ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠵᠥᠷᠢᠴᠡᠯ ᠰᠢᠢ᠍ᠳᠪᠦᠷᠢᠯᠡᠬᠦ ᠬᠠᠰᠢᠷ ᠮᠡᠷᠭᠡᠵᠢᠯᠲᠡᠨ — ᠵᠣᠣ ᠰᠢᠶᠤᠤ ᠭᠠᠩ
ᠨᠡᠶ᠋ᠢᠲᠡᠯᠡᠭᠰᠡᠨ ᠴᠠᠭ᠄ 2023-11-07

      ᠵᠤᠤ ᠰᠢᠶᠤᠤ ᠭᠠᠩ᠂ ᠡᠷᠡᠭᠲᠡᠶ᠂ ᠬᠢᠲᠠᠳ ᠦᠨᠳᠦᠰᠦᠲᠡᠨ᠂ 1986 ᠣᠨ᠎ᠤ 10 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃ 2010 ᠣᠨ᠎ᠤ 12 ᠰᠠᠷ᠎ᠠ᠎ᠳᠤ ᠠᠯᠪᠠᠨ᠎ᠳᠤ ᠭᠠᠷᠴᠤ᠂ ᠣᠲᠣ ᠪᠤᠭᠤᠲᠤ ᠬᠤᠲᠠ ᠵᠢᠨ ᠬᠥᠨᠳᠡᠯᠡᠨ ᠲᠤᠭᠤᠷᠢᠭ᠎ᠤᠨ ᠲᠣᠳᠤᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠠᠷᠠᠳ ᠵᠡᠭᠡᠯᠢ ᠭᠤᠳᠤᠮᠵᠢ ᠵᠢᠨ ᠲᠣᠮᠢᠯᠠᠭᠰᠠᠨ ᠰᠠᠯᠪᠤᠷᠢ ᠵᠢᠨ ᠳᠡᠳ᠋ ᠳᠠᠷᠤᠭ᠎ᠠ ᠵᠢᠨ ᠲᠤᠰᠢᠶᠠᠯ᠎ᠲᠠᠢ᠃ ᠴᠠᠭᠳᠠᠭ᠋ᠠᠨ᠎ᠤ ᠠᠯᠪᠠᠨ᠎ᠳᠤ ᠭᠠᠷᠤᠭᠰᠠᠨ 12 ᠵᠢᠯ᠎ᠤᠨ ᠲᠤᠷᠰᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠬᠤᠪᠢ ᠬᠥᠮᠦᠨ᠎ᠤ ᠬᠤᠶᠠᠳᠤᠭ᠋ᠠᠷ ᠳᠡᠰ᠎ᠤᠨ ᠭᠠᠪᠢᠶ᠎ᠠ ᠵᠢ ᠨᠢᠭᠡ ᠤᠳᠠᠭ᠎ᠠ ᠳᠡᠮᠳᠡᠭᠯᠡᠭᠦᠯᠵᠦ᠂ 2022 ᠣᠨ᠎ᠳᠤ ᠥᠪᠦᠷ ᠮᠤᠩᠭᠤᠯ᠎ᠤᠨ 《ᠤᠮᠠᠷᠠᠲᠤ ᠬᠢᠯᠢ ᠵᠢ ᠳᠣᠭᠳᠣᠯᠤᠭᠤᠯᠤᠭᠰᠠᠨ · ᠬᠠᠮᠤᠭ᠎ᠠᠴᠠ ᠪᠠᠬᠠᠷᠬᠠᠯᠲᠠᠢ ᠴᠠᠭᠳᠠᠭ᠎ᠠ》 ᠵᠢᠨ ᠢᠷᠠᠭᠤ ᠠᠯᠳᠠᠷ᠎ᠢ ᠬᠦᠷᠳᠡᠪᠡ᠃

     2022 ᠣᠨ᠎ᠤ 7 ᠰᠠᠷ᠎ᠠ ᠵᠢᠨ 14᠎ᠤ ᠤᠷᠤᠢ᠂ ᠬᠦᠨᠳᠡᠯᠡᠨ ᠭᠣᠤᠯ ᠪᠠᠯᠭ᠋ᠠᠰᠤ ᠵᠢᠨ ᠲᠣᠮᠢᠯᠠᠭᠰᠠᠨ ᠰᠠᠯᠪᠤᠷᠢ ᠪᠣᠰᠤᠳ᠎ᠤᠨ ᠮᠡᠳᠡᠭᠦᠯᠦᠯᠲᠡ ᠵᠢ ᠲᠣᠰᠬᠤ᠎ᠳᠤ᠂ ᠵᠡᠷᠭᠡᠯᠡᠳᠡᠭᠡ ᠠᠶ᠋ᠢᠯ᠎ᠤᠨ᠎ᠬᠢᠨ ᠠᠮᠤᠷᠵᠢᠭᠤᠯᠬᠤ ᠦᠭᠡᠢ ᠪᠠᠶ᠋ᠢᠨ᠎ᠠ ᠭᠡᠵᠦ ᠮᠡᠳᠡᠭᠦᠯᠦᠭᠰᠡᠨ᠎ᠳᠤ᠂ ᠵᠤᠤ ᠰᠢᠶᠤᠤ ᠭᠠᠩ ᠬᠠᠮᠲᠤ ᠠᠵᠢᠯᠯᠠᠭᠰᠠᠳ᠎ᠲᠠᠢ᠎ᠪᠠᠨ ᠲᠡᠷᠡ ᠳᠠᠷᠤᠢ᠎ᠳᠤ᠎ᠨᠢ ᠬᠦᠷᠴᠦ ᠰᠢᠢ᠍ᠳᠪᠦᠷᠢᠯᠡᠪᠡ᠃ ᠦᠵᠡᠬᠦ᠎ᠳᠤ ᠡᠩ᠎ᠤᠨ ᠨᠢᠭᠡ ᠤᠴᠢᠷ ᠶᠠᠪᠤᠳᠠᠯ ᠰᠢᠭ᠋ ᠪᠣᠯᠪᠠᠴᠤ ᠠᠷᠤ ᠲᠠᠯ᠎ᠠ᠎ᠳᠤ᠎ᠨᠢ ᠠᠶᠤᠯ ᠲᠦᠭᠰᠢᠭᠦᠷᠢ ᠨᠢᠭᠤᠭᠳᠠᠵᠤ ᠪᠠᠢ᠌ᠭᠰᠠᠨ! ᠰᠡᠵᠢᠭᠯᠡᠯᠲᠡᠶ ᠡᠲᠡᠭᠡᠳ ᠭᠡᠨᠡᠳᠲᠡ ᠪᠣᠣᠳᠤᠤ ᠡᠷᠭᠢᠭᠦᠯᠦᠨ ᠡᠷᠦᠶ ᠬᠤᠷᠤᠶ ᠥᠬᠡᠶ ᠴᠠᠪᠴᠢᠪᠠ᠃ ᠡᠷᠬᠢᠨ ᠲᠣᠭᠤᠷᠢᠨ᠎ᠤ ᠣᠯᠠᠨ ᠲᠦᠮᠡᠨ ᠵᠶ᠋ᠠᠨ ᠬᠠᠮᠠᠭ᠋ᠠᠯᠠᠬᠤ ᠵᠢᠨ ᠲᠥᠯᠥᠭᠡ᠂ ᠵᠣᠣ ᠰᠢᠶᠤᠤ ᠭᠠᠩ ᠳᠠᠭ᠋ᠠᠷᠢᠨ ᠣᠷᠣᠵᠤ᠂ ᠮᠠᠭᠤ ᠡᠲᠡᠭᠡᠳ᠎ᠲᠠᠢ ᠲᠡᠮᠡᠴᠡᠯᠳᠦᠵᠦ ᠪᠠᠶ᠋ᠢᠭ᠋ᠠᠳ ᠭᠠᠷ ᠵᠶ᠋ᠠᠨ ᠴᠠᠪᠴᠢᠭᠳᠠᠨ ᠰᠢᠷᠬᠠᠲᠤᠭᠤᠯᠤᠭᠰᠠᠨ ᠪᠣᠯᠪᠠᠴᠤ ᠲᠡᠷᠡ ᠡᠪᠡᠳᠬᠦ᠎ᠪᠠᠨ ᠲᠡᠰᠪᠦᠷᠢᠯᠡᠨ ᠰᠡᠵᠢᠭᠯᠡᠯᠲᠡᠶ ᠡᠲᠡᠭᠡᠳ᠎ᠢ ᠨᠣᠮᠣᠬᠠᠳᠬᠠᠪᠠ᠃

 mmexport1685697924710.jpg 


     ᠵᠣᠣ ᠰᠢᠶᠤᠤ ᠭᠠᠩ ᠴᠠᠭᠳᠠᠭ᠋ᠠᠨ᠎ᠤ ᠡᠩᠨᠡᠭᠡ᠎ᠳᠤ ᠠᠩᠬ᠎ᠠ ᠣᠷᠣᠬᠤ ᠦᠶ᠎ᠡ᠎ᠳᠤ ᠠᠳᠠᠯᠢᠬᠠᠨ ᠲᠦᠭᠰᠢᠭᠦᠷᠢᠲᠦ ᠪᠠᠶ᠋ᠢᠳᠠᠯ ᠴᠤ᠌ ᠭᠠᠷᠴᠤ ᠥᠩᠭᠡᠷᠡᠭᠰᠡᠨ ᠶᠤᠮ᠃ 2012 ᠣᠨ᠎ᠳᠤ ᠲᠣᠮᠢᠯᠠᠭᠰᠠᠨ ᠰᠠᠯᠪᠤᠷᠢ ᠵᠢᠨ᠎ᠬᠢᠨ ᠨᠢᠭᠡᠨ ᠣᠷᠭᠤᠳᠠᠭᠤᠯ ᠶᠠᠯᠠᠲᠠᠨ ᠬᠠᠷᠢᠶ᠎ᠠ ᠣᠷᠣᠨ᠎ᠳᠤ᠎ᠨᠢ ᠨᠢᠭᠤᠨ ᠳᠠᠯᠳᠠᠯᠠᠵᠤ ᠪᠠᠢ᠌ᠬᠤ ᠰᠦᠪᠡᠭᠴᠢ ᠣᠯᠪᠠ᠃ ᠵᠣᠣ ᠰᠢᠶᠤᠤ ᠭᠠᠩ ᠬᠠᠮᠲᠤ ᠠᠵᠢᠯᠯᠠᠭᠰᠠᠳ᠎ᠲᠠᠢ᠎ᠪᠠᠨ ᠪᠠᠷᠢᠪᠴᠢᠯᠠᠬᠤ᠎ᠪᠠᠷ ᠣᠴᠢᠭᠰᠠᠨ᠎ᠳᠤ᠂ ᠣᠷᠭᠤᠳᠠᠭᠤᠯ ᠶᠠᠯᠠᠲᠠᠨ ᠬᠢᠲᠤᠭ᠎ᠠ ᠪᠠᠷᠢᠨ ᠪᠠᠷᠢᠪᠴᠢᠯᠠᠬᠤ ᠵᠢ ᠡᠰᠡᠷᠭᠦᠴᠡᠪᠡ᠃ ᠵᠣᠣ ᠰᠢᠶᠤᠤ ᠭᠠᠩ ᠭᠡᠨᠡᠳᠲᠡ ᠳᠠᠭ᠋ᠠᠷᠢᠭᠰᠠᠨ᠎ᠳᠤ ᠭᠡᠳᠡᠰᠦᠨ᠎ᠤ ᠬᠡᠰᠡᠭ᠎ᠨᠢ ᠬᠢᠲᠤᠭ᠋ᠠᠯᠠᠭᠳᠠᠵᠤ᠂ ᠨᠥᠭᠦᠭᠡ ᠨᠢᠭᠡ ᠬᠠᠮᠲᠤ ᠠᠵᠢᠯᠯᠠᠭᠰᠠᠳ᠎ᠤᠨ ᠴᠡᠭᠡᠵᠢᠨ ᠬᠡᠰᠡᠭ᠎ᠨᠢ ᠬᠢᠲᠤᠭ᠋ᠠᠯᠠᠭᠳᠠᠵᠤ ᠰᠢᠷᠬᠠᠲᠤᠪᠠ᠃ ᠲᠠᠳᠠ ᠡᠪᠡᠳᠬᠦ᠎ᠪᠠᠨ ᠳᠡᠰᠪᠦᠷᠢᠯᠡᠨ ᠣᠷᠭᠤᠳᠠᠭᠤᠯ ᠶᠠᠯᠠᠲᠠᠨ᠎ᠢ ᠨᠣᠮᠣᠬᠠᠳᠬᠠᠪᠠ᠃ ᠪᠠᠷᠢᠪᠴᠢᠯᠠᠬᠤ᠎ᠳᠤ ᠲᠤᠰᠠᠯᠠᠬᠤ᠎ᠪᠠᠷ ᠢᠷᠡᠭᠰᠡᠨ ᠬᠠᠮᠲᠤ ᠠᠵᠢᠯᠯᠠᠭᠴᠢ᠎ᠳᠤ᠎ᠪᠠᠨ ᠣᠷᠭᠤᠳᠠᠭᠤᠯ ᠶᠠᠯᠠᠲᠠᠨ᠎ᠢ ᠲᠤᠰᠢᠶᠠᠭᠰᠠᠨ᠎ᠤ ᠳᠠᠷᠠᠭ᠎ᠠ᠂ ᠵᠣᠣ ᠰᠢᠶᠤᠤ ᠭᠠᠩ ᠬᠠᠷᠢᠨ ᠴᠢᠰᠤ ᠶᠡᠭᠡ ᠭᠠᠷᠤᠭᠰᠠᠨ᠎ᠠᠴᠠ ᠪᠣᠯᠵᠣ ᠮᠠᠨᠠᠷᠠᠨ ᠤᠨᠠᠪᠠ᠃ ᠰᠡᠭᠦᠯᠡᠷ᠎ᠨᠢ ᠡᠮᠨᠡᠯᠭᠡ ᠵᠢᠨ ᠬᠤᠷᠢᠶᠠᠨ᠎ᠤ ᠪᠥᠬᠦ ᠬᠦᠴᠦᠨ᠎ᠤ ᠠᠪᠤᠷᠠᠯᠲᠠ᠎ᠪᠠᠷ ᠳᠡᠮᠵᠢᠨ ᠰᠠᠶᠢ ᠠᠮᠢ ᠨᠠᠰᠤᠨ᠎ᠤ ᠠᠶᠤᠯ᠎ᠠᠴᠠ ᠮᠤᠯᠲᠤᠷᠠᠵᠠᠶ᠃ ᠵᠣᠣ ᠰᠢᠶᠤᠤ ᠭᠠᠩ᠎ᠤᠨ ᠪᠡᠶ᠎ᠡ ᠳᠡᠭᠡᠷᠡᠬᠢ ᠰᠣᠷᠪᠢ᠎ᠨᠤᠭᠤᠳ᠎ᠨᠢ ᠶᠠᠭ ᠯᠠ ᠨᠢᠭᠡᠨ ᠣᠨᠴᠠᠭ᠋ᠠᠶ 《ᠭᠠᠪᠢᠶᠠᠨ ᠲᠡᠮᠳᠡᠭ》 ᠰᠢᠭ ᠪᠠᠶ᠋ᠢᠵᠤ᠂ ᠵᠣᠣ ᠰᠢᠶᠤᠤ ᠭᠠᠩ᠎ᠤᠨ ᠣᠯᠠᠨ ᠲᠦᠮᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠥᠯᠥᠭᠡ ᠤᠳᠠᠭ᠎ᠠ ᠳᠠᠷᠠᠭ᠋ᠠᠯᠠᠨ ᠡᠷᠡᠯᠬᠡᠭᠯᠡᠨ ᠲᠡᠮᠡᠴᠡᠭᠰᠡᠨ᠎ᠢ ᠲᠡᠮᠳᠡᠭᠯᠡᠵᠦ ᠪᠠᠶ᠋ᠢᠳᠠᠭ᠃

     ᠬᠦᠨᠳᠡᠯᠡᠨ ᠭᠣᠤᠯ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠬᠠᠷᠢᠶ᠎ᠠ ᠣᠷᠣᠨ᠎ᠨᠢ ᠶᠡᠭᠡ᠂ ᠡᠯ᠎ᠡ ᠵᠦᠢ᠍ᠯ᠎ᠤᠨ ᠲᠦᠭᠰᠢᠭᠦᠷᠢᠲᠦ ᠪᠠᠶ᠋ᠢᠳᠠᠯ ᠣᠯᠠᠨ᠂ ᠠᠵᠢᠯ᠎ᠤᠨ ᠡᠭᠦᠷᠭᠡ ᠬᠦᠨᠳᠦ ᠪᠠᠶ᠋ᠢᠭ᠎ᠠ ᠪᠣᠯᠪᠠᠴᠤ ᠪᠦᠬᠦ ᠠᠷᠠᠳ᠎ᠤᠨ ᠴᠠᠭᠳᠠᠭ᠎ᠠ ᠨᠠᠷ᠄ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠵᠦ᠂ ᠦᠢ᠍ᠯᠡᠴᠢᠯᠡᠭᠡ ᠵᠢ ᠣᠯᠠᠨ ᠲᠦᠮᠡᠨ᠎ᠤ ᠳᠡᠷᠭᠡᠳᠡ ᠬᠦᠷᠭᠡᠵᠦ᠂ ᠣᠯᠠᠨ ᠲᠦᠮᠡᠨ᠎ᠤ ᠲᠠᠢ᠌ᠪᠤᠩᠲᠤ ᠲᠥᠷᠦᠭᠳᠡᠯ᠎ᠢ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠰᠡᠨ ᠬᠠᠮᠲᠤ ᠵᠢᠨ ᠲᠠᠨᠢᠯᠲᠠ᠎ᠲᠠᠢ ᠪᠣᠯᠪᠠ᠃ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠳᠤ ᠬᠦᠷᠦᠭᠰᠡᠨ ᠲᠡᠷᠡ ᠡᠳᠦᠷ᠎ᠠᠴᠠ ᠡᠬᠢᠯᠡᠨ᠂ ᠵᠣᠣ ᠰᠢᠶᠤᠤ ᠭᠠᠩ ᠨᠡᠶ᠋ᠢᠭᠡᠮ ᠲᠣᠭᠤᠷᠢᠭ᠎ᠲᠤ 《ᠰᠡᠳᠭᠢᠯ ᠵᠶ᠋ᠡᠨ ᠬᠣᠯᠪᠤᠵᠤ》᠂ ᠨᠢᠭᠡ ᠰᠡᠳᠬᠢᠯ ᠨᠢᠭᠡ ᠵᠣᠷᠢᠭ ᠵᠶ᠋ᠠᠷ ᠨᠡᠶ᠋ᠢᠭᠡᠮ ᠲᠣᠭᠤᠷᠢᠭ᠎ᠤᠨ ᠠᠷᠠᠳ᠎ᠤᠨ ᠴᠠᠭᠳᠠᠭ᠎ᠠ ᠪᠣᠯᠤᠭᠰᠠᠨ ᠪᠠᠶ᠋ᠢᠨ᠎ᠠ᠃ 《ᠰᠢᠨ᠎ᠡ ᠭᠠᠷ》 ᠪᠣᠯᠤᠭᠰᠠᠨ᠎ᠤ ᠬᠤᠪᠢ᠎ᠳᠤ ᠰᠢᠨ᠎ᠡ ᠪᠠᠶ᠋ᠢᠳᠠᠯ᠎ᠢ ᠬᠡᠷᠬᠢᠨ ᠪᠤᠶ ᠪᠣᠯᠭ᠋ᠠᠬᠤ ᠪᠤᠶ? ᠵᠣᠤ ᠰᠢᠶᠣᠤ ᠭᠠᠩ ᠪᠣᠳᠣᠯᠬᠢᠯᠠᠨ ᠡᠷᠢᠯᠬᠢᠯᠡᠬᠦ᠎ᠳᠤ᠎ᠪᠠᠨ ᠪᠦᠬᠦᠯᠢ ᠨᠢᠭᠡ ᠰᠠᠷ᠎ᠠ ᠵᠢᠨ ᠴᠠᠭ᠎ᠢ ᠬᠡᠷᠡᠭᠯᠡᠵᠦ ᠪᠠᠢ᠍ᠭ᠋ᠠᠳ ᠬᠠᠷᠢᠶ᠎ᠠ ᠣᠷᠣᠨ᠎ᠤ᠎ᠪᠠᠨ ᠠᠯᠢ ᠵᠠᠮ᠎ᠨᠢ ᠬᠠᠮᠢᠭ᠎ᠠ ᠪᠠᠢ᠌ᠬᠤ᠂ ᠠᠯᠢ ᠭᠤᠳᠤᠮᠵᠢᠨ᠎ᠳᠤ ᠬᠡᠳᠦᠨ ᠮᠤᠷᠦ᠋ᠢ᠍ᠯᠲᠠ ᠪᠠᠢ᠌ᠬᠤ᠂ ᠴᠢᠨᠠᠭᠰᠢᠯᠠᠪᠠᠯ ᠪᠠᠢ᠌ᠰᠢᠩ᠎ᠤᠨ ᠬᠠᠨᠳᠤᠯᠭ᠎ᠠ ᠵᠢ ᠬᠦᠷᠲᠡᠯ᠎ᠡ ᠨᠡᠪᠳᠡᠷᠡᠳᠡᠯ᠎ᠡ ᠴᠡᠭᠡᠵᠢᠯᠡᠪᠡ᠃ ᠵᠠᠭᠤᠷᠠᠯᠳᠤᠭ᠋ᠠᠨ᠎ᠢ ᠡᠶᠡᠳᠡᠭᠦᠯᠬᠦ ᠪᠣᠯ ᠨᠡᠶ᠋ᠢᠭᠡᠮ ᠲᠣᠭᠤᠷᠢᠭ᠎ᠤᠨ ᠠᠷᠠᠳ᠎ᠤᠨ ᠴᠠᠭᠳᠠᠭ᠎ᠠ ᠵᠢᠨ ᠬᠠᠮᠤᠭ᠎ᠤᠨ ᠤᠯᠠᠨ ᠬᠢᠬᠦ ᠨᠢᠭᠡ ᠵᠦᠢ᠍ᠯ᠎ᠤᠨ ᠠᠵᠢᠯ ᠪᠣᠯᠬᠤ ᠲᠤᠯᠠ᠂ ᠵᠤᠤ ᠰᠢᠶᠤᠤ ᠭᠠᠩ ᠵᠠᠭᠤᠷᠠᠯᠳᠤᠭ᠋ᠠᠨ᠎ᠢ ᠡᠶᠡᠳᠡᠭᠦᠯᠬᠦ᠎ᠳᠤ᠎ᠪᠠᠨ ᠬᠦᠯᠢᠴᠡᠩᠭᠦᠶ᠂ ᠠᠷᠭ᠎ᠠ ᠤᠬᠠᠭ᠋ᠠᠨ᠂ ᠰᠥᠰᠥ ᠵᠣᠷᠢᠭ᠎ᠲᠠᠢ ᠪᠠᠶ᠋ᠢᠬᠤ᠎ᠨᠢ ᠨᠡᠷ᠎ᠡ ᠭᠠᠷᠤᠭᠰᠠᠨ᠎ᠠᠴᠠ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ ᠵᠠᠭᠤᠷᠠᠯᠳᠤᠭ᠋ᠠᠨ ᠭᠠᠷᠤᠭᠰᠠᠭ᠋ᠠᠷ ᠲᠡᠭᠦᠨ ᠵᠶ᠋ᠠᠷ ᠬᠠᠪᠰᠤᠷᠤᠭᠤᠯᠤᠨ ᠡᠶᠡᠳᠡᠭᠦᠯᠬᠦ᠎ᠪᠠᠷ ᠭᠤᠶᠤᠴᠢᠯᠠᠳᠠᠭ᠃ ᠶᠡᠭᠡ᠎ᠠᠴᠠ ᠠᠵᠤ ᠠᠬᠤᠶ ᠵᠢᠨ ᠵᠢᠭᠤᠷᠠᠯᠳᠤᠭ᠋ᠠᠨ᠂ ᠪᠠᠭ᠎ᠠ᠎ᠠᠴᠠ ᠬᠠᠳᠠᠮ ᠡᠬᠡ ᠪᠡᠷᠢ ᠵᠢᠨ ᠵᠥᠷᠢᠴᠡᠯ ᠬᠦᠷᠲᠡᠯ᠎ᠡ᠂ ᠵᠣᠣ ᠰᠢᠶᠤᠤ ᠭᠠᠩ ᠶᠠᠭ ᠯᠠ 《ᠰᠡᠳᠬᠢᠯ᠎ᠢ ᠮᠡᠳᠡᠭᠴᠢ ᠵᠠᠯᠠᠭᠤ》 ᠰᠢᠭ᠋ ᠪᠠᠶ᠋ᠢᠵᠤ᠂ ᠵᠢᠯ ᠪᠦᠷᠢ ᠡᠯ᠎ᠡ ᠵᠦᠢ᠍ᠯ᠎ᠤᠨ ᠵᠥᠷᠢᠴᠡᠯ ᠵᠠᠭᠤᠷᠠᠯᠳᠤᠭ᠋ᠠᠨ᠎ᠢ ᠵᠠᠭᠤ ᠰᠢᠬᠠᠮ ᠡᠶᠡᠳᠡᠭᠦᠯᠳᠡᠭ᠃

 mmexport1685697943751.jpg 


     ᠵᠣᠣ ᠰᠢᠶᠤᠤ ᠭᠠᠩ ᠵᠥᠷᠢᠴᠡᠯ ᠵᠠᠭᠤᠷᠠᠯᠳᠤᠭ᠋ᠠᠨ᠎ᠢ ᠬᠡᠷᠬᠢᠨ ᠰᠢᠢ᠍ᠳᠪᠦᠷᠢᠯᠡᠬᠦ ᠵᠢ 《ᠪᠣᠰᠤᠳ᠎ᠠᠴᠠ ᠨᠢᠭᠡ ᠠᠯᠬᠤᠮ ᠲᠦᠷᠭᠡᠳᠬᠡᠬᠦ》 ᠲᠤᠬᠠᠶ ᠰᠦᠪᠡᠭᠴᠢᠯᠡᠭᠰᠡᠭᠡᠷ ᠢᠷᠡᠪᠡ᠃ ᠲᠡᠷᠡ ᠰᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠰᠢᠯᠭ᠎ᠠ》 ᠵᠢᠨ ᠲᠣᠭᠤᠷᠢᠨ᠎ᠳᠤ᠂ ᠤᠬᠠᠮᠰᠠᠷ ᠵᠶ᠋ᠠᠷ ᠥᠨᠳᠥᠷ᠂ ᠨᠡᠶ᠋ᠢᠭᠡᠮ ᠲᠣᠭᠤᠷᠢᠭ᠎ᠤᠨ ᠠᠵᠢᠯ᠎ᠳᠤ ᠬᠠᠯᠠᠭᠤᠨ ᠰᠡᠳᠬᠢᠯ᠎ᠲᠠᠢ ᠰᠠᠭᠤᠭ᠋ᠠᠯᠢ ᠠᠷᠠᠳ᠎ᠢ ᠳᠠᠶ᠋ᠢᠴᠢᠯᠠᠨ ᠠᠮᠤᠷ ᠠᠮᠤᠭᠤᠯᠠᠩ ᠨᠡᠶ᠋ᠢᠭᠡᠮ ᠲᠣᠭᠤᠷᠢᠭ᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠠᠵᠢᠯ᠎ᠳᠤ ᠣᠷᠣᠯᠴᠠᠭᠤᠯᠵᠤ᠂ ᠵᠥᠷᠢᠴᠡᠯ᠎ᠢ ᠴᠠᠭ ᠲᠤᠬᠠᠶ᠎ᠳᠤ᠎ᠨᠢ ᠢᠯᠡᠷᠡᠭᠦᠯᠦᠨ᠂ ᠡᠶᠡᠳᠡᠭᠦᠯᠭᠡ᠎ᠳᠤ ᠣᠷᠣᠯᠴᠠᠭᠤᠯᠵᠤ᠂ ᠵᠥᠷᠢᠴᠡᠯ ᠵᠠᠭᠤᠷᠠᠯᠳᠤᠭ᠋ᠠᠨ᠎ᠢ ᠴᠤᠬᠤᠶ᠋ᠢᠵᠤ ᠪᠠᠶ᠋ᠢᠭ᠎ᠠ ᠪᠠᠶ᠋ᠢᠳᠠᠯ᠎ᠳᠤ᠎ᠨᠢ ᠰᠢᠢ᠍ᠳᠪᠦᠷᠢᠯᠡᠪᠡ᠃ ᠡᠭᠦᠨ᠎ᠤ ᠬᠠᠮᠲᠤ ᠲᠣᠣᠷᠵᠢᠯ᠎ᠤᠨ ᠬᠤᠪᠢᠶᠠᠷᠢᠯᠠᠯ ᠵᠶ᠋ᠠᠷ ᠬᠠᠷᠢᠶ᠎ᠠ ᠣᠷᠣᠨ᠎ᠤ ᠭᠤᠣᠯᠳᠠᠯᠭ᠎ᠠ᠎ᠲᠠᠢ ᠨᠢᠭᠡᠴᠢ ᠵᠢ ᠵᠣᠬᠢᠶᠠᠨ ᠪᠠᠶ᠋ᠢᠭᠤᠯᠵᠤ ᠲᠣᠣᠷᠵᠢᠯ᠎ᠤᠨ ᠬᠠᠮᠲᠤᠷᠠᠭᠰᠠᠨ ᠰᠡᠷᠭᠡᠶ᠋ᠢᠯᠡᠯᠲᠡ ᠵᠢᠨ ᠲᠣᠭᠤᠷᠢᠨ ᠴᠠᠭᠳᠠᠬᠤ ᠠᠩᠬᠢ ᠵᠢ ᠵᠣᠬᠢᠶᠠᠨ ᠪᠠᠶ᠋ᠢᠭᠤᠯᠵᠤ᠂ ᠨᠡᠶ᠋ᠢᠭᠡᠮ ᠲᠣᠭᠤᠷᠢᠭ᠎ᠤᠨ ᠬᠠᠮᠲᠤᠷᠠᠭᠰᠠᠨ ᠰᠡᠷᠭᠡᠶ᠋ᠢᠯᠡᠯᠲᠡ᠎ᠳᠤ ᠣᠷᠤᠯᠴᠠᠭᠤᠯᠪᠠ᠃ ᠴᠠᠭᠳᠠᠭ᠎ᠠ ᠠᠷᠠᠳ ᠬᠠᠮᠲᠤ᠎ᠪᠠᠷ ᠪᠠᠶ᠋ᠢᠭᠤᠯᠤᠭᠰᠠᠨ ᠲᠣᠭᠤᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ ᠲᠣᠭᠲᠠᠴᠠ ᠵᠢᠨ ᠦᠷ᠎ᠡ ᠪᠦᠲᠦᠮᠵᠢ ᠲᠤᠪᠤᠶ᠋ᠢᠮ᠎ᠠ ᠪᠤᠯᠵᠤ᠂ 《ᠬᠤᠶᠠᠷ᠎ᠢ ᠪᠤᠯᠢᠶᠠᠬᠤ ᠨᠢᠭᠡ ᠵᠢ ᠬᠤᠯᠠᠭ᠋ᠠᠶ᠋ᠢᠯᠠᠬᠤ》 ᠬᠡᠷᠡᠭ ᠶᠡᠭᠡ᠎ᠪᠠᠷ ᠪᠠᠭ᠋ᠠᠰᠴᠤ᠂ ᠤᠯᠠᠨ ᠲᠦᠮᠡᠨ᠎ᠤ ᠠᠮᠤᠷ ᠲᠦᠪᠰᠢᠨ᠎ᠤ ᠲᠦᠷᠦᠭᠳᠡᠯ ᠶᠡᠭᠡ᠎ᠪᠠᠷ ᠨᠡᠮᠡᠭᠳᠡᠪᠡ᠃ ᠵᠣᠣ ᠰᠢᠶᠤᠤ ᠭᠠᠩ᠎ᠤᠨ ᠬᠠᠮᠢᠶᠠᠷᠴᠤ ᠪᠠᠶ᠋ᠢᠭ᠎ᠠ ᠨᠡᠶ᠋ᠢᠭᠡᠮ ᠲᠣᠭᠤᠷᠢᠭ᠎ᠲᠤ᠂ ᠡᠷᠡᠭᠦᠤ ᠵᠢᠨ ᠬᠡᠷᠡᠭ᠎ᠤᠨ ᠬᠡᠷᠡᠭ ᠭᠠᠷᠤᠭᠰᠠᠨ ᠲᠤᠭ᠎ᠠ ᠣᠯᠠᠨ ᠵᠢᠯ ᠳᠠᠷᠠᠭ᠋ᠠᠯᠠᠨ ᠪᠠᠭᠤᠷᠠᠪᠠ᠃ ᠲᠡᠷᠡ᠄ 《ᠣᠯᠠᠨ ᠲᠦᠮᠡᠨ᠎ᠤ ᠠᠵᠢᠯ᠎ᠢ ᠰᠠᠶ᠋ᠢᠲᠤᠷ ᠬᠢᠬᠦ᠎ᠳᠤ 〈ᠰᠡᠳᠬᠢᠯ ᠲᠠᠯᠪᠢᠬᠤ〉 ᠪᠣᠯ ᠬᠠᠮᠤᠭ᠎ᠤᠨ ᠴᠢᠬᠤᠯᠠ ᠶᠤᠮ᠂ ᠣᠯᠠᠨ ᠲᠦᠮᠡᠨ᠎ᠤ ᠠᠰᠢᠭ ᠲᠤᠰᠠ᠎ᠳᠤ ᠬᠤᠯᠪᠣᠭᠳᠠᠬᠤ ᠤᠴᠢᠷ ᠶᠠᠪᠤᠳᠠᠯ᠎ᠢ ᠴᠠᠭ ᠢᠮᠠᠭᠲᠠ ᠰᠠᠨᠠᠭ᠎ᠠ ᠠᠮᠤᠷ ᠪᠠᠶ᠋ᠢᠯᠭ᠋ᠠᠵᠤ᠂ ᠭᠠᠷᠳᠠᠴᠠ ᠵᠢ᠎ᠨᠢ ᠠᠳᠬᠤᠵᠤ᠂ ᠡᠭᠦᠷᠭᠡ ᠵᠢ᠎ᠨᠢ ᠡᠭᠦᠷᠭᠡᠯᠡᠬᠦ ᠬᠡᠷᠡᠭᠲᠡᠶ》 ᠭᠡᠵᠦ ᠬᠡᠯᠡᠪᠡ᠃ 2022 ᠣᠨ᠎ᠳᠤ᠂ ᠲᠣᠮᠢᠯᠠᠭᠰᠠᠨ ᠰᠠᠯᠪᠤᠷᠢ 《ᠬᠤᠶᠠᠷ ᠠᠩᠭᠢ ᠨᠢᠭᠡ ᠳᠠᠰᠤᠭ》᠎ᠤᠨ ᠴᠠᠭᠳᠠᠭ᠋ᠠᠨ᠎ᠤ ᠶᠠᠪᠤᠳᠠᠯ᠎ᠤᠨ ᠲᠣᠭᠲᠠᠴᠠ ᠵᠢᠨ ᠥᠭᠡᠷᠡᠴᠢᠯᠡᠯᠲᠡ ᠬᠢᠵᠦ᠂ ᠵᠣᠣ ᠰᠢᠶᠤᠤ ᠭᠠᠩ ᠬᠡᠷᠡᠭ ᠰᠢᠢ᠍ᠳᠪᠦᠷᠢᠯᠡᠬᠦ ᠠᠩᠭᠢ᠎ᠳᠤ ᠣᠷᠣᠵᠤ᠂ ᠡᠨᠡ ᠬᠦ᠌ ᠬᠦᠨᠳᠦ ᠡᠭᠦᠷᠭᠡ ᠵᠢ ᠡᠭᠦᠷᠭᠡᠯᠡᠭᠰᠡᠨ ᠪᠠᠶ᠋ᠢᠨ᠎ᠠ᠃ ᠲᠡᠷᠡ ᠠᠷᠠᠳ᠎ᠤᠨ ᠠᠮᠢᠳᠤᠷᠠᠯ᠎ᠤᠨ ᠪᠠᠭ᠎ᠠ ᠬᠡᠷᠡᠭ᠎ᠢ ᠴᠢᠩᠭ᠎ᠠ ᠠᠩᠬᠠᠷᠴᠤ᠂ ᠴᠠᠬᠢᠯᠭ᠋ᠠᠨ ᠬᠥᠳᠡᠯᠭᠡᠭᠦᠷᠲᠦ ᠲᠡᠷᠭᠡ ᠬᠤᠯᠠᠭ᠋ᠠᠶ᠋ᠢᠯᠠᠭᠰᠠᠨ ᠬᠡᠷᠡᠭ᠎ᠢ ᠵᠠᠯᠭ᠋ᠠᠭ᠎ᠠ᠎ᠪᠠᠷ ᠣᠯᠠᠨ ᠢᠯᠡᠷᠡᠭᠦᠯᠵᠦ᠂ ᠬᠠᠷᠢᠶ᠎ᠠ ᠣᠷᠣᠨ᠎ᠤ ᠣᠯᠠᠨ ᠲᠦᠮᠡᠨ᠎ᠳᠤ 《ᠨᠡᠶ᠋ᠢᠭᠡᠮ ᠲᠣᠭᠤᠷᠢᠭ᠎ᠤᠨ ᠳᠣᠷᠰᠢᠭᠤᠯᠴᠢ》 ᠭᠡᠵᠦ ᠦᠨᠡᠯᠡᠭᠳᠡᠪᠡ᠃

 

ᠢᠷᠡᠯᠲᠡ᠄ ᠪᠤᠭᠤᠲᠤ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ