ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
《ᠬᠡᠭᠦᠷ᠎ᠤᠨ ᠬᠡᠯᠡᠲᠡᠨ》 — ᠸᠠᠩ ᠬᠠᠶ ᠯᠦᠩ
ᠨᠡᠶ᠋ᠢᠲᠡᠯᠡᠭᠰᠡᠨ ᠴᠠᠭ᠄ 2023-11-07

        ᠸᠠᠩ ᠬᠠᠶ ᠯᠦᠩ᠂ ᠡᠷᠡᠭᠲᠡᠶ᠂ ᠡᠪ ᠬᠠᠮᠲᠤ ᠨᠠᠮ᠎ᠤᠨ ᠭᠡᠰᠢᠭᠦᠨ᠂ ᠣᠲᠣ ᠰᠢᠯᠢ ᠵᠢᠨ ᠭᠤᠤᠯ ᠠᠶ᠋ᠢᠮᠠᠭ᠎ᠤᠨ ᠵᠡᠭᠦᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠤᠯᠢ ᠪᠠᠷᠢᠯᠲᠠ ᠵᠢᠨ ᠰᠢᠯᠭ᠋ᠠᠨ ᠲᠣᠭᠲᠠᠭ᠋ᠠᠯᠲᠠ ᠵᠢᠨ ᠲᠥᠪ᠎ᠤᠨ ᠡᠷᠬᠢᠯᠡᠭᠴᠢ᠂ ᠰᠢᠯᠢ ᠵᠢᠨ ᠭᠤᠤᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠣᠯᠪᠠᠰᠤᠷᠠᠯ᠎ᠤᠨ ᠰᠠᠯᠪᠤᠷᠢ ᠠᠩᠭᠢ ᠵᠢᠨ ᠲᠤᠰᠢᠶᠠᠯ ᠬᠠᠪᠰᠤᠷᠭ᠋ᠠᠭᠰᠠᠨ ᠰᠤᠷᠭ᠋ᠠᠭᠴᠢ ᠵᠢᠨ ᠲᠤᠰᠢᠶᠠᠯ᠎ᠲᠠᠢ᠃ 1997 ᠣᠨ᠎ᠤ 7 ᠳ᠋ᠤᠭ᠋ᠠᠷ ᠰᠠᠷ᠎ᠠ᠎ᠳᠤ᠂ ᠲᠡᠷᠡ ᠡᠮᠨᠡᠯᠭᠡ ᠵᠢᠨ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ᠎ᠤ ᠲᠠᠷᠠᠭ᠎ᠠ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠵᠢᠨ ᠡᠮᠴᠢ ᠵᠢᠨ ᠦᠢ᠍ᠯᠡᠰ᠎ᠲᠤ ᠦᠢ᠍ᠯᠡᠴᠢᠯᠡᠵᠦ᠂ 20 ᠭᠠᠷᠤᠶ ᠵᠢᠯ᠎ᠤᠨ ᠲᠤᠷᠰᠢ ᠮᠢᠩᠭ᠎ᠠ ᠰᠢᠬᠠᠮ ᠬᠤᠪᠢ ᠰᠢᠯᠭ᠋ᠠᠨ ᠲᠣᠭᠲᠠᠭ᠋ᠠᠯᠲᠠ ᠵᠢᠨ ᠮᠡᠳᠡᠭᠦᠯᠦᠯᠲᠡ ᠭᠠᠷᠭ᠋ᠠᠵᠤ᠂ ᠡᠯ᠎ᠡ ᠲᠦᠷᠦᠯ᠎ᠤᠨ ᠬᠡᠷᠡᠭ᠎ᠤᠨ ᠲᠤᠬᠠᠶ ᠵᠢᠨ ᠲᠠᠯᠠᠪᠤᠷ᠎ᠢ ᠬᠠᠶ᠋ᠢᠨ ᠪᠠᠶ᠋ᠢᠴᠠᠭ᠋ᠠᠬᠤ᠎ᠳᠤ ᠵᠠᠭᠤ ᠭᠠᠷᠤᠶ ᠤᠳᠠᠭ᠎ᠠ ᠣᠷᠣᠯᠴᠠᠵᠤ᠂ ᠠᠵᠢᠯ᠎ᠳᠤ᠎ᠪᠠᠨ ᠥᠴᠦᠬᠡᠨ ᠴᠦ᠍ ᠠᠯᠳᠠᠭ᠎ᠠ ᠪᠤᠷᠤᠭᠤ ᠭᠠᠷᠭ᠋ᠠᠭᠰᠠᠨ ᠦᠭᠡᠢ᠂ ᠤᠷᠢᠳ ᠬᠤᠵᠢᠳ ᠬᠠᠮᠲᠤ ᠵᠢᠨ ᠭᠤᠷᠪᠠᠳᠤᠭ᠋ᠠᠷ ᠳᠡᠰ᠎ᠤᠨ ᠭᠠᠪᠢᠶ᠎ᠠ ᠪᠠ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠵᠢ 4 ᠤᠳᠠᠭ᠎ᠠ ᠲᠡᠮᠳᠡᠭᠯᠡᠭᠦᠯᠪᠡ᠃

      ᠬᠠᠤᠯᠢ ᠵᠢᠨ ᠡᠮᠴᠢ ᠪᠣᠯ ᠨᠢᠭᠡᠨ ᠨᠢᠭᠤᠴᠠᠯᠢᠭ ᠮᠥᠷᠲᠡᠭᠡᠨ ᠬᠥᠮᠦᠰ᠎ᠢ ᠪᠢᠰᠢᠷᠡᠭᠦᠯᠦᠮ᠎ᠡ ᠠᠵᠢᠯ ᠮᠥᠨ᠂ ᠲᠡᠳᠡᠨ᠎ᠢ 《ᠬᠡᠭᠦᠷ᠎ᠤᠨ ᠬᠡᠯᠡᠲᠡᠨ》 ᠭᠡᠳᠡᠭ᠃ ᠰᠢᠯᠢ ᠵᠢᠨ ᠭᠤᠤᠯ ᠠᠶ᠋ᠢᠮᠠᠭ᠎ᠤᠨ ᠵᠡᠭᠦᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠤᠯᠢ ᠪᠠᠷᠢᠯᠲᠠ ᠵᠢᠨ ᠰᠢᠯᠭ᠋ᠠᠨ ᠲᠣᠭᠲᠠᠭ᠋ᠠᠯᠲᠠ ᠵᠢᠨ ᠲᠥᠪ᠎ᠤᠨ ᠡᠷᠬᠢᠯᠡᠭᠴᠢ ᠸᠠᠩ ᠬᠠᠶ ᠯᠦᠩ ᠪᠣᠯ ᠳᠠᠷᠤᠶ ᠲᠡᠭᠦᠨ᠎ᠤ ᠳᠣᠲᠣᠷᠠᠬᠢ ᠨᠢᠭᠡ᠎ᠨᠢ ᠪᠣᠯᠤᠨ᠎ᠠ᠃

023cb6e2745d89d341e48df7c66ecfb.jpg    


     2018 ᠣᠨ᠎ᠤ ᠪᠢᠲᠡᠭᠦᠨ᠎ᠤ ᠰᠥᠨᠢ᠂ ᠪᠦᠬᠦ ᠤᠯᠤᠰ ᠵᠶ᠋ᠠᠷ ᠵᠶ᠋ᠠᠨ ᠰᠢᠨᠡᠯᠡᠨ ᠪᠠᠶᠠᠷ ᠬᠦᠷ᠎ᠲᠠᠢ᠎ᠪᠠᠷ ᠴᠤᠭᠯᠠᠷᠠᠬᠤ ᠴᠠᠭ ᠮᠥᠴᠡ᠎ᠳᠤ᠂ ᠬᠢᠯᠢ ᠵᠢᠨ ᠱᠤᠭᠤᠮ᠎ᠤᠨ ᠣᠶ᠋ᠢᠷᠠᠯᠴᠠᠭ᠎ᠠ ᠰᠠᠭᠤᠷᠢᠰᠢᠵᠤ ᠪᠠᠶ᠋ᠢᠭ᠎ᠠ ᠨᠢᠭᠡ ᠮᠠᠯᠴᠢᠨ ᠡᠴᠢᠭᠡ ᠬᠦᠦ ᠬᠤᠶᠠᠭᠤᠯᠠ ᠥᠪᠡᠷ᠎ᠤᠨ ᠬᠤᠳᠳᠤᠭ᠎ᠲᠤ᠎ᠪᠠᠨ ᠦᠬᠦᠪᠡ ᠭᠡᠰᠡᠨ ᠲᠦᠭᠰᠢᠭᠦᠷᠢ ᠮᠡᠳᠡᠭᠦᠯᠦᠯᠳᠡ ᠵᠢ ᠲᠤᠰᠪᠠ᠃ ᠬᠡᠷᠡᠭ᠎ᠤᠨ ᠮᠡᠳᠡᠭᠦᠯᠦᠯᠲᠡ ᠵᠢ ᠣᠯᠤᠭᠰᠠᠨ᠎ᠤ ᠲᠠᠷᠠᠭ᠎ᠠ᠂ ᠸᠠᠩ ᠬᠠᠢ ᠯᠦᠩ ᠬᠠᠮᠲᠤ ᠠᠵᠢᠯᠯᠠᠭᠰᠠᠳ᠎ᠲᠠᠢ᠎ᠪᠠᠨ ᠮᠠᠰᠢᠨ ᠲᠡᠷᠭᠡ᠎ᠪᠠᠷ 200 ᠭᠠᠷᠤᠢ ᠺᠢᠯᠦᠮᠸᠲᠷ᠎ᠤᠨ ᠬᠣᠯᠠ ᠪᠠᠢ᠌ᠭ᠎ᠠ ᠬᠡᠷᠡᠭ᠎ᠤᠨ ᠲᠤᠬᠠᠢ ᠵᠢᠨ ᠲᠠᠯᠠᠪᠠᠢ ᠵᠦᠭ ᠮᠣᠷᠳᠠᠪᠠ᠃ ᠲᠤᠬᠠᠢ ᠵᠢᠨ ᠡᠳᠦᠷ ᠵᠠᠮ ᠳᠡᠭᠡᠷ᠎ᠡ ᠴᠠᠰᠤ ᠬᠤᠷᠠᠵᠤ᠂ ᠴᠠᠭ᠋ᠠᠨ ᠵᠤᠳ ᠪᠣᠯᠵᠤ᠂ ᠮᠠᠰᠢᠨ ᠲᠡᠷᠭᠡ ᠴᠠᠭ ᠢᠮᠠᠭᠲᠠ ᠴᠠᠰᠤᠨ᠎ᠳᠤ ᠭᠤᠳᠤᠷᠠᠬᠤ ᠲᠦᠭᠰᠢᠭᠦᠷᠢ᠎ᠳᠤ ᠲᠤᠯᠭ᠋ᠠᠷᠠᠵᠤ᠂ 6 ᠴᠠᠭ ᠭᠠᠷᠤᠢ ᠬᠦᠴᠢᠷ ᠪᠡᠷᠬᠡᠰᠢᠶᠡᠯ᠎ᠲᠠᠢ᠎ᠪᠠᠷ ᠠᠶᠠᠯᠠᠵᠤ᠂ ᠲᠩᠷᠢ ᠭᠡᠭᠡᠷᠡᠬᠦ᠎ᠠᠴᠠ ᠡᠮᠦᠨ᠎ᠡ ᠲᠤᠬᠠᠢ ᠵᠢᠨ ᠲᠠᠯᠠᠪᠠᠢ᠎ᠳᠤ ᠬᠦᠷᠴᠡᠢ᠃ ᠲᠡᠭ᠎ᠠᠴᠠ ᠳᠣᠷᠣᠭᠰᠢ 40 ᠭ᠋ᠷᠠᠳᠦ᠋ᠰ᠎ᠤᠨ ᠳᠣᠣᠷ᠎ᠠ᠂ ᠳᠡᠳᠡ 4 ᠴᠠᠭ ᠭᠠᠷᠤᠢ ᠵᠢᠨ ᠬᠤᠭᠤᠴᠠᠭ᠋ᠠᠨ᠎ᠳᠤ ᠰᠢᠯᠭ᠋ᠠᠨ ᠬᠠᠶ᠋ᠢᠨ ᠪᠠᠶ᠋ᠢᠴᠠᠭ᠋ᠠᠬᠤ ᠠᠵᠢᠯ᠎ᠢ ᠪᠡᠶᠡᠯᠡᠭᠦᠯᠵᠦ᠂ ᠡᠴᠦᠰ᠎ᠲᠤ᠎ᠪᠠᠨ ᠡᠴᠢᠭᠡ ᠬᠦᠦ ᠬᠤᠶᠠᠭᠤᠯᠠ ᠬᠤᠳᠳᠤᠭ᠎ᠠᠴᠠ ᠤᠰᠤ ᠳᠠᠲᠠᠬᠤ᠎ᠳᠤ ᠭᠤᠯᠭᠤᠨ ᠣᠷᠣᠭ᠋ᠠᠳ ᠰᠠᠨᠠᠭ᠋ᠠᠨ᠎ᠳᠤ ᠦᠭᠡᠢ ᠦᠬᠦᠭᠰᠡᠨ᠎ᠢ ᠨᠤᠲᠠᠯᠠᠪᠠ᠃

     ᠥᠩᠭᠡᠷᠡᠭᠰᠡᠨ᠎ᠳᠤ᠂ ᠬᠠᠤᠯᠢ ᠵᠢᠨ ᠡᠮᠴᠢ ᠵᠢᠨ ᠠᠵᠢᠯ᠎ᠨᠢ ᠨᠢᠭᠡ ᠦᠶ᠎ᠡ ᠵᠡᠭᠦᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠡᠷᠡᠭᠦᠤ ᠵᠢᠨ ᠬᠡᠷᠡᠭ᠎ᠤᠨ ᠮᠡᠷᠭᠡᠵᠢᠯ᠎ᠤᠨ ᠳᠤᠲᠠᠭᠤᠳᠠᠯ ᠪᠣᠯᠵᠣ᠂ ᠬᠥᠮᠦᠨ᠂ ᠡᠳ᠋ ᠪᠣᠳᠠᠰ ᠪᠠ ᠪᠠᠭ᠋ᠠᠵᠢ ᠬᠡᠷᠡᠭᠰᠡᠯ ᠳᠤᠲᠠᠭᠳᠠᠵᠤ ᠪᠠᠶ᠋ᠢᠪᠠ᠃ ᠬᠠᠤᠯᠢ ᠵᠢᠨ ᠡᠮᠴᠢ ᠵᠢᠨ ᠠᠵᠢᠯ᠎ᠳᠤ ᠣᠷᠣᠯᠴᠠᠭᠰᠠᠨ ᠡᠬᠢᠨ᠎ᠤ ᠦᠶ᠎ᠡ᠎ᠳᠤ ᠬᠡᠳᠦᠬᠡᠨ ᠮᠡᠰᠡ ᠵᠠᠰᠠᠯ᠎ᠤᠨ ᠬᠢᠲᠤᠭ᠎ᠠ᠂ ᠬᠠᠷᠢᠴᠠᠭ᠋ᠠᠲᠤ ᠱᠤᠭᠤᠮ᠎ᠠᠴᠠ ᠳᠦᠷᠢᠮᠵᠢᠭᠰᠡᠨ ᠬᠠᠤᠯᠢ ᠪᠠᠷᠢᠯᠲᠠ ᠵᠢᠨ ᠰᠢᠯᠭ᠋ᠠᠨ ᠲᠣᠭᠲᠠᠭ᠋ᠠᠯᠲᠠ ᠵᠢᠨ ᠲᠥᠪ ᠬᠦᠷᠲᠡᠯ᠎ᠡ᠂ ᠠᠨᠠᠲ᠋ᠣᠮᠢ ᠵᠢᠨ ᠲᠠᠰᠤᠭ᠎ᠢ ᠪᠠᠶ᠋ᠢᠭᠤᠯᠵᠤ ᠳᠠᠭᠤᠰᠬᠠᠭᠰᠠᠨ᠎ᠨᠢ ᠴᠥᠮ ᠸᠠᠩ ᠬᠠᠢ ᠯᠦᠩ᠎ᠤᠨ ᠤᠶᠤᠨ ᠤᠬᠠᠭ᠋ᠠᠨ ᠪᠠ ᠬᠦᠳᠡᠯᠮᠦᠷᠢ᠎ᠠᠴᠠ ᠰᠠᠯᠵᠤ ᠴᠢᠳᠠᠰᠢ ᠦᠭᠡᠢ᠃

     ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠲᠤᠰᠬᠠᠶ ᠮᠡᠷᠭᠡᠵᠢᠯ᠎ᠤᠨ ᠶᠡᠭᠡ ᠰᠤᠷᠭ᠋ᠠᠭᠤᠯᠢ ᠲᠡᠭᠦᠰᠦᠭᠰᠡᠨ ᠣᠶᠤᠲᠠᠨ ᠪᠣᠯᠤᠭᠰᠠᠨ᠎ᠤ ᠬᠤᠪᠢ᠎ᠳᠤ᠂ ᠸᠠᠩ ᠬᠠᠶ ᠯᠦᠩ ᠥᠪᠡᠷᠲᠡᠭᠡᠨ ᠰᠤᠷᠤᠯᠴᠠᠬᠤ ᠡᠮᠴᠢᠯᠡᠭᠡᠨ᠎ᠤ ᠠᠨᠠᠭ᠋ᠠᠬᠤ ᠤᠬᠠᠭ᠋ᠠᠨ ᠵᠡᠷᠭᠡ ᠬᠤᠰᠢᠭᠤᠷᠠᠯ ᠰᠢᠨᠵᠢᠯᠡᠭᠡᠨ᠎ᠤ ᠰᠠᠯᠠᠭ᠎ᠠ ᠵᠢ ᠬᠥᠭᠡᠭᠡᠴᠡᠯᠳᠦᠵᠦ᠂ ᠭᠢᠷᠢᠨ ᠶᠡᠭᠡ ᠰᠤᠷᠭ᠋ᠠᠭᠤᠯᠢ ᠵᠢᠨ ᠡᠪᠡᠳᠴᠢᠨ᠎ᠤ ᠵᠦᠶ ᠵᠢᠨ ᠤᠬᠠᠭ᠋ᠠᠨ᠎ᠤ ᠪᠦᠬᠦᠯᠢ ᠡᠳᠦᠷ᠎ᠤᠨ ᠳᠦᠷᠢᠮᠲᠦ ᠠᠰᠫᠢᠷᠠᠨᠲ ᠵᠶ᠋ᠠᠷ ᠬᠠᠤᠯᠢ ᠴᠠᠭ᠋ᠠᠵᠠ ᠵᠢᠨ ᠬᠢᠷᠢ ᠬᠡᠮ᠎ᠤᠨ ᠰᠢᠯᠭ᠋ᠠᠯᠲᠠ᠎ᠳᠤ ᠢᠳᠡᠪᠬᠢᠲᠡᠶ ᠣᠷᠣᠯᠴᠠᠵᠤ᠂ ᠬᠠᠤᠯᠢ ᠴᠠᠭ᠋ᠠᠵᠠ᠂ ᠬᠠᠤᠯᠢ ᠵᠢᠨ ᠠᠨᠠᠭ᠋ᠠᠬᠤ ᠤᠬᠠᠭ᠋ᠠᠨ᠂ ᠬᠠᠤᠯᠢ ᠵᠢᠨ ᠠᠨᠠᠭ᠋ᠠᠬᠤ ᠤᠬᠠᠭ᠋ᠠᠨ᠎ᠤ ᠡᠪᠡᠳᠴᠢᠨ᠎ᠤ ᠵᠦᠢ ᠵᠢᠨ ᠤᠬᠠᠭ᠋ᠠᠨ᠂ ᠠᠨᠠᠲ᠋ᠣᠮᠢ ᠵᠢᠨ ᠤᠬᠠᠭ᠋ᠠᠨ᠂ ᠬᠠᠤᠯᠢ ᠵᠢᠨ ᠠᠨᠠᠭ᠋ᠠᠬᠤ ᠤᠬᠠᠭ᠋ᠠᠨ᠎ᠤ ᠡᠮᠴᠢᠯᠡᠭᠡᠨ᠎ᠤ ᠤᠬᠠᠭ᠋ᠠᠨ ᠵᠡᠷᠭᠡ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠰᠢᠷᠭ᠋ᠠᠭᠤ ᠰᠤᠳᠤᠯᠵᠤ᠂ ᠳᠡᠭᠡᠳᠦ ᠱᠠᠲᠤ ᠵᠢᠴᠢ ᠠᠬ᠎ᠠ ᠳᠡᠭᠦᠦ ᠪᠠᠶ᠋ᠢᠭᠤᠯᠭ᠎ᠠ ᠵᠢᠨ ᠬᠠᠤᠯᠢ ᠵᠢᠨ ᠡᠮᠴᠢ᠎ᠠᠴᠠ ᠳᠠᠷᠤᠤ ᠬᠢᠴᠢᠶᠡᠩᠭᠦᠶ᠎ᠪᠠᠷ ᠰᠤᠷᠤᠯᠴᠠᠵᠤ᠂ ᠪᠤᠰᠤᠳ ᠬᠠᠤᠯᠢ ᠵᠢᠨ ᠠᠨᠠᠭ᠋ᠠᠬᠤ ᠤᠬᠠᠭ᠋ᠠᠨ᠎ᠤ ᠮᠡᠷᠭᠡᠵᠢᠯ᠎ᠤᠨ ᠠᠵᠢᠯᠲᠠᠳ᠎ᠲᠠᠢ ᠤᠢ᠍ᠢ᠍ᠷ᠎ᠠ ᠵᠢᠨ ᠵᠢᠯ᠎ᠤᠨ ᠲᠤᠷᠰᠢᠬᠢ ᠬᠠᠷᠢᠶ᠎ᠠ ᠣᠷᠣᠨ᠎ᠤ᠎ᠪᠠᠨ ᠭᠡᠮᠲᠦᠭᠡᠵᠦ ᠬᠥᠮᠦᠨ ᠠᠯᠠᠭᠰᠠᠨ ᠬᠡᠷᠡᠭ᠎ᠤᠨ ᠣᠨᠴᠠᠯᠢᠭ ᠪᠠ ᠵᠢᠮ᠎ᠡ ᠶᠣᠰᠣ ᠵᠢ ᠨᠠᠷᠢᠨ ᠬᠢᠨᠠᠮᠠᠭ᠋ᠠᠢ ᠰᠤᠳᠤᠯᠪᠠ᠃ 20 ᠭᠠᠷᠤᠢ ᠵᠢᠯ᠎ᠤᠨ ᠲᠤᠷᠰᠢ᠂ ᠬᠤᠪᠢ ᠪᠡᠶ᠎ᠡ᠎ᠪᠠᠷ ᠵᠶ᠋ᠡᠨ ᠪᠤᠶᠤ ᠪᠤᠰᠤᠳ ᠬᠠᠤᠯᠢ ᠵᠢᠨ ᠠᠨᠠᠭ᠋ᠠᠬᠤ ᠤᠬᠠᠭ᠋ᠠᠨ᠎ᠤ ᠲᠤᠰᠬᠠᠢ ᠮᠡᠷᠭᠡᠵᠢᠯ᠎ᠤᠨ ᠠᠵᠢᠯᠲᠠᠳ᠎ᠲᠠᠢ ᠬᠠᠮᠲᠤᠷᠠᠨ ᠡᠷᠳᠡᠮ ᠰᠢᠨᠵᠢᠯᠡᠭᠡᠨ᠎ᠤ ᠥᠭᠦᠯᠡᠯ ᠣᠯᠠᠨ ᠪᠢᠴᠢᠵᠦ᠂ ᠵᠠᠯᠭ᠋ᠠᠭ᠎ᠠ᠎ᠪᠠᠷ ᠭᠤᠷᠪᠠᠨ ᠬᠤᠭᠤᠴᠠᠭ᠎ᠠ ᠤᠷᠢᠯᠭ᠎ᠠ᠎ᠪᠠᠷ ᠳᠤᠮᠳᠠᠳᠤ ᠤᠯᠤᠰ᠎ᠤᠨ ᠬᠠᠤᠯᠢ ᠵᠢᠨ ᠠᠨᠠᠭ᠋ᠠᠬᠤ ᠤᠬᠠᠭ᠋ᠠᠨ᠎ᠤ ᠨᠡᠶ᠋ᠢᠭᠡᠮᠯᠢᠭ᠎ᠤᠨ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠳᠤ ᠣᠷᠣᠯᠴᠠᠵᠤ᠂ ᠬᠠᠤᠯᠢ ᠵᠢᠨ ᠠᠨᠠᠭ᠋ᠠᠬᠤ ᠤᠬᠠᠭ᠋ᠠᠨ᠎ᠤ ᠬᠢᠨᠠᠨ ᠲᠣᠭᠲᠠᠭ᠋ᠠᠯᠲᠠ ᠵᠢᠨ ᠠᠵᠢᠯ ᠲᠦᠷᠦᠯ᠎ᠤᠨ ᠣᠷᠦ᠋ᠢ᠍ᠯᠠᠭᠴᠢ ᠪᠣᠯᠵᠠᠢ᠃

      2017 ᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠨᠠᠨ ᠲᠣᠭᠲᠠᠭ᠋ᠠᠬᠤ ᠪᠠᠶ᠋ᠢᠭᠤᠯᠤᠮᠵᠢ ᠵᠢ ᠭᠡᠷᠡᠴᠢᠯᠡᠬᠦ ᠠᠵᠢᠯ᠎ᠤᠨ ᠳᠤᠮᠳᠠ᠂ ᠸᠠᠩ ᠬᠠᠶ ᠯᠦᠩ ᠬᠢᠨᠠᠨ ᠲᠣᠭᠲᠠᠭ᠋ᠠᠬᠤ ᠣᠯᠠᠨ ᠲᠥᠷᠥᠯ ᠵᠦᠢ᠍ᠯ᠎ᠤᠨ ᠰᠢᠰᠲ᠋ᠧᠮᠵᠢ ᠵᠢᠨ ᠪᠢᠴᠢᠭ ᠮᠠᠲ᠋ᠧᠷᠢᠶᠠᠯ᠎ᠢ ᠪᠠᠶ᠋ᠢᠭᠤᠯᠤᠨ ᠲᠡᠭᠦᠯᠳᠡᠷᠵᠢᠭᠦᠯᠬᠦ ᠪᠠ ᠵᠠᠰᠠᠪᠤᠷᠢ ᠣᠷᠣᠭᠤᠯᠬᠤ ᠠᠵᠢᠯ᠎ᠢ ᠭᠠᠭᠴᠠᠭ᠋ᠠᠷ ᠪᠡᠶᠡᠯᠡᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠬᠡ ᠣᠯᠭᠤᠨ ᠳᠠᠩᠰᠠᠯᠠᠬᠤ ᠪᠠ ᠥᠪᠥᠷ ᠮᠣᠩᠭᠤᠯ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ ᠵᠢᠨ ᠬᠢᠷᠢ ᠬᠡᠮ᠎ᠤᠨ ᠮᠠᠭ᠋ᠠᠳᠯᠠᠨ ᠲᠣᠭᠲᠠᠭ᠋ᠠᠯᠲᠠ ᠵᠢ ᠰᠢᠯᠢ ᠵᠢᠨ ᠭᠤᠤᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠤᠷᠢᠳᠠᠪᠠᠷ ᠥᠩᠭᠡᠷᠡᠭᠡᠭᠰᠡᠨ ᠪᠠᠶ᠋ᠢᠨ᠎ᠠ᠃ ᠲᠡᠭᠦᠨ᠎ᠤ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ ᠴᠢᠳᠠᠪᠤᠷᠢ᠎ᠨᠢ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠢᠨᠠᠨ ᠲᠣᠭᠲᠠᠭ᠋ᠠᠬᠤ ᠪᠠᠶ᠋ᠢᠭᠤᠯᠤᠮᠵᠢ ᠵᠢᠨ ᠠᠵᠢᠯ ᠨᠢᠭᠡᠲᠡᠨ᠎ᠤ ᠰᠠᠶ᠋ᠢᠨ ᠦᠨᠡᠯᠡᠯᠲᠡ ᠵᠢ ᠣᠯᠵᠤ᠂ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠲᠣᠮᠢᠯᠠᠯᠲᠠ᠎ᠪᠠᠷ ᠪᠤᠰᠤᠳ ᠬᠤᠰᠢᠭᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠢᠨᠠᠨ ᠲᠣᠭᠲᠠᠭ᠋ᠠᠬᠤ ᠪᠠᠶ᠋ᠢᠭᠤᠯᠤᠮᠵᠢ ᠵᠢᠨ ᠭᠡᠷᠡᠴᠢᠯᠡᠯ᠎ᠤᠨ ᠠᠵᠢᠯ᠎ᠤᠨ ᠵᠢᠯᠣᠭᠤᠳᠬᠤ ᠪᠠᠭᠰᠢ ᠵᠢᠨ ᠲᠤᠰᠢᠶᠠᠯ᠎ᠢ ᠡᠭᠦᠷᠭᠡᠯᠡᠵᠡᠶ᠃

d038301fb38018b29cf8794128f636d.jpg   


     ᠣᠯᠠᠨ ᠵᠢᠯ᠎ᠤᠨ ᠲᠤᠷᠰᠢ᠂ ᠸᠠᠩ ᠬᠠᠶ ᠯᠦᠩ ᠣᠳᠣ ᠵᠢᠨ ᠪᠠᠶ᠋ᠢᠭ᠎ᠠ ᠨᠥᠬᠦᠴᠡᠯ ᠵᠶ᠋ᠠᠨ ᠭᠦᠢ᠍ᠴᠡᠳ ᠠᠰᠢᠭᠯᠠᠨ ᠶᠡᠭᠡ ᠳᠡᠭᠡᠳᠦ ᠰᠤᠷᠭ᠋ᠠᠭᠤᠯᠢ ᠪᠤᠶᠤ ᠪᠤᠰᠤᠳ ᠨᠢᠭᠡᠴᠢ᠎ᠲᠠᠢ ᠬᠠᠮᠲᠤᠷᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ ᠥᠷᠨᠢᠭᠦᠯᠵᠦ᠂ ᠣᠯᠠᠨ ᠵᠢᠯ᠎ᠤᠨ ᠲᠤᠷᠰᠢᠬᠢ ᠬᠠᠤᠯᠢ ᠵᠢᠨ ᠠᠨᠠᠭ᠋ᠠᠬᠤ ᠤᠬᠠᠭ᠋ᠠᠨ᠎ᠤ ᠠᠵᠢᠯ᠎ᠤᠨ ᠦᠢ᠍ᠯᠡᠳᠦᠯᠭᠡ ᠵᠢᠨ ᠲᠤᠷᠰᠢᠯᠭ᠎ᠠ ᠪᠠ ᠡᠪᠡᠳᠴᠢᠨ᠎ᠤ ᠵᠦᠢ ᠵᠢᠨ ᠤᠬᠠᠭ᠋ᠠᠨ᠎ᠤ ᠮᠠᠰᠲ᠋ᠧᠷ᠎ᠤᠨ ᠰᠤᠳᠤᠯᠭ᠋ᠠᠨ᠎ᠤ ᠦᠷ᠎ᠡ ᠪᠦᠳᠦᠮᠵᠢ᠎ᠳᠤ᠎ᠪᠠᠨ ᠲᠦᠰᠢᠭᠯᠡᠨ᠂ ᠡᠪᠡᠳᠴᠢᠨ᠎ᠤ ᠵᠦᠢ ᠵᠢ ᠰᠢᠯᠭ᠋ᠠᠨ ᠪᠠᠢ᠌ᠴᠠᠭ᠋ᠠᠵᠤ ᠬᠢᠨᠠᠨ ᠲᠤᠭᠳᠠᠭ᠋ᠠᠬᠤ ᠰᠤᠳᠤᠯᠭ᠋ᠠᠨ᠎ᠤ ᠠᠵᠢᠯ᠎ᠢ ᠢᠳᠡᠪᠬᠢᠲᠡᠢ ᠥᠷᠨᠢᠭᠦᠯᠬᠦ ᠵᠢᠨ ᠬᠠᠮᠳᠤ ᠭᠢᠷᠢᠨ ᠶᠡᠭᠡ ᠰᠤᠷᠭ᠋ᠠᠭᠤᠯᠢ ᠵᠢᠨ ᠬᠠᠤᠯᠢ ᠪᠠᠷᠢᠯᠲᠠ ᠵᠢᠨ ᠰᠢᠯᠭ᠋ᠠᠨ ᠲᠣᠭᠲᠠᠭ᠋ᠠᠯᠲᠠ ᠵᠢᠨ ᠲᠥᠪ ᠵᠢᠴᠢ ᠭᠢᠷᠢᠨ᠎ᠤ ᠢ ᠨᠥᠸᠸ ᠬᠠᠤᠯᠢ ᠪᠠᠷᠢᠯᠲᠠ ᠵᠢᠨ ᠰᠢᠯᠭ᠋ᠠᠨ ᠲᠣᠭᠲᠠᠭ᠋ᠠᠯᠲᠠ ᠵᠢᠨ ᠲᠥᠪ᠎ᠲᠠᠢ ᠲᠤᠬᠠᠶ᠋ᠢᠯᠠᠭᠰᠠᠨ ᠠᠵᠢᠯ᠎ᠤᠨ ᠰᠠᠶ᠋ᠢᠨ ᠬᠠᠷᠢᠯᠴᠠᠭ᠎ᠠ ᠪᠠᠶ᠋ᠢᠭᠤᠯᠵᠤ᠂ ᠬᠠᠤᠯᠢ ᠵᠢᠨ ᠡᠮᠴᠢ ᠵᠢᠨ ᠠᠵᠢᠯ᠎ᠤᠨ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠰᠡᠵᠢᠭ᠎ᠢ ᠲᠠᠶ᠋ᠢᠯᠬᠤ ᠰᠢᠪᠲᠤᠯᠤᠯᠲᠠ ᠵᠢᠨ ᠴᠡᠭ᠎ᠢ ᠲᠠᠰᠤᠷᠠᠯᠲᠠ ᠥᠬᠡᠶ ᠬᠠᠶ᠋ᠢᠨ ᠰᠦᠪᠡᠭᠴᠢᠯᠡᠵᠦ᠂ ᠬᠦᠴᠢᠷ ᠲᠦᠪᠡᠭᠲᠡᠶ ᠬᠡᠷᠡᠭ᠎ᠢ ᠵᠠᠳᠠᠯᠤᠨ ᠰᠢᠨᠵᠢᠯᠡᠵᠦ ᠬᠠᠮᠲᠤᠷᠠᠨ ᠣᠨᠣᠰᠢᠯᠠᠬᠤ ᠠᠵᠢᠯ᠎ᠳᠤ ᠣᠯᠠᠨ ᠤᠳᠠᠭ᠎ᠠ ᠣᠷᠣᠯᠴᠠᠵᠤ᠂ ᠠᠯᠢ ᠣᠯᠠᠨ ᠬᠠᠤᠯᠢ ᠵᠢᠨ ᠠᠨᠠᠭ᠋ᠠᠬᠤ ᠤᠬᠠᠭ᠋ᠠᠨ᠎ᠤ ᠰᠠᠨᠠᠭᠤᠯᠭ᠎ᠠ ᠳᠤᠷᠠᠳᠴᠤ᠂ ᠥᠭᠦᠭᠰᠡᠳ᠎ᠢ 《ᠠᠮᠠ ᠨᠡᠭᠡᠭᠡᠨ ᠦᠭᠡ ᠶᠠᠷᠢᠭᠤᠯᠬᠤ》᠂ ᠥᠭᠦᠭᠰᠡᠳ᠎ᠲᠠᠢ 《ᠶᠠᠷᠢᠯᠴᠠᠭᠤᠯᠬᠤ》᠂ ᠥᠭᠦᠭᠰᠡᠳ᠎ᠤᠨ ᠨᠢᠭᠤᠴᠠ ᠨᠣᠮᠧᠷ᠎ᠢ ᠣᠷᠴᠢᠭᠤᠯᠵᠤ ᠴᠢᠳᠠᠬᠤ ᠪᠣᠯᠭ᠋ᠠᠵᠠᠶ᠃

    2013 ᠣᠨ᠎ᠤ 5 ᠳ᠋ᠤᠭ᠋ᠠᠷ ᠰᠠᠷ᠎ᠠ᠎ᠳᠤ᠂ ᠸᠠᠩ ᠬᠠᠶ ᠯᠦᠩ ᠨᠢᠭᠡᠨ ᠶᠠᠰᠤᠵᠢᠭᠰᠠᠨ ᠬᠡᠭᠦᠷ᠎ᠢ ᠰᠢᠯᠭ᠋ᠠᠨ ᠪᠠᠶ᠋ᠢᠴᠠᠭ᠋ᠠᠬᠤ ᠡᠭᠦᠷᠭᠡ᠎ᠳᠤ ᠰᠢᠭᠤᠳ ᠣᠷᠣᠯᠴᠠᠵᠤ᠂ ᠭᠤᠣᠯ ᠪᠠᠶ᠋ᠢᠴᠠᠭ᠋ᠠᠬᠤ ᠬᠠᠤᠯᠢ ᠵᠢᠨ ᠡᠮᠴᠢ ᠪᠣᠯᠤᠭᠰᠠᠨ᠎ᠤ ᠬᠤᠪᠢ᠎ᠳᠤ᠂ ᠬᠡᠭᠦᠷ᠎ᠢ ᠰᠢᠯᠭ᠋ᠠᠨ ᠪᠠᠶ᠋ᠢᠴᠠᠭ᠋ᠠᠬᠤ᠎ᠪᠠᠷ ᠳᠠᠮᠵᠢᠨ᠂ ᠬᠡᠭᠦᠷ᠎ᠤᠨ ᠶᠠᠰᠤ᠎ᠨᠢ ᠪᠦᠷᠢᠨ ᠪᠦᠲᠦᠨ᠂ ᠬᠡᠯᠡᠨ᠎ᠤ ᠶᠠᠰᠤ᠎ᠨᠢ ᠪᠦᠷᠢᠨ ᠪᠤᠰᠤ᠂ ᠳᠣᠣᠷ᠎ᠠ ᠮᠥᠴᠢ᠎ᠳᠤ ᠪᠠᠭ᠎ᠠ ᠰᠠᠭ᠎ᠠ ᠵᠥᠭᠡᠯᠡᠨ ᠨᠡᠬᠡᠳᠡᠰᠦ ᠪᠠᠶ᠋ᠢᠬᠤ ᠵᠢ ᠭᠠᠷᠭ᠋ᠠᠪᠠᠯ᠂ ᠪᠤᠰᠤᠳ ᠬᠡᠰᠡᠭ᠎ᠤᠨ ᠵᠥᠭᠡᠯᠡᠨ ᠨᠡᠬᠡᠳᠡᠰᠦ᠎ᠨᠢ ᠴᠥᠮ ᠢᠯᠵᠢᠷᠡᠭᠰᠡᠨ ᠵᠡᠷᠭᠡ ᠣᠨᠴᠠᠯᠢᠭ᠎ᠨᠢ ᠶᠠᠯ᠎ᠠ ᠬᠢᠭᠰᠡᠨ ᠰᠡᠵᠢᠭᠳᠡᠨ᠎ᠤ ᠲᠤᠰᠢᠶᠠᠭᠰᠠᠨ ᠬᠡᠷᠡᠭ ᠦᠢ᠍ᠯᠡᠳᠦᠭᠰᠡᠨ ᠶᠠᠪᠤᠴᠠ᠎ᠲᠠᠢ ᠨᠡᠶ᠋ᠢᠴᠡᠵᠦ᠂ ᠰᠢᠯᠭ᠋ᠠᠨ ᠪᠠᠶ᠋ᠢᠴᠠᠭ᠋ᠠᠭᠰᠠᠨ ᠦᠷ᠎ᠡ ᠳ᠋ᠦᠩ᠎ᠨᠢ ᠣᠨᠣᠪᠴᠢᠲᠠᠢ ᠪᠥᠭᠡᠳ ᠰᠢᠭᠦᠬᠦ ᠲᠢᠩᠬᠢᠮ᠎ᠳᠤ ᠬᠦᠯᠢᠶᠡᠨ ᠠᠪᠤᠭᠳᠠᠵᠤ᠂ 3 ᠵᠢᠯ ᠬᠢᠯᠢᠰᠳᠡᠭᠰᠡᠨ ᠬᠥᠮᠦᠨ ᠠᠯᠠᠭᠰᠠᠨ ᠬᠡᠷᠡᠭ᠎ᠢ ᠠᠮᠵᠢᠯᠲᠠ᠎ᠲᠠᠢ ᠢᠯᠡᠷᠡᠭᠦᠯᠬᠦ᠎ᠳᠤ ᠴᠢᠬᠤᠯᠠ ᠬᠠᠤᠯᠢ ᠵᠢᠨ ᠡᠮᠴᠢ ᠵᠢᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃

     ᠸᠠᠩ ᠬᠠᠢ ᠯᠦᠩ ᠦᠨᠳᠦᠰᠦᠨ ᠱᠠᠲᠤᠨ᠎ᠳᠤ 22 ᠵᠢᠯ ᠰᠠᠭᠤᠷᠢᠰᠢᠵᠤ᠂ ᠤᠶᠤᠨ ᠤᠬᠠᠭ᠋ᠠᠨ ᠤᠷ᠎ᠠ ᠴᠢᠳᠠᠪᠤᠷᠢ᠎ᠪᠠᠷ ᠵᠶ᠋ᠠᠨ ᠰᠡᠵᠢᠭ᠎ᠲᠠᠢ ᠬᠡᠷᠡᠭ᠎ᠤᠨ ᠳᠤᠲᠠᠭᠤᠳᠠᠯ᠎ᠢ ᠨᠡᠭᠡᠭᠡᠭᠰᠡᠨ ᠬᠠᠤᠯᠢ ᠵᠢᠨ ᠡᠮᠴᠢ ᠵᠢᠨ ᠠᠵᠢᠯᠲᠠᠨ ᠪᠣᠯᠵᠠᠢ᠃ ᠣᠯᠠᠨ ᠵᠢᠯ᠎ᠤᠨ ᠲᠤᠷᠰᠢ᠂ ᠡᠳᠦᠷ ᠰᠥᠨᠢ ᠪᠤᠶᠤ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠭᠡᠰᠡᠨ ᠦᠭᠡᠶ᠂ ᠠᠮᠢᠨ ᠬᠡᠷᠡᠭ ᠭᠠᠷᠳᠠᠭ ᠯᠠ ᠶᠤᠮ ᠪᠣᠯ᠂ ᠲᠡᠷᠡ ᠶᠡᠷᠦ᠎ᠨᠢ ᠬᠡᠷᠡᠭ ᠭᠠᠷᠤᠭᠰᠠᠨ ᠭᠠᠵᠠᠷ᠎ᠲᠤ ᠬᠠᠮᠤᠭ ᠲᠡᠷᠢᠭᠦᠨ᠎ᠳᠤ ᠬᠦᠷᠴᠦ᠂ ᠢᠳᠡᠬᠦ ᠣᠤᠭᠤᠬᠤ ᠶᠠᠪᠤᠵᠤ ᠰᠠᠭᠤᠬᠤ᠎ᠨᠢ ᠶᠡᠷᠦ᠎ᠨᠢ ᠲᠣᠭᠲᠠᠭᠰᠠᠨ ᠴᠠᠭ ᠭᠡᠵᠦ ᠪᠠᠶ᠋ᠢᠳᠠᠭ ᠦᠭᠡᠢ᠃

    ᠠᠵᠢᠯ᠎ᠳᠤ ᠣᠷᠤᠯᠴᠠᠭᠰᠠᠨ ᠡᠬᠢᠨ᠎ᠤ ᠦᠶ᠎ᠡ᠎ᠳᠤ᠂ ᠬᠠᠷᠢᠶ᠎ᠠ ᠣᠷᠣᠨ᠎ᠳᠤ ᠳᠡᠭᠡᠳᠦ ᠬᠡᠮᠵᠢᠶ᠎ᠡ᠎ᠪᠠᠷ ᠢᠯᠵᠠᠷᠠᠭᠰᠠᠨ 3 ᠬᠡᠭᠦᠷ ᠢᠯᠡᠷᠡᠵᠦ᠂ ᠸᠠᠩ ᠬᠠᠶ ᠯᠦᠩ ᠪᠣᠯᠤᠨ ᠲᠤᠷᠰᠢᠨ ᠪᠠᠶ᠋ᠢᠴᠠᠭ᠋ᠠᠬᠤ ᠠᠵᠢᠯᠲᠠᠨ ᠬᠠᠮᠲᠤ᠎ᠪᠠᠷ ᠲᠤᠬᠠᠶ ᠵᠢᠨ ᠲᠠᠯᠠᠪᠠᠶ᠎ᠳᠤ ᠬᠦᠷᠬᠦ᠎ᠳᠤ᠂ ᠬᠠᠮᠠᠷ ᠭᠠᠳᠠᠮ᠎ᠠ ᠦᠮᠡᠬᠡᠶ ᠪᠠᠶ᠋ᠢᠪᠠ᠃ ᠲᠡᠷᠡ 5 ᠴᠠᠭ ᠭᠠᠷᠤᠶ ᠨᠠᠷᠢᠨ ᠨᠢᠮᠪᠠᠶ ᠰᠢᠯᠭ᠋ᠠᠨ ᠪᠠᠶ᠋ᠢᠴᠠᠭ᠋ᠠᠵᠤ᠂ ᠡᠴᠦᠰ᠎ᠲᠤ᠎ᠪᠠᠨ ᠲᠡᠭᠦᠨ᠎ᠢ ᠬᠤᠣᠷᠯᠠᠨ ᠠᠯᠠᠭᠰᠠᠨ ᠬᠡᠷᠡᠭ ᠮᠥᠨ ᠭᠡᠵᠦ ᠳᠣᠲᠣᠯᠠᠵᠠᠶ᠂ ᠡᠷᠡᠭᠦᠦ ᠵᠢᠨ ᠴᠠᠭᠳᠠᠭ᠎ᠠ ᠨᠠᠷ ᠬᠢᠨᠠᠨ ᠲᠣᠭᠲᠠᠭ᠋ᠠᠭᠰᠠᠨ ᠳ᠋ᠦᠩ᠎ᠢ ᠦᠨᠳᠦᠰᠦᠯᠡᠨ᠂ ᠶᠠᠯ᠎ᠠ ᠬᠢᠭᠰᠡᠨ ᠰᠡᠵᠢᠭᠳᠡᠨ᠎ᠢ ᠦᠳᠲᠡᠷ ᠲᠦᠷᠭᠡᠨ ᠵᠶ᠋ᠠᠷ ᠪᠠᠶ᠋ᠢᠴᠠᠭ᠋ᠠᠨ ᠳᠣᠲᠣᠯᠠᠭᠰᠠᠨ ᠪᠥᠭᠡᠳ ᠲᠡᠭᠦᠨ᠎ᠢ ᠠᠮᠵᠢᠯᠲᠠ᠎ᠲᠠᠢ᠎ᠪᠠᠷ ᠪᠠᠷᠢᠪᠴᠢᠯᠠᠪᠠ᠃

     2011 ᠣᠨ᠎ᠤ 10 ᠳ᠋ᠤᠭ᠋ᠠᠷ ᠰᠠᠷ᠎ᠠ ᠵᠢᠨ 30᠎ᠤ ᠡᠳᠦᠷ᠎ᠤᠨ 23 ᠴᠠᠭ᠎ᠲᠤ᠂ ᠵᠡᠭᠦᠨ ᠦᠵᠦᠮᠦᠴᠢᠨ ᠬᠤᠰᠢᠭᠤᠨ᠎ᠤ ᠤᠯᠢᠶᠠᠰᠤᠲᠠᠶ ᠪᠠᠯᠭ᠋ᠠᠰᠤᠨ᠎ᠤ ᠲᠤᠯᠠᠭ᠋ᠠᠨ ᠵᠡᠭᠡᠯᠢ ᠵᠢᠨ ᠨᠢᠭᠡᠨ ᠬᠤᠭ ᠨᠣᠪᠰᠢ ᠳᠠᠮᠵᠢᠭᠤᠯᠬᠤ ᠥᠷᠲᠡᠭᠡᠨ᠎ᠳᠤ ᠨᠢᠭᠡ ᠨᠠᠰᠤᠲᠠᠨ᠎ᠤ ᠬᠡᠭᠦᠷ ᠢᠯᠡᠷᠡᠵᠦ᠂ ᠸᠠᠩ ᠬᠠᠶ ᠯᠦᠩ ᠥᠭᠦᠭᠰᠡᠳ᠎ᠤᠨ ᠪᠡᠶ᠎ᠡ ᠳᠡᠭᠡᠷᠡᠬᠢ ᠵᠦᠯᠭᠦᠭᠦᠷ ᠵᠶ᠋ᠠᠷ ᠳᠡᠮᠵᠢᠨ ᠰᠡᠵᠢᠭᠳᠡᠨ᠎ᠤ DNA ᠵᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠬᠤ᠎ᠳᠤ ᠠᠰᠢᠭᠲᠠᠶ ᠭᠡᠷᠡᠴᠢ ᠪᠠᠷᠢᠮᠲᠠ ᠬᠠᠩᠭ᠋ᠠᠪᠠ᠃

     ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ ᠳᠤᠮᠳᠠ᠂ ᠴᠠᠭᠳᠠᠭ᠋ᠠᠨ᠎ᠤ ᠬᠦᠴᠦᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠡᠷᠡᠭ᠎ᠢ ᠪᠦᠬᠦ ᠬᠦᠴᠦᠨ ᠵᠶ᠋ᠠᠷ ᠵᠶ᠋ᠠᠨ ᠰᠢᠪᠲᠤᠯᠵᠤ᠂ ᠬᠥᠮᠦᠨ ᠬᠠᠷ᠎ᠠ ᠬᠦᠨᠳᠦ ᠨᠣᠴᠢᠲᠠᠢ ᠬᠦᠷᠦᠯᠴᠡᠬᠦ ᠦᠭᠡᠢ ᠪᠠᠶ᠋ᠢᠳᠠᠯ ᠳᠣᠣᠷ᠎ᠠ᠂ ᠸᠠᠩ ᠬᠠᠢ ᠯᠦᠩ ᠤᠯᠠᠨ ᠵᠢᠯ᠎ᠤᠨ ᠲᠤᠷᠰᠢ ᠬᠤᠷᠠᠮᠳᠤᠭᠤᠯᠤᠭᠰᠠᠨ ᠲᠠᠩᠨᠠᠨ ᠪᠠᠶ᠋ᠢᠴᠠᠭ᠋ᠠᠬᠤ ᠠᠵᠢᠯ᠎ᠤᠨ ᠲᠤᠷᠰᠢᠯᠭ᠎ᠠ᠎ᠪᠠᠨ ᠠᠰᠢᠭᠯᠠᠵᠤ᠂ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠰᠠᠯᠠᠭ᠎ᠠ ᠮᠥᠴᠢᠷ᠎ᠢ ᠪᠦᠬᠦ ᠬᠦᠴᠦᠨ ᠵᠶ᠋ᠠᠷ ᠵᠶ᠋ᠠᠨ ᠬᠠᠮᠵᠢᠨ ᠬᠠᠷᠢᠶ᠎ᠠ ᠣᠷᠣᠨ᠎ᠤ ᠳᠠᠷᠤᠭᠳᠠᠮᠠᠯ ᠬᠡᠷᠡᠭ᠎ᠢ ᠲᠠᠩᠨᠠᠨ ᠰᠢᠢ᠍ᠳᠪᠦᠷᠢᠯᠡᠪᠡ᠃ 2019 ᠣᠨ᠎ᠤ ᠬᠠᠪᠤᠷ᠎ᠤᠨ ᠡᠬᠢ᠎ᠪᠠᠷ᠂ ᠬᠠᠷᠢᠶ᠎ᠠ ᠣᠷᠣᠨ᠎ᠳᠤ ᠨᠢᠭᠡᠨ ᠠᠮᠢᠨ ᠬᠡᠷᠡᠭ ᠭᠠᠷᠤᠭᠰᠠᠨ᠎ᠳᠤ᠂ ᠬᠡᠷᠡᠴᠢ ᠪᠠᠷᠢᠮᠲᠠ ᠵᠢᠨ ᠬᠡᠯᠬᠢᠶ᠎ᠡ ᠵᠢ ᠲᠡᠭᠦᠯᠳᠡᠷᠵᠢᠭᠦᠯᠬᠦ ᠵᠢᠨ ᠲᠥᠯᠥᠭᠡ᠂ ᠲᠤᠬᠠᠢ ᠵᠢᠨ ᠲᠠᠯᠠᠪᠠᠢ ᠵᠢᠨ ᠪᠣᠳᠠᠰ᠎ᠤᠨ ᠭᠡᠷᠡᠴᠢ ᠵᠢᠨ DNA ᠵᠢᠨ ᠬᠢᠨᠠᠨ ᠲᠣᠭᠲᠠᠭ᠋ᠠᠯᠲᠠ ᠳᠤᠮᠳᠠ᠂ ᠸᠠᠩ ᠬᠠᠢ ᠯᠦᠩ ᠤᠷᠢᠳ ᠬᠤᠵᠢᠳ 3 ᠤᠳᠠᠭ᠎ᠠ ᠬᠥᠬᠡᠬᠤᠲᠠ᠂ ᠪᠡᠭᠡᠵᠢᠩ ᠬᠤᠳᠠ ᠵᠡᠷᠭᠡ ᠭᠠᠵᠠᠷ᠎ᠲᠤ ᠬᠦᠷᠴᠦ ᠰᠢᠯᠭ᠋ᠠᠨ ᠪᠠᠶ᠋ᠢᠴᠠᠭ᠋ᠠᠯᠭ᠋ᠠᠬᠤ ᠮᠠᠲ᠋ᠧᠷᠢᠶᠠᠯ ᠬᠦᠷᠭᠡᠵᠦ᠂ ᠰᠡᠵᠢᠭᠳᠡᠨ᠎ᠢ ᠣᠨᠣᠪᠴᠢᠲᠠᠢ ᠲᠣᠭᠲᠠᠭ᠋ᠠᠵᠤ᠂ ᠵᠠᠷᠭᠤ ᠵᠢᠨ ᠠᠵᠢᠯᠯᠠᠭ᠎ᠠ ᠵᠢᠨ ᠬᠡᠪ ᠵᠶ᠋ᠠᠷ ᠶᠠᠪᠤᠭᠳᠠᠬᠤ ᠵᠢ ᠪᠠᠲᠤᠯᠠᠵᠠᠢ᠃ ᠰᠦᠪᠡᠭᠴᠢ ᠵᠢ ᠪᠠᠶ᠋ᠢᠴᠠᠭ᠋ᠠᠨ ᠵᠢᠭᠰᠠᠭ᠋ᠠᠬᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠲᠡᠷᠡ ᠥᠩᠭᠡᠷᠡᠭᠰᠡᠨ ᠵᠢᠯ᠎ᠤᠳ᠎ᠤᠨ ᠬᠠᠤᠯᠢ ᠵᠢᠨ ᠡᠮᠴᠢ ᠵᠢᠨ ᠰᠢᠯᠭ᠋ᠠᠨ ᠪᠠᠶ᠋ᠢᠴᠠᠭ᠋ᠠᠵᠤ ᠬᠢᠨᠠᠨ ᠲᠣᠭᠲᠠᠭ᠋ᠠᠭᠰᠠᠨ ᠡᠭᠡ ᠲᠠᠩᠰᠠ ᠵᠢ ᠨᠠᠷᠢᠨ ᠬᠢᠨᠠᠮᠠᠭ᠋ᠠᠢ ᠡᠮᠬᠢᠯᠡᠵᠦ᠂ ᠬᠡᠷᠡᠭ᠎ᠢ ᠲᠤᠷᠰᠢᠨ ᠪᠠᠶ᠋ᠢᠴᠠᠭ᠋ᠠᠬᠤ ᠠᠵᠢᠯ᠎ᠳᠤ ᠠᠩᠬᠠᠨ᠎ᠤ ᠮᠠᠲ᠋ᠧᠷᠢᠶᠠᠯ᠎ᠢ ᠬᠠᠩᠭ᠋ᠠᠪᠠ᠃

  

  

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ