠯᠤᠭᠰᠠᠨ᠎ᠤ ᠬᠤᠪᠢ᠎ᠳᠤ᠂ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠮᠡᠷᠭᠡᠵᠢᠯ ᠵᠶ᠋ᠠᠷ ᠲᠤᠯᠭ᠋ᠠᠭᠤᠷᠢᠯᠠᠯ ᠪᠣᠯᠭ᠋ᠠᠵᠤ᠂ ᠲᠦᠩᠯᠢᠶᠣᠤ ᠵᠢᠨ ᠬᠠᠷᠢᠶᠠᠨ᠎ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠤᠯᠪᠣᠭᠳᠠᠭᠰᠠᠨ ᠪᠦᠬᠦ ᠬᠡᠷᠡᠭ᠎ᠢ ᠲᠠᠩᠨᠠᠨ ᠰᠢᠢ᠍ᠳᠪᠦᠷᠢᠯᠡᠬᠦ ᠠᠵᠢᠯ᠎ᠳᠤ ᠣᠷᠣᠯᠴᠠᠵᠤ᠂ ᠤᠷᠢᠳ ᠬᠤᠵᠢᠳ ᠲᠦᠩᠯᠢᠶᠣᠤ ᠬᠤᠲᠠ ᠵᠢᠨ ᠬᠠᠷ᠎ᠠ ᠪᠦᠯᠦᠭ᠎ᠤᠨ ᠰᠢᠨᠵᠢ ᠴᠢᠨᠠᠷᠲᠠᠢ 7 ᠵᠣᠬᠢᠶᠠᠨ ᠪᠠᠶ᠋ᠢᠭᠤᠯᠤᠯᠲᠠ ᠵᠢᠨ ᠭᠤᠣᠯ ᠲᠦᠷᠦᠭᠦᠦ ᠵᠢᠴᠢ ᠡᠪᠰᠡᠯ ᠪᠦᠯᠦᠭ᠎ᠤᠨ ᠪᠦᠷᠢᠯᠳᠦᠬᠦᠨ᠎ᠢ 199 ᠪᠠᠷᠢᠪᠴᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ ᠵᠢᠨ ᠠᠮᠢᠨ ᠰᠦᠨᠡᠰᠦ ᠵᠢ᠎ᠨᠢ ᠰᠠᠷᠨᠢᠭᠤᠯᠪᠠ᠃

微信图片_20230223172630.jpg  


    ᠰᠢᠤᠸᠠᠢ ᠣᠪᠣᠭᠲᠤ ᠳᠡᠭᠡᠷ᠎ᠡ ᠵᠠᠭᠤᠨ᠎ᠤ ᠶᠡᠷᠡᠭᠡᠳ ᠣᠨ᠎ᠤ ᠡᠬᠢ᠎ᠪᠠᠷ ᠲᠦᠷᠢᠶᠡᠰᠦᠨ ᠮᠠᠰᠢᠨ ᠲᠡᠷᠭᠡᠨ᠎ᠤ ᠵᠢᠯᠣᠭᠤᠴᠢ ᠵᠢ ᠬᠢᠲᠤᠭ᠎ᠠ᠎ᠪᠠᠷ ᠰᠦᠷᠳᠡᠭᠦᠯᠦᠨ ᠰᠢᠬᠠᠮᠳᠠᠭᠤᠯᠤᠭᠰᠠᠨ᠎ᠠᠴᠠ ᠪᠤᠯᠵᠤ 3 ᠵᠢᠯ ᠬᠥᠳᠡᠯᠮᠦᠷᠢ᠎ᠪᠠᠷ ᠵᠠᠰᠠᠨ ᠬᠥᠮᠦᠵᠢᠭᠦᠯᠬᠦ᠎ᠪᠠᠷ ᠰᠢᠳᠭᠡᠭᠳᠡᠵᠦ᠂ ᠰᠡᠭᠦᠯᠡᠷ᠎ᠨᠢ ᠠᠵᠤ ᠠᠬᠤᠢ ᠵᠢᠨ ᠠᠰᠢᠭ ᠲᠤᠰᠠ᠂ ᠬᠦᠴᠦᠷᠬᠡᠭᠯᠡᠯ ᠵᠶ᠋ᠠᠷ ᠰᠦᠷᠳᠡᠭᠦᠯᠬᠦ ᠵᠡᠷᠭᠡ ᠠᠷᠭ᠎ᠠ ᠪᠠᠷᠢᠯ ᠵᠶ᠋ᠠᠷ ᠲᠦᠩᠯᠢᠶᠣᠤ᠎ᠳᠤ ᠨᠢᠭᠡ ᠪᠦᠯᠦᠭ ᠰᠤᠯᠠ ᠬᠥᠮᠦᠰ᠎ᠢ ᠴᠤᠭᠯᠠᠭᠤᠯᠵᠤ᠂ ᠠᠶᠠᠨᠴᠢᠳ᠎ᠤᠨ ᠲᠡᠭᠡᠭᠡᠪᠦᠷᠢ ᠵᠢᠨ ᠵᠠᠮ᠎ᠢ ᠭᠠᠭᠴᠠᠭ᠋ᠠᠷ ᠡᠵᠡᠮᠰᠢᠨ᠂ ᠭᠡᠷ ᠪᠠᠶ᠋ᠢᠰᠢᠩ ᠭᠠᠵᠠᠷ ᠰᠢᠷᠣᠢ ᠵᠢᠨ ᠬᠦᠷᠦᠩᠭᠡ ᠵᠢ ᠨᠡᠭᠡᠭᠡᠨ ᠠᠰᠢᠭᠯᠠᠬᠤ ᠬᠦᠷᠢᠶ᠎ᠡ᠎ᠳᠤ ᠣᠷᠣᠯᠴᠠᠵᠤ᠂ ᠵᠠᠯᠢ ᠮᠡᠬᠡ ᠵᠢᠨ ᠵᠢᠭᠡᠯᠡᠯᠭᠡ᠎ᠪᠠᠷ ᠮᠡᠬᠡᠯᠡᠬᠦ ᠪᠠ ᠬᠢᠬᠠᠨ ᠠᠪᠬᠤ ᠠᠵᠢᠯᠯᠠᠭ᠎ᠠ ᠬᠢᠵᠦ᠂ ᠠᠷᠪᠠᠨ ᠳ᠋ᠦᠩᠰᠢᠭᠤᠷ ᠰᠢᠬᠠᠮ ᠪᠡᠯᠡ ᠬᠦᠷᠦᠩᠭᠡ ᠵᠢ ᠬᠤᠷᠠᠮᠳᠤᠭᠤᠯᠵᠠᠢ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠢ ᠥᠷᠨᠢᠭᠦᠯᠦᠭᠰᠡᠨ᠎ᠤ ᠲᠠᠷᠠᠭ᠎ᠠ᠂ ᠰᠢᠤᠸᠠᠢ ᠣᠪᠣᠭᠲᠤ ᠲᠦᠩᠯᠢᠶᠣᠤ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠷᠢᠭᠦᠨ ᠴᠢᠬᠤᠯᠠ ᠬᠠᠷᠠᠯᠲᠠ ᠵᠢᠨ ᠨᠢᠭᠡ ᠪᠣᠯᠤᠭᠰᠠᠨ ᠪᠣᠯᠪᠠᠴᠤ ᠲᠡᠷᠡ ᠬᠠᠷᠢᠨ ᠭᠡᠨᠡᠳᠲᠡ 《ᠬᠥᠮᠦᠨ᠎ᠤ ᠣᠷᠴᠢᠯᠠᠩ᠎ᠤᠨ ᠠᠭᠤᠷᠰᠢᠯᠲᠠ》 ᠪᠣᠯᠪᠠ᠃ 《ᠪᠢᠳᠡ ᠯᠠᠪᠲᠠᠶ ᠨᠢᠭᠡ ᠰᠠᠷ᠎ᠠ ᠵᠢᠨ ᠳᠣᠲᠣᠷ᠎ᠠ ᠰᠢᠤᠸᠠᠢ ᠣᠪᠣᠭᠲᠤ ᠵᠢ ᠪᠠᠷᠢᠵᠤ ᠠᠪᠤᠨ᠎ᠠ!》 ᠰᠢᠶᠤᠤ ᠲᠸᠩ ᠯᠦᠩ ᠲᠠᠶ᠋ᠢᠴᠢᠨ ᠨᠥᠬᠦᠳ᠎ᠲᠠᠢ᠎ᠪᠠᠨ ᠶᠠᠮᠠᠷ ᠴᠤ᠌ ᠰᠦᠪᠡᠭᠴᠢ ᠵᠢ ᠴᠦ᠍ ᠠᠯᠳᠠᠯ ᠥᠬᠡᠶ᠎ᠪᠠᠷ ᠲᠤᠭ᠎ᠠ ᠲᠣᠮᠰᠢ ᠥᠬᠡᠶ᠎ᠪᠠᠷ ᠣᠯᠠᠨ ᠤᠳᠠᠭ᠎ᠠ ᠵᠢᠨ ᠠᠵᠢᠯ ᠵᠶ᠋ᠠᠷ ᠳᠡᠮᠵᠢᠨ ᠡᠴᠦᠰ᠎ᠲᠤ᠎ᠪᠠᠨ ᠮᠥᠷ ᠰᠤᠷᠠᠭ ᠣᠯᠵᠤ᠂ ᠰᠢᠤᠸᠠᠢ ᠣᠪᠣᠭᠲᠤ ᠵᠢᠨ ᠣᠷᠤᠨ ᠵᠣᠭᠰᠣᠴᠠ ᠵᠢ ᠠᠮᠵᠢᠯᠲᠠ᠎ᠲᠠᠢ᠎ᠪᠠᠷ ᠲᠣᠭᠲᠠᠭ᠋ᠠᠵᠤ᠂ ᠬᠡᠷᠡᠭ᠎ᠢ ᠭᠦᠨᠵᠡᠭᠡᠶ᠋ᠢᠷᠡᠭᠦᠯᠦᠨ ᠠᠬᠢᠭᠤᠯᠬᠤ᠎ᠳᠤ ᠬᠦᠴᠦᠲᠡᠶ ᠲᠦᠰᠢᠭ ᠲᠤᠯᠭ᠋ᠠᠭᠤᠷᠢ ᠬᠠᠩᠭ᠋ᠠᠭᠰᠠᠨ ᠪᠠᠶ᠋ᠢᠨ᠎ᠠ᠃ ᠲᠤᠰᠬᠠᠶ ᠬᠡᠷᠡᠭ᠎ᠤᠨ ᠳᠤᠭᠤᠶ᠋ᠢᠯᠠᠩ᠎ᠤᠨ᠎ᠬᠢᠨ ᠡᠴᠦᠰ᠎ᠲᠤ᠎ᠪᠠᠨ ᠲᠦᠩᠯᠢᠶᠣᠤ᠎ᠳᠤ ᠬᠤᠷᠢᠨ ᠵᠢᠯ ᠬᠥᠨᠳᠡᠯᠡᠨ ᠭᠤᠯᠳᠤ ᠠᠭ᠋ᠠᠰᠢᠯᠠᠵᠤ ᠪᠠᠶ᠋ᠢᠭᠰᠠᠨ ᠰᠢᠤᠸᠠᠢ ᠣᠪᠣᠭᠲᠤ ᠵᠢ ᠪᠠᠷᠢᠪᠴᠢᠯᠠᠵᠤ ᠠᠪᠴᠢᠷᠠᠪᠠ᠃

    1998 ᠣᠨ᠎ᠤ 4 ᠰᠠᠷ᠎ᠠ ᠵᠢᠨ ᠨᠢᠭᠡᠨ ᠡᠳᠦᠷ᠂ ᠲᠦᠩᠯᠢᠶᠣᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠵᠠᠮ᠎ᠢ ᠲᠦᠢ᠍ᠯᠪᠤᠷᠢᠲᠠᠶ ᠭᠠᠭᠴᠠᠭ᠋ᠠᠷ ᠡᠵᠡᠮᠰᠢᠬᠦ ᠵᠢᠨ ᠲᠥᠯᠥᠭᠡ᠂ ᠰᠢᠤᠸᠠᠢ ᠣᠪᠣᠭᠲᠤ᠂ ᠯᠢᠦ ᠣᠪᠣᠭᠲᠤ ᠵᠢᠨ ᠳᠠᠭ᠋ᠠᠯᠲᠠ᠎ᠨᠢ 《ᠬᠠᠮᠢᠶᠠᠷᠤᠯᠲᠠ ᠵᠢ ᠳᠠᠭ᠋ᠠᠬᠤ ᠦᠭᠡᠶ》 ᠬᠡᠮᠡᠨ ᠬᠠᠨ ᠣᠪᠣᠭᠲᠤ ᠵᠢ ᠴᠠᠪᠴᠢᠨ ᠰᠢᠷᠬᠠᠳᠤᠭᠤᠯᠵᠤ᠂ ᠯᠢᠦ ᠣᠪᠣᠭᠲᠤ ᠪᠠᠰᠠ ᠠᠪᠠ ᠵᠢᠨ ᠫᠤᠤ᠎ᠪᠠᠷ ᠬᠠᠨ ᠣᠪᠣᠭᠲᠤ ᠵᠢ ᠫᠤᠤᠳᠠᠵᠤ ᠠᠯᠠᠭᠰᠠᠨ᠎ᠤ ᠳᠠᠷᠠᠭ᠎ᠠ ᠶᠠᠯ᠎ᠠ᠎ᠠᠴᠠ᠎ᠪᠠᠨ ᠠᠶᠤᠵᠤ ᠣᠷᠭᠤᠨ ᠳᠤᠲᠠᠭ᠋ᠠᠭ᠋ᠠᠳ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠳᠤ B ᠳᠡᠰ᠎ᠤᠨ ᠣᠷᠭᠤᠳᠠᠭᠤᠯ ᠬᠡᠷᠡᠭᠲᠡᠨ ᠵᠶ᠋ᠠᠷ ᠵᠢᠭᠰᠠᠭ᠋ᠠᠭᠳᠠᠵᠠᠶ᠃

微信图片_20230223172644.jpg  


     ᠬᠠᠷᠭᠢᠰᠴᠤᠳ᠎ᠢ ᠵᠠᠯᠬᠠᠭ᠋ᠠᠵᠤ ᠬᠠᠷᠭᠢᠰ ᠬᠦᠴᠦᠨ᠎ᠢ ᠠᠷᠢᠯᠭ᠋ᠠᠬᠤ᠎ᠳᠤ ᠵᠠᠶ᠋ᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ᠎ᠲᠠᠢ ᠶᠤᠮ᠃ ᠲᠦᠩᠯᠢᠶᠣᠤ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠦᠬᠦ ᠴᠠᠭᠳᠠᠭ᠋ᠠᠨ᠎ᠤ ᠬᠦᠴᠦᠨ ᠵᠶ᠋ᠠᠷ ᠯᠢᠦ ᠣᠪᠣᠭᠲᠤ ᠵᠢ ᠪᠠᠷᠢᠪᠴᠢᠯᠠᠬᠤ ᠠᠵᠢᠯᠯᠠᠭ᠎ᠠ ᠵᠢ ᠳᠠᠬᠢᠨ ᠡᠬᠢᠯᠡᠭᠦᠯᠪᠡ᠃ ᠭᠡᠪᠡᠴᠦ ᠬᠡᠷᠡᠭ᠎ᠢ ᠳᠡᠩᠨᠡᠨ ᠢᠯᠡᠷᠡᠭᠦᠯᠬᠦ᠎ᠳᠤ ᠬᠤᠯᠪᠣᠭᠳᠠᠬᠤ ᠪᠦᠲᠦᠮᠵᠢᠲᠡᠶ ᠮᠡᠳᠡᠭᠡ ᠵᠠᠩᠭᠢ ᠮᠠᠰᠢ ᠴᠥᠭᠡᠨ ᠪᠠᠢ᠌ᠵᠤ᠂ ᠡᠨᠡ᠎ᠨᠢ ᠬᠡᠷᠡᠭ᠎ᠢ ᠳᠡᠩᠨᠡᠨ ᠢᠯᠡᠷᠡᠭᠦᠯᠬᠦ᠎ᠳᠤ ᠲᠦᠢ᠍ᠯ᠎ᠤᠨ ᠶᠡᠭᠡ ᠬᠦᠴᠢᠷᠳᠡᠯ ᠤᠴᠠᠷᠠᠭᠤᠯᠪᠠ᠃ ᠲᠦᠩᠯᠢᠶᠣᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠂ ᠬᠠᠲᠠᠭᠤ ᠳᠠᠶ᠋ᠢᠯᠠᠯᠳᠤᠭ᠋ᠠᠨ᠎ᠢ ᠲᠤᠰᠬᠠᠶ᠋ᠢᠯᠠᠨ ᠬᠢᠳᠡᠭ ᠳᠡᠩᠨᠡᠨ ᠪᠠᠶ᠋ᠢᠴᠠᠭ᠋ᠠᠬᠤ ᠬᠤᠰᠢᠭᠤᠴᠢ — ᠰᠢᠶᠤᠤ ᠲᠧᠩ ᠯᠦᠩ᠎ᠢ ᠪᠤᠳᠤᠵᠤ ᠤᠯᠪᠠ᠃ ᠡᠭᠦᠷᠭᠡ ᠵᠢ ᠬᠦᠯᠢᠶᠡᠨ ᠠᠪᠤᠭᠰᠠᠨ᠎ᠤ ᠳᠠᠷᠠᠭ᠎ᠠ᠂ ᠰᠢᠶᠤᠤ ᠲᠸᠩ ᠯᠦᠩ ᠲᠡᠷᠡ ᠳᠠᠷᠤᠢ᠎ᠳᠤ᠎ᠨᠢ ᠰᠤᠳᠤᠯᠤᠨ ᠮᠠᠭ᠋ᠠᠳᠯᠠᠬᠤ ᠠᠵᠢᠯ᠎ᠢ ᠥᠷᠨᠢᠭᠦᠯᠵᠦ᠂ ᠬᠠᠭ᠋ᠠᠰ ᠵᠢᠯ᠎ᠤᠨ ᠰᠢᠷᠭ᠋ᠠᠭᠤ ᠬᠠᠲᠠᠭᠤᠵᠢᠯᠲᠠᠢ ᠠᠵᠢᠯ᠎ᠢ ᠥᠩᠭᠡᠷᠡᠭᠡᠭᠡᠳ᠂ ᠡᠴᠦᠰ᠎ᠲᠤ᠎ᠪᠠᠨ ᠶᠡᠭᠡ ᠬᠡᠮᠵᠢᠶᠡᠨ᠎ᠤ ᠲᠤᠭ᠎ᠠ ᠪᠠᠷᠢᠮᠲᠠ᠎ᠠᠴᠠ ᠤᠯᠠ ᠮᠥᠷ᠎ᠢ᠎ᠨᠢ ᠣᠯᠵᠤ ᠮᠡᠳᠡᠵᠡᠢ᠃ ᠡᠨᠡ ᠬᠦ᠌ ᠰᠡᠷᠭᠡᠭ ᠮᠡᠳᠡᠭᠡ ᠵᠠᠩᠭᠢ ᠵᠢ ᠣᠯᠤᠭᠰᠠᠨ᠎ᠤ ᠳᠠᠷᠠᠭ᠎ᠠ᠂ ᠰᠢᠶᠤᠤ ᠲᠸᠩ ᠯᠦᠩ ᠦᠷᠭᠦᠯᠵᠢᠯᠡᠨ ᠭᠦᠨ ᠠᠭᠤᠳᠠᠯᠤᠨ ᠰᠤᠳᠤᠯᠵᠤ ᠮᠠᠭ᠋ᠠᠳᠯᠠᠭ᠋ᠠᠳ᠂ ᠨᠢᠭᠡ ᠬᠦᠮᠦᠨ᠎ᠤ ᠳᠦᠷᠢ ᠳᠥᠷᠬᠦ᠎ᠨᠢ ᠬᠠᠲᠠᠭᠤᠵᠢᠯᠲᠠᠶ ᠡᠷᠢᠵᠦ ᠪᠠᠶ᠋ᠢᠭᠰᠠᠨ ᠯᠢᠦ ᠣᠪᠣᠭᠲᠤ᠎ᠲᠠᠢ ᠳᠡᠭᠡᠳᠦ ᠬᠡᠮᠵᠢᠶ᠎ᠡ᠎ᠪᠠᠷ ᠠᠳᠠᠯᠢᠪᠲᠤᠷ ᠪᠠᠶ᠋ᠢᠬᠤ ᠵᠢ ᠢᠯᠡᠷᠡᠭᠦᠯᠪᠡ᠃ ᠭᠡᠲᠡᠯ᠎ᠡ ᠡᠨᠡ ᠬᠥᠮᠦᠨ ᠨᠢᠭᠡᠨᠲᠡ ᠨᠢᠭᠤᠴᠠ᠎ᠪᠠᠷ ᠮᠠᠯᠠᠶ᠋ᠢᠰᠢᠶ᠎ᠠ᠎ᠳᠤ ᠬᠤᠯᠠᠭᠤᠨ ᠬᠦᠷᠪᠡ᠃ ᠤᠯᠠᠮ ᠨᠢᠭᠡ ᠠᠯᠬᠤᠮ ᠨᠠᠷᠢᠨ ᠨᠢᠮᠪᠠᠶ ᠲᠤᠷᠰᠢᠨ ᠪᠠᠶ᠋ᠢᠴᠠᠭ᠋ᠠᠬᠤ᠎ᠪᠠᠷ ᠳᠡᠮᠵᠢᠨ᠂ ᠲᠣᠰ ᠬᠥᠮᠦᠨ᠎ᠤ ᠬᠢᠭᠰᠡᠨ ᠬᠠᠭᠤᠷᠮᠠᠭ ᠫᠠᠰᠫᠣᠷᠲ᠎ᠤᠨ ᠲᠥᠷᠥᠭᠰᠡᠨ ᠡᠳᠦᠷ ᠬᠤᠭᠤᠴᠠᠭ᠎ᠠ᠎ᠨᠢ ᠯᠢᠦ ᠣᠪᠣᠭᠲᠤ ᠵᠢᠨ ᠲᠥᠷᠥᠭᠰᠡᠨ ᠡᠳᠦᠷ᠎ᠤᠨ ᠪᠠᠶᠠᠷ᠎ᠲᠠᠢ ᠠᠳᠠᠯᠢ ᠪᠠᠶ᠋ᠢᠬᠤ ᠵᠢ ᠰᠢᠶᠤᠤ ᠲᠸᠩ ᠯᠦᠩ ᠣᠯᠵᠤ ᠮᠡᠳᠡᠪᠡ᠃ ᠡᠨᠡ᠎ᠨᠢ ᠲᠤᠰᠬᠠᠶ ᠬᠡᠷᠡᠭ᠎ᠤᠨ ᠴᠠᠭᠳᠠᠭ᠎ᠠ᠎ᠳᠤ ᠬᠡᠷᠡᠭ᠎ᠢ ᠳᠡᠩᠨᠡᠨ ᠢᠯᠡᠷᠡᠭᠦᠯᠬᠦ ᠥᠷ᠎ᠤᠨ ᠲᠤᠶᠠᠭ᠎ᠠ ᠵᠢ ᠳᠠᠬᠢᠨᠲᠠ ᠬᠠᠷᠠᠭᠤᠯᠵᠠᠶ᠃ ᠤᠯᠠᠮ ᠨᠢᠭᠡ ᠠᠯᠬᠤᠮ ᠠᠵᠢᠯᠯᠠᠬᠤ᠎ᠪᠠᠷ ᠳᠡᠮᠵᠢᠨ᠂ ᠲᠤᠰᠬᠠᠶ ᠬᠡᠷᠡᠭ᠎ᠤᠨ ᠳᠤᠭᠤᠶ᠋ᠢᠯᠠᠩ᠎ᠤᠨ᠎ᠬᠢᠨ ᠯᠢᠦ ᠣᠪᠣᠭᠲᠤ ᠵᠢᠨ ᠣᠨᠣᠪᠴᠢᠲᠠᠶ ᠬᠠᠶᠢᠭ᠎ᠢ ᠠᠮᠵᠢᠯᠲᠠᠲᠠᠶ ᠲᠣᠭᠲᠠᠭ᠋ᠠᠵᠤ᠂ ᠳᠠᠪᠬᠤᠷ ᠳᠠᠪᠬᠤᠷ ᠬᠠᠷᠰᠢ ᠰᠠᠭ᠋ᠠᠳ᠎ᠢ ᠢᠯᠠᠨ ᠳᠠᠪᠠᠵᠤ᠂ ᠡᠴᠦᠰ᠎ᠲᠤ᠎ᠪᠠᠨ 21 ᠵᠢᠯ ᠤᠷᠭᠤᠨ ᠳᠤᠲᠠᠭ᠋ᠠᠭᠰᠠᠨ ᠬᠠᠷ᠎ᠠ ᠪᠦᠯᠦᠭ᠎ᠲᠤ ᠬᠤᠯᠪᠣᠭᠳᠠᠭᠰᠠᠨ ᠠᠮᠢᠨ ᠬᠡᠷᠡᠭ᠎ᠤᠨ ᠣᠷᠭᠤᠳᠠᠭᠤᠯ ᠶᠠᠯᠠᠲᠠᠨ ᠯᠢᠦ ᠣᠪᠣᠭᠲᠤ ᠵᠢ ᠮᠠᠯᠠᠶ᠋ᠢᠰᠢᠶ᠎ᠠ ᠵᠢᠨ ᠺᠦᠸᠠᠯᠠ ᠯᠦᠮᠫᠦ᠋ᠷ᠎ᠠᠴᠠ ᠪᠠᠷᠢᠵᠤ ᠠᠪᠤᠭ᠋ᠠᠳ ᠤᠯᠤᠰ᠎ᠲᠤ᠎ᠪᠠᠨ ᠠᠪᠴᠢᠷᠠᠪᠠ᠃

    2017 ᠣᠨ᠎ᠳᠤ᠂ ᠲᠦᠩᠯᠢᠶᠣᠤ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠠᠭᠳᠠᠭ᠋ᠠᠨ᠎ᠤ ᠬᠦᠴᠦᠨ᠎ᠢ ᠰᠢᠯᠢᠳᠡᠭᠴᠢᠯᠡᠨ ᠲᠠᠲᠠᠵᠤ᠂ ᠶᠠᠮᠤᠨ᠎ᠤ ᠬᠢᠨᠠᠨ ᠪᠠᠶ᠋ᠢᠴᠠᠭ᠋ᠠᠭᠴᠢ ᠵᠢᠨ ᠬᠢᠯᠢ ᠠᠯᠤᠰᠯᠠᠭᠰᠠᠨ ᠰᠦᠯᠵᠢᠶ᠎ᠡ᠎ᠪᠠᠷ ᠵᠣᠭᠤᠰ ᠮᠥᠷᠦ᠋ᠢ᠍ᠴᠡᠬᠦ ᠲᠤᠰᠬᠠᠢ ᠬᠡᠷᠡᠭ᠎ᠢ ᠪᠦᠬᠦ ᠬᠦᠴᠦᠨ ᠵᠶ᠋ᠠᠷ ᠵᠶ᠋ᠠᠨ ᠳᠡᠩᠨᠡᠨ ᠰᠢᠢ᠍ᠳᠪᠦᠷᠢᠯᠡᠪᠡ᠃ ᠳᠤᠰ ᠬᠡᠷᠡᠭ᠎ᠤᠨ ᠬᠡᠷᠡᠭ᠎ᠲᠤ ᠬᠤᠯᠪᠣᠭᠳᠠᠭᠰᠠᠨ ᠦᠷᠳᠡᠭ᠎ᠨᠢ 3.6 ᠳ᠋ᠦᠩᠰᠢᠭᠤᠷ ᠲᠥᠭᠦᠷᠢᠭ᠎ᠢ ᠳᠠᠪᠠᠵᠤ᠂ ᠰᠦᠯᠵᠢᠶᠡᠨ᠎ᠤ ᠦᠢ᠍ᠯᠡᠴᠢᠯᠡᠭᠦᠷ᠎ᠢ ᠬᠢᠯᠢ ᠵᠢᠨ ᠭᠠᠳᠠᠨ᠎ᠠ ᠤᠭᠰᠠᠷᠠᠵᠤ᠂ ᠬᠡᠷᠡᠭ᠎ᠲᠤ ᠬᠤᠯᠪᠣᠭᠳᠠᠭᠰᠠᠨ ᠬᠥᠮᠦᠰ ᠪᠦᠬᠦ ᠤᠯᠤᠰ᠎ᠤᠨ 14 ᠮᠤᠵᠢ ᠬᠤᠳᠠ᠎ᠳᠤ ᠲᠦᠭᠡᠵᠦ᠂ ᠳᠡᠩᠨᠡᠨ ᠰᠢᠢ᠍ᠳᠪᠦᠷᠢᠯᠡᠬᠦ᠎ᠳᠤ ᠮᠠᠰᠢ ᠬᠦᠴᠢᠷᠳᠡᠯᠳᠡᠢ ᠪᠠᠢ᠌ᠯ᠎ᠠ᠃ ᠮᠡᠷᠭᠡᠵᠢᠯ᠎ᠤᠨ ᠭᠤᠣᠯᠯᠠᠭᠴᠢ ᠪᠣᠯᠤᠭᠰᠠᠨ᠎ᠤ ᠬᠤᠪᠢ᠎ᠳᠤ᠂ ᠰᠢᠶᠤᠤ ᠲᠧᠩ ᠯᠦᠩ᠎ᠢ ᠲᠤᠰᠬᠠᠢ ᠬᠡᠷᠡᠭ᠎ᠤᠨ ᠳᠤᠭᠤᠶ᠋ᠢᠯᠠᠩ᠎ᠳᠤ ᠰᠢᠯᠵᠢᠭᠦᠯᠦᠨ ᠠᠪᠴᠢᠷᠠᠵᠤ ᠲᠤᠭ᠎ᠠ ᠪᠠᠷᠢᠮᠲᠠ ᠵᠢ ᠰᠤᠳᠤᠯᠤᠨ ᠮᠠᠭ᠋ᠠᠳᠯᠠᠬᠤ ᠠᠵᠢᠯ᠎ᠢ ᠬᠠᠷᠢᠭᠤᠴᠠᠭᠤᠯᠵᠠᠢ᠃ ᠲᠡᠷᠡ ᠬᠡᠳᠦᠨ ᠠᠷᠪᠠᠨ ᠡᠳᠦᠷ ᠵᠠᠯᠭ᠋ᠠᠭ᠎ᠠ᠎ᠪᠠᠷ ᠪᠠᠢ᠌ᠯᠳᠤᠵᠤ᠂ ᠡᠳᠦᠷ ᠪᠦᠷᠢ 10 ᠭᠠᠷᠤᠶ ᠴᠠᠭ ᠠᠵᠢᠯᠯᠠᠨ᠂ ᠭᠤᠷᠪᠠᠨᠲᠠ ᠶᠦᠨᠨᠠᠨ᠎ᠤ ᠰᠢᠱ᠌ᠤᠸᠠᠩᠪᠠᠨᠨᠠ᠎ᠳᠤ ᠬᠦᠷᠴᠦ᠂ ᠠᠵᠢᠯᠲᠠᠨ᠎ᠤ ᠬᠡᠯᠬᠢᠶ᠎ᠡ ᠪᠠ ᠪᠡᠯᠡ ᠮᠥᠩᠭᠦᠨ᠎ᠤ ᠬᠡᠯᠬᠢᠶ᠎ᠡ ᠵᠢᠨ ᠱᠤᠭᠤᠮ᠎ᠤᠨ ᠲᠣᠭᠤᠷᠢᠨ᠎ᠳᠤ᠂ ᠭᠤᠣᠯᠳᠠᠯᠭ᠎ᠠ᠎ᠲᠠᠢ ᠠᠵᠢᠯᠲᠠᠨ᠎ᠤ ᠰᠦᠯᠵᠢᠶᠡᠨ᠎ᠳᠤ ᠬᠤᠯᠪᠣᠭᠳᠠᠭᠰᠠᠨ ᠰᠦᠪᠡᠭᠴᠢ ᠵᠢ 10 ᠲᠦᠮᠡ ᠭᠠᠷᠤᠶ ᠰᠤᠳᠤᠯᠤᠨ ᠮᠠᠭ᠋ᠠᠳᠯᠠᠵᠤ ᠵᠠᠳᠠᠯᠤᠨ ᠰᠢᠨᠵᠢᠯᠡᠵᠦ᠂ ᠡᠭᠦᠨ᠎ᠤ ᠳᠤᠮᠳᠠ᠎ᠠᠴᠠ 200 ᠭᠠᠷᠤᠶ ᠬᠠᠭᠤᠷᠮᠠᠭ ᠪᠡᠶ᠎ᠡ ᠵᠢᠨ ᠭᠠᠷᠤᠯ᠎ᠢ ᠰᠣᠩᠭᠤᠨ ᠭᠠᠷᠭ᠋ᠠᠵᠤ᠂ ᠵᠣᠭᠤᠰ ᠮᠦᠷᠦᠢ᠌ᠴᠡᠬᠦ ᠰᠦᠯᠵᠢᠶᠡᠨ ᠥᠷᠲᠡᠭᠡᠨ᠎ᠤ ᠠᠵᠢᠯᠲᠠᠨ᠎ᠤ ᠸᠢᠴᠠᠲ᠂ QQ ᠨᠤᠮᠸᠷ 66 ᠪᠠᠶ᠋ᠢᠵᠤ᠂ ᠪᠥᠬᠦ ᠤᠯᠤᠰ᠎ᠤᠨ ᠣᠷᠣᠯᠠᠭᠴᠢ 161 ᠬᠥᠮᠦᠨ ᠪᠠᠢ᠌ᠪᠠ᠃ ᠢᠯᠠᠩᠭᠤᠶ᠎ᠠ ᠡᠭᠦᠨ᠎ᠤ ᠳᠣᠲᠣᠷ᠎ᠠ᠎ᠠᠴᠠ ᠰᠦᠯᠵᠢᠶᠡᠨ ᠳᠡᠭᠡᠷᠡᠬᠢ ᠵᠣᠭᠤᠰ ᠮᠦᠷᠦᠢ᠌ᠴᠡᠬᠦ ᠰᠦᠯᠵᠢᠶᠡᠨ ᠥᠷᠲᠡᠭᠡᠨ᠎ᠤ ᠠᠵᠢᠯᠯᠠᠭᠤᠯᠵᠤ ᠬᠠᠮᠠᠭ᠋ᠠᠯᠠᠬᠤ ᠪᠦᠯᠬᠦᠮ᠎ᠤᠨ ᠭᠤᠤᠯᠳᠠᠯᠭ᠎ᠠ᠎ᠲᠠᠢ ᠠᠵᠢᠯᠲᠠᠨ᠎ᠤ ᠦᠨᠡᠨ ᠪᠡᠶ᠎ᠡ ᠵᠢᠨ ᠬᠡᠮ᠂ ᠠᠵᠢᠯᠯᠠᠭ᠎ᠠ ᠬᠢᠬᠦ ᠭᠠᠵᠠᠷ ᠪᠠ ᠬᠡᠷᠡᠭ᠎ᠲᠤ ᠬᠤᠯᠪᠣᠭᠳᠠᠭᠰᠠᠨ ᠵᠣᠭᠤᠰ ᠮᠦᠷᠦᠢ᠌ᠴᠡᠬᠦ ᠲᠠᠯᠠᠪᠤᠷ᠎ᠤᠨ ᠪᠣᠳᠠᠲᠠᠶ ᠣᠷᠣᠨ ᠪᠠᠶ᠋ᠢᠷᠢ᠂ ᠵᠣᠬᠢᠶᠠᠨ ᠪᠠᠶ᠋ᠢᠭᠤᠯᠤᠯᠲᠠ ᠵᠢᠨ ᠪᠦᠲᠦᠴᠡ᠂ ᠠᠵᠢᠯᠲᠠᠨ᠎ᠤ ᠪᠠᠶ᠋ᠢᠳᠠᠯ᠎ᠢ ᠲᠣᠳᠣᠷᠬᠠᠶ ᠲᠣᠭᠲᠠᠭ᠋ᠠᠵᠤ᠂ ᠲᠤᠰᠬᠠᠶ ᠬᠡᠷᠡᠭ᠎ᠤᠨ ᠳᠤᠭᠤᠶ᠋ᠢᠯᠠᠩ᠎ᠤᠨ ᠡᠴᠦᠰ᠎ᠲᠤ᠎ᠪᠠᠨ ᠰᠡᠵᠢᠭᠳᠡᠢ ᠡᠳᠡᠭᠡᠳ᠎ᠢ ᠪᠠᠷᠢᠪᠴᠢᠯᠠᠬᠤ᠎ᠳᠤ ᠵᠠᠩᠭᠢᠯᠠᠭ᠎ᠠ ᠵᠢᠨ ᠭᠤᠭᠴᠤᠭ᠎ᠠ ᠵᠢ ᠨᠡᠪᠲᠡᠷᠡᠭᠦᠯᠵᠡᠶ᠃ 2019 ᠣᠨ᠎ᠳᠤ᠂ ᠹᠠᠨ ᠣᠪᠣᠭᠲᠤ ᠵᠡᠷᠭᠡ ᠬᠥᠮᠦᠰ ᠲᠦᠩᠯᠢᠶᠣᠤ ᠬᠤᠲᠠ ᠵᠢᠨ ᠨᠡᠭᠡᠭᠡᠯᠲᠡ ᠵᠢᠨ ᠲᠣᠭᠤᠷᠢᠭ᠎ᠤᠨ ᠨᠢᠭᠡᠨ ᠵᠢᠵᠢᠭ ᠲᠣᠭᠤᠷᠢᠭ᠎ᠲᠤ ᠨᠢᠭᠤᠴᠠ᠎ᠪᠠᠷ ᠡᠵᠡᠩᠨᠡᠯᠲᠡ ᠵᠢᠨ ᠦᠨᠡᠮᠯᠡᠯ ᠥᠬᠡᠶ ᠵᠢᠰᠦ ᠭᠤᠶᠣᠯᠠᠬᠤ ᠭᠠᠵᠠᠷ ᠭᠠᠷᠭ᠋ᠠᠵᠤ᠂ ᠬᠤᠳᠠᠯᠳᠤᠨ ᠠᠪᠤᠭᠴᠢᠳ᠎ᠲᠤ ᠬᠢᠨᠠᠨ ᠵᠥᠪᠰᠢᠶᠡᠷᠡᠭᠦᠯᠦᠭᠰᠡᠨ ᠥᠬᠡᠶ ᠭᠠᠳᠠᠭ᠋ᠠᠳᠤ᠎ᠠᠴᠠ ᠣᠷᠣᠭᠤᠯᠤᠭᠰᠠᠨ ᠡᠮ᠎ᠤᠨ ᠵᠦᠢ᠍ᠯ᠎ᠢ ᠬᠡᠷᠡᠭᠯᠡᠭᠦᠯᠵᠦ᠂ ᠮᠠᠰᠢ ᠣᠯᠠᠨ ᠬᠤᠳᠠᠯᠳᠤᠨ ᠠᠪᠤᠭᠴᠢ ᠬᠡᠷᠡᠭᠯᠡᠭᠰᠡᠨ᠎ᠤ ᠳᠠᠷᠠᠭ᠎ᠠ ᠮᠠᠭᠤ ᠨᠥᠯᠥᠭᠡ ᠭᠠᠷᠴᠤ᠂ ᠳᠠᠷᠠᠭ᠎ᠠ᠎ᠨᠢ ᠴᠠᠭᠳᠠᠭ᠎ᠠ᠎ᠳᠤ ᠮᠡᠳᠡᠭᠦᠯᠵᠡᠶ᠃ ᠡᠮ᠎ᠤᠨ ᠵᠦᠢ᠍ᠯ᠎ᠤᠨ ᠢᠷᠡᠯᠲᠡ ᠵᠢ ᠪᠠᠶ᠋ᠢᠴᠠᠭ᠋ᠠᠨ ᠳᠣᠲᠣᠯᠠᠬᠤ ᠵᠢᠨ ᠲᠥᠯᠥᠭᠡ᠂ ᠲᠣᠰ ᠬᠡᠷᠡᠭ᠎ᠢ ᠰᠢᠢ᠍ᠳᠪᠦᠷᠢᠯᠡᠬᠦ᠎ᠪᠠᠷ ᠭᠥᠯᠢᠶᠡᠨ ᠠᠪᠤᠭᠰᠠᠨ ᠨᠡᠭᠡᠭᠡᠨ ᠬᠥᠭᠵᠢᠭᠦᠯᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ᠎ᠠᠴᠠ ᠲᠣᠰ ᠬᠡᠷᠡᠭ᠎ᠢ ᠲᠤᠬᠠᠶ ᠵᠢᠨ ᠦᠶ᠎ᠡ ᠵᠢᠨ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠰᠠᠯᠪᠤᠷᠢ ᠠᠩᠭᠢ ᠵᠢᠨ ᠠᠷᠠᠳ᠎ᠤᠨ ᠴᠠᠭᠳᠠᠭ᠎ᠠ ᠰᠢᠶᠤᠤ ᠲᠸᠩ ᠯᠦᠩ᠎ᠤᠨ ᠭᠠᠷ᠎ᠲᠤ ᠲᠤᠰᠢᠶᠠᠵᠠᠶ᠃ ᠰᠢᠶᠤᠤ ᠲᠸᠩ ᠯᠦᠩ ᠰᠠᠷ᠎ᠠ ᠭᠠᠷᠤᠶ ᠵᠢᠨ ᠲᠤᠷᠰᠢᠨ ᠪᠠᠶ᠋ᠢᠴᠠᠭ᠋ᠠᠯᠲᠠ᠎ᠪᠠᠷ ᠳᠡᠮᠵᠢᠨ᠂ ᠡᠮ᠎ᠤᠨ ᠵᠦᠢ᠍ᠯ᠎ᠨᠢ ᠤᠷᠢᠳ ᠬᠤᠵᠢᠳ 4 ᠡᠪᠰᠡᠯ ᠪᠦᠯᠦᠭ ᠵᠶ᠋ᠠᠷ ᠳᠡᠮᠵᠢᠨ᠂ ᠡᠴᠦᠰ᠎ᠲᠤ᠎ᠪᠠᠨ ᠺᠣᠷᠢᠶᠠ᠎ᠠᠴᠠ ᠢᠷᠡᠯᠲᠡᠶ ᠪᠠᠶ᠋ᠢᠵᠤ᠂ ᠲᠡᠯᠡᠶ ᠵᠢᠨ ᠲᠡᠭᠡᠭᠡᠪᠦᠷᠢ᠎ᠪᠠᠷ ᠳᠡᠮᠵᠢᠨ ᠤᠯᠤᠰ᠎ᠤᠨ ᠳᠣᠲᠣᠭ᠋ᠠᠳᠤ᠎ᠳᠤ ᠨᠢᠭᠤᠴᠠ᠎ᠪᠠᠷ ᠠᠷᠠᠯᠵᠢᠶᠠᠯᠠᠭᠰᠠᠨ᠎ᠢ ᠲᠣᠳᠤᠯᠠᠪᠠ᠃ ᠨᠡᠭᠡᠭᠡᠨ ᠬᠥᠭᠵᠢᠭᠦᠯᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠰᠢᠶᠤᠤ ᠲᠸᠩ ᠯᠦᠩ᠎ᠤᠨ ᠬᠠᠩᠭ᠋ᠠᠭᠰᠠᠨ ᠰᠦᠪᠡᠭᠴᠢ ᠵᠢ ᠦᠨᠳᠦᠰᠦᠯᠡᠨ᠂ ᠪᠥᠬᠦ ᠤᠯᠤᠰ᠎ᠤᠨ ᠲᠠᠪᠤᠨ ᠮᠤᠵᠢ ᠵᠢᠷᠭᠤᠭ᠋ᠠᠨ ᠭᠠᠵᠠᠷ᠎ᠠᠴᠠ 20 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠠᠷ᠎ᠠ ᠵᠢᠰᠦ ᠭᠤᠶᠣᠯᠠᠬᠤ ᠭᠠᠵᠠᠷ᠎ᠢ 6 ᠰᠦᠢ᠍ᠷᠡᠭᠦᠯᠵᠦ᠂ 6 ᠬᠥᠮᠥᠷᠭᠡ ᠵᠢ ᠪᠠᠶ᠋ᠢᠴᠠᠭ᠋ᠠᠨ ᠪᠢᠲᠡᠭᠦᠮᠵᠢᠯᠡᠵᠦ᠂ ᠡᠯ᠎ᠡ ᠲᠥᠷᠥᠯ᠎ᠤᠨ ᠬᠠᠭᠤᠷᠮᠠᠭ ᠵᠢᠰᠦ ᠭᠤᠶᠣᠯᠠᠬᠤ ᠡᠮ᠎ᠤᠨ ᠵᠦᠢ᠍ᠯ᠎ᠢ 2.3 ᠲᠦᠮᠡ ᠭᠠᠷᠤᠶ ᠪᠠᠶ᠋ᠢᠴᠠᠭ᠋ᠠᠨ ᠭᠠᠷᠭ᠋ᠠᠵᠤ᠂ ᠬᠡᠷᠡᠭ᠎ᠲᠤ ᠬᠤᠯᠪᠣᠭᠳᠠᠭᠰᠠᠨ 1700 ᠲᠦᠮᠡᠨ ᠲᠥᠭᠦᠷᠢᠭ᠎ᠤᠨ ᠪᠠᠯᠠ ᠮᠥᠩᠭᠦ ᠵᠢ ᠬᠣᠷᠢᠶᠠᠮᠵᠢᠯᠠᠵᠤ᠂ ᠲᠣᠰ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ 2019 ᠣᠨ᠎ᠤ ᠪᠥᠬᠦ ᠤᠯᠤᠰ᠎ᠤᠨ 《ᠺᠦᠨᠯᠦ᠋ᠨ ᠠᠵᠢᠯᠯᠠᠭ᠎ᠠ》 ᠵᠢᠨ ᠰᠣᠳᠣᠨ ᠬᠡᠷᠡᠭ ᠵᠶ᠋ᠠᠷ ᠵᠢᠭᠰᠠᠭ᠋ᠠᠭᠳᠠᠪᠠ᠃

     2022 ᠣᠨ᠎ᠳᠤ᠂ ᠰᠢᠶᠤᠤ ᠲᠸᠩ ᠯᠦᠩ ᠮᠡᠷᠭᠡᠵᠢᠯ᠎ᠤᠨ ᠬᠤᠰᠢᠭᠤᠴᠢ ᠪᠣᠯᠤᠭᠰᠠᠨ᠎ᠤ ᠬᠤᠪᠢ᠎ᠳᠤ᠂ ᠬᠤᠷᠴᠢᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ᠎ᠲᠠᠢ ᠬᠠᠮᠵᠢᠯᠴᠠᠨ ᠶᠠᠮᠤᠨ᠎ᠤ ᠱᠠᠭ᠋ᠠᠷᠳᠠᠨ ᠰᠢᠢ᠍ᠳᠪᠦᠷᠢᠯᠡᠭᠦᠯᠦᠭᠰᠡᠨ ᠣᠨᠴᠠ ᠶᠡᠭᠡ ᠴᠠᠬᠢᠯᠭ᠋ᠠᠨ ᠬᠤᠯᠪᠣᠭ᠎ᠠ᠎ᠪᠠᠷ ᠮᠡᠬᠡᠯᠡᠭᠰᠡᠨ ᠬᠡᠷᠡᠭ᠂ ᠴᠢᠬᠤᠯᠠ ᠶᠡᠭᠡ ᠬᠢᠯᠢ ᠠᠯᠤᠰᠯᠠᠭᠰᠠᠨ ᠰᠦᠯᠵᠢᠶ᠎ᠡ᠎ᠪᠠᠷ ᠵᠣᠭᠤᠰ ᠮᠦᠷᠦᠢ᠌ᠴᠡᠭᠰᠡᠨ ᠬᠡᠷᠡᠭ᠎ᠢ ᠳᠡᠩᠨᠡᠨ ᠢᠯᠡᠷᠡᠭᠦᠯᠵᠦ᠂ ᠤᠯᠤᠰ᠎ᠤᠨ ᠳᠣᠲᠣᠭ᠋ᠠᠳᠤ ᠵᠢᠨ ᠶᠡᠷᠦᠩᠬᠡᠶ ᠬᠠᠷᠢᠭᠤᠴᠠᠯᠭ᠋ᠠᠲᠠᠨ᠎ᠢ ᠪᠠᠭᠲᠠᠭ᠋ᠠᠭᠰᠠᠨ ᠲᠤᠰ ᠶᠠᠯᠠᠲᠤ ᠪᠦᠯᠬᠦᠮ᠎ᠤᠨ 70 ᠬᠦᠮᠦᠨ᠎ᠢ ᠪᠠᠷᠢᠪᠴᠢᠯᠠᠵᠤ᠂ ᠺᠠᠷᠲ᠎ᠤᠨ ᠬᠤᠳᠠᠯᠳᠤᠭ᠋ᠠᠴᠢᠨ᠎ᠤ 3 ᠪᠦᠯᠬᠦᠮ᠂ 5 ᠬᠤᠪᠢᠶᠠᠷᠢ ᠪᠦᠯᠬᠦᠮ᠂ 5 ᠮᠠᠰᠢᠨ ᠲᠡᠷᠭᠡᠴᠢᠨ᠎ᠤ ᠪᠦᠯᠬᠦᠮ᠎ᠢ ᠠᠮᠵᠢᠯᠲᠠ᠎ᠲᠠᠢ᠎ᠪᠠᠷ ᠴᠣᠬᠢᠨ ᠰᠦᠢ᠍ᠷᠡᠭᠦᠯᠵᠦ᠂ ᠬᠡᠷᠡᠭ᠎ᠲᠤ ᠬᠤᠯᠪᠣᠭᠳᠠᠭᠰᠠᠨ ᠪᠠᠩᠬᠢ ᠵᠢᠨ ᠺᠠᠷᠲ 700 ᠭᠠᠷᠤᠶ᠂ 200 ᠭᠠᠷᠤᠶ ᠭᠠᠷ ᠤᠲᠠᠰᠤᠨ᠎ᠤ ᠺᠠᠷᠲ᠎ᠢ ᠪᠠᠶ᠋ᠢᠴᠠᠭ᠋ᠠᠨ ᠬᠤᠷᠢᠶᠠᠵᠤ᠂ ᠬᠡᠷᠡᠭ᠎ᠲᠤ ᠬᠤᠯᠪᠣᠭᠳᠠᠭᠰᠠᠨ ᠪᠡᠯᠡᠨ ᠵᠣᠭᠤᠰ 200 ᠭᠠᠷᠤᠶ ᠲᠦᠮᠡᠨ ᠲᠥᠭᠦᠷᠢᠭ᠂ ᠰᠢᠵᠢᠷ ᠠᠯᠲᠠ 10 ᠺᠢᠯᠣᠭ᠌ᠷᠠᠮ (ᠥᠷᠲᠡᠭ᠎ᠨᠢ 410 ᠲᠦᠮᠡᠨ ᠲᠥᠭᠦᠷᠢᠭ)᠂ ᠬᠤᠪᠢ ᠣᠯᠤᠭᠰᠠᠨ ᠪᠦᠯᠬᠦᠮ᠎ᠤᠨ ᠬᠡᠷᠡᠭ᠎ᠲᠤ ᠬᠤᠯᠪᠣᠭᠳᠠᠭᠰᠠᠨ ᠪᠠᠯᠠ ᠮᠥᠩᠭᠦ 8 ᠳ᠋ᠦᠩᠰᠢᠭᠤᠷ ᠲᠥᠭᠦᠷᠢᠭ᠎ᠢ ᠳᠠᠪᠠᠵᠤ᠂ ᠮᠠᠰᠢᠨ ᠲᠡᠷᠭᠡᠴᠢᠨ᠎ᠤ ᠪᠦᠯᠬᠦᠮ᠎ᠤᠨ ᠭᠠᠷᠭ᠋ᠠᠨ ᠠᠪᠤᠭᠰᠠᠨ ᠪᠡᠯᠡᠨ ᠵᠣᠭᠤᠰ᠎ᠤᠨ ᠲᠤᠭ᠎ᠠ 5000 ᠭᠠᠷᠤᠶ ᠲᠦᠮᠡᠨ ᠲᠥᠭᠦᠷᠢᠭ᠎ᠢ ᠳᠠᠪᠠᠵᠠᠶ᠃

 

 

ᠢᠷᠡᠯᠲᠡ᠄ ᠲᠥᠩᠯᠢᠶᠤᠤ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ