ᠬᠠᠰᠧᠴᠢᠷ᠂ ᠡᠷᠡᠭᠲᠡᠢ᠂ ᠮᠣᠩᠭᠤᠯ ᠦᠨᠳᠦᠰᠦᠲᠡᠨ᠂ 1976 ᠣᠨ᠎ᠤ 11 ᠳ᠋ᠤᠭᠡᠷ ᠰᠠᠷ᠎ᠠ᠎ᠳᠤ ᠳᠦᠷᠦᠵᠡᠶ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃ 1998 ᠣᠨ᠎ᠤ 12 ᠳ᠋ᠤᠭ᠋ᠠᠷ ᠰᠠᠷ᠎ᠠ᠎ᠳᠤ ᠠᠯᠪᠠᠨ᠎ᠳᠤ ᠭᠠᠷᠴᠤ᠂ ᠣᠲᠣ ᠣᠷᠳᠣᠰ ᠬᠤᠲᠠ ᠵᠢᠨ ᠣᠲᠤᠭ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠴᠢ ᠫᠠᠨ ᠵᠢᠩ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠳᠠᠷᠤᠭ᠎ᠠ᠂ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ᠎ᠤᠨ ᠨᠢᠭᠡᠳᠦᠭᠡᠷ ᠳᠡᠰ᠎ᠤᠨ ᠭᠤᠣᠯ ᠬᠠᠮᠢᠶᠠᠷᠤᠭᠴᠢ ᠵᠢᠨ ᠲᠤᠰᠢᠶᠠᠯ᠎ᠲᠠᠢ᠃ ᠤᠷᠢᠳ ᠬᠤᠵᠢᠳ 《ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ 〈ᠹᠧᠩ ᠴᠢᠶᠣᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ〉 ᠵᠢ ᠡᠭᠦᠳᠦᠨ ᠪᠠᠶ᠋ᠢᠭᠤᠯᠤᠭᠰᠠᠨ ᠰᠢᠯᠢᠳᠡᠭ ᠬᠤᠪᠢ ᠬᠥᠮᠥᠨ》 《ᠣᠷᠳᠣᠰ ᠬᠤᠲᠠ ᠵᠢᠨ ᠠᠷᠪᠠᠨ ᠶᠡᠭᠡ ᠬᠡᠷᠡᠭ ᠢᠯᠡᠷᠡᠭᠦᠯᠬᠦ ᠴᠢᠳᠠᠪᠤᠷᠢᠲᠠᠨ》 《ᠣᠷᠳᠣᠰ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠢᠯᠢ᠎ᠪᠠᠷ ᠣᠷᠣᠵᠤ ᠭᠠᠷᠬᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠤᠨ ᠲᠡᠷᠢᠭᠦᠨ᠎ᠤ ᠬᠤᠪᠢ ᠬᠥᠮᠥᠨ》 《ᠠᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠳᠠᠭ᠋ᠠᠭ᠋ᠠᠨ ᠡᠷᠭᠢᠯᠡᠬᠦ ᠠᠵᠢᠯ᠎ᠤᠨ ᠲᠡᠷᠢᠭᠦᠨ᠎ᠤ ᠬᠤᠪᠢ ᠬᠥᠮᠥᠨ》 ᠵᠡᠷᠭᠡ ᠢᠷᠠᠭᠤ ᠠᠯᠳᠠᠷ᠎ᠤᠨ ᠴᠣᠯᠠ ᠵᠢ ᠬᠦᠷᠲᠡᠭᠰᠡᠨ ᠪᠦᠭᠡᠳ ᠬᠤᠪᠢ ᠬᠥᠮᠥᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠵᠢ 4 ᠤᠳᠠᠭ᠎ᠠ ᠳᠡᠮᠳᠡᠭᠯᠡᠭᠦᠯᠵᠦ᠂ 2022 ᠣᠨ᠎ᠤ ᠥᠪᠥᠷ ᠮᠣᠩᠭᠤᠯ᠎ᠤᠨ 《ᠤᠮᠠᠷᠠᠲᠤ ᠬᠢᠯᠢ ᠵᠢ ᠳᠣᠭᠳᠣᠯᠤᠭᠤᠯᠤᠭᠰᠠᠨ᠂ ᠬᠠᠮᠤᠭ᠎ᠠᠴᠠ ᠪᠠᠬᠠᠷᠬᠠᠯᠲᠠᠢ ᠠᠷᠠᠳ᠎ᠤᠨ ᠴᠠᠭᠳᠠᠭ᠎ᠠ》 ᠵᠢᠨ ᠨᠡᠷ᠎ᠡ ᠲᠤᠷᠠᠳᠤᠭᠰᠠᠨ ᠱᠠᠩᠨᠠᠯ ᠬᠦᠷᠳᠡᠪᠡ᠃
ᠴᠠᠭᠳᠠᠭ᠎ᠠ ᠪᠤᠯᠤᠭᠰᠠᠨ᠎ᠠᠴᠠ ᠨᠠᠭ᠋ᠠᠰᠢ᠂ ᠬᠠᠰᠧᠴᠢᠷ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠡᠷᠡᠯᠬᠡᠭᠯᠡᠨ ᠭᠠᠪᠰᠢᠭ᠋ᠠᠶ᠋ᠢᠯᠠᠭᠰᠠᠭ᠋ᠠᠷ ᠢᠷᠡᠵᠡᠶ᠃ ᠲᠡᠷᠡ 《ᠤᠷᠠᠨ ᠳᠠᠷᠬᠠᠨ᠎ᠤ ᠵᠣᠷᠢᠭ ᠰᠠᠨᠠᠭ᠎ᠠ》᠎ᠪᠠᠷ ᠬᠡᠷᠡᠭ᠎ᠢ ᠢᠯᠡᠷᠡᠭᠦᠯᠦᠨ ᠣᠷᠭᠤᠳᠠᠭᠤᠯᠢ ᠪᠠᠷᠢᠪᠴᠢᠯᠠᠨ᠂ ᠰᠢᠷᠭ᠋ᠠᠭᠤ ᠬᠢᠴᠢᠶᠡᠩᠭᠦᠢ᠎ᠪᠠᠷ ᠡᠭᠦᠷᠭᠡ᠎ᠪᠠᠨ ᠬᠦᠢ᠍ᠴᠡᠳᠭᠡᠵᠤ᠂ ᠦᠪᠡᠷ᠎ᠤᠨ ᠦᠬᠦᠵᠦ ᠰᠡᠭᠡᠬᠦ᠎ᠪᠠᠨ ᠦᠯᠦ ᠬᠠᠶ᠋ᠢᠬᠤᠷᠤᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠲᠠᠢ ᠲᠡᠮᠡᠴᠡᠵᠦ᠂ ᠪᠦᠬᠦ ᠬᠦᠴᠦᠨ ᠵᠤᠷᠢᠭ ᠵᠶ᠋ᠠᠷ ᠵᠶ᠋ᠠᠨ ᠠᠷᠠᠳ ᠲᠦᠮᠡᠨ ᠵᠶ᠋ᠠᠨ ᠠᠶᠤᠯ ᠭᠠᠢ᠎ᠠᠴᠠ ᠠᠪᠤᠷᠠᠵᠤ᠂ ᠤᠳᠤᠭ᠎ᠤᠨ ᠲᠠᠯ᠎ᠠ ᠨᠤᠲᠤᠭ᠎ᠢ ᠰᠠᠬᠢᠨ ᠬᠠᠮᠠᠭ᠋ᠠᠯᠠᠭᠰᠠᠨ ᠡᠷᠡᠯᠬᠡᠭ ᠪᠦᠷᠭᠦᠳ ᠬᠡᠮᠡᠨ ᠠᠯᠳᠠᠷᠰᠢᠵᠠᠢ᠃
ᠬᠠᠰᠧᠴᠢᠷ ᠠᠩᠬ᠎ᠠ ᠡᠷᠡᠭᠦᠦ ᠵᠢᠨ ᠬᠡᠷᠡᠭ᠎ᠢ ᠮᠦᠷᠳᠡᠨ ᠪᠠᠶ᠋ᠢᠴᠠᠭ᠋ᠠᠬᠤ ᠶᠡᠭᠡ ᠠᠩᠭᠢ᠎ᠠᠴᠠ ᠡᠬᠢᠯᠡᠵᠦ᠂ ᠤᠷᠢᠳ ᠬᠤᠵᠢᠳ ᠮᠧᠩ ᠰᠢ ᠪᠠᠯᠭ᠋ᠠᠰᠤᠨ᠎ᠤ ᠲᠣᠮᠢᠯᠠᠭᠰᠠᠨ ᠰᠠᠯᠪᠤᠷᠢ᠂ ᠴᠢ ᠫᠠᠨ ᠵᠢᠩ ᠪᠠᠯᠭ᠋ᠠᠰᠤᠨ᠎ᠤ ᠲᠣᠮᠢᠯᠠᠭᠰᠠᠨ ᠰᠠᠯᠪᠤᠷᠢ᠎ᠳᠤ ᠠᠵᠢᠯᠯᠠᠵᠤ᠂ ᠣᠯᠠᠨ ᠵᠢᠯ᠎ᠤᠨ ᠪᠣᠯᠪᠠᠰᠤᠷᠠᠯ ᠵᠶ᠋ᠠᠷ ᠳᠡᠮᠵᠢᠨ᠂ ᠨᠢᠭᠡᠨ ᠴᠠᠭᠳᠠᠭ᠋ᠠᠨ ᠬᠤᠸᠠᠷᠠᠨ᠎ᠤ ᠰᠢᠨ᠎ᠡ ᠬᠥᠮᠥᠨ ᠪᠠᠶ᠋ᠢᠭᠰᠠᠨ᠎ᠠᠴᠠ᠎ᠪᠠᠨ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠮᠡᠷᠭᠡᠵᠢᠯᠲᠡᠨ ᠪᠣᠯᠵᠠᠢ᠃
2008 ᠣᠨ᠎ᠳᠤ ᠡᠷᠡᠭᠦᠦ ᠵᠢᠨ ᠴᠠᠭᠳᠠᠭ᠎ᠠ ᠵᠢᠨ ᠶᠡᠭᠡ ᠠᠩᠭᠢ ᠵᠢᠨ ᠳᠡᠳ᠋ ᠳᠠᠷᠤᠭ᠎ᠠ ᠪᠠᠶ᠋ᠢᠭᠰᠠᠨ ᠬᠠᠰᠧᠴᠢᠷ ᠬᠠᠮᠲᠤ ᠠᠵᠢᠯᠲᠠᠨ ᠵᠶ᠋ᠠᠨ ᠳᠠᠭ᠋ᠠᠭᠤᠯᠤᠨ 37 ᠡᠳᠦᠷ᠂ 5 ᠮᠤᠵᠢ ᠬᠤᠲᠠ ᠵᠢᠨ ᠰᠤᠨᠳᠠᠯᠠᠨ 8000 ᠭᠠᠷᠤᠢ ᠺᠢᠯᠤᠮᠸᠲᠷ ᠠᠶᠠᠯᠠᠵᠤ᠂ ᠲᠡᠷᠭᠡᠨ᠎ᠤ ᠴᠤᠩᠬᠤᠨᠤ ᠰᠢᠯᠢ ᠬᠠᠭ᠋ᠠᠯᠵᠤ ᠬᠤᠯᠠᠭ᠋ᠠᠢ ᠬᠢᠭᠰᠡᠨ ᠬᠦᠨᠳᠦ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠵᠤ᠂ ᠬᠠᠷᠠᠮᠥ᠋ᠷᠡᠨ᠎ᠤ ᠵᠠᠮᠰᠤ ᠬᠣᠲᠠ᠎ᠠᠴᠠ 4 ᠶᠠᠯ᠎ᠠ ᠬᠢᠭᠰᠡᠨ ᠰᠡᠵᠢᠭᠲᠡᠨ᠎ᠢ ᠪᠠᠷᠢᠪᠴᠢᠯᠠᠵᠤ᠂ ᠬᠤᠯᠠᠭ᠋ᠠᠶ᠋ᠢᠯᠠᠭᠰᠠᠨ 60 ᠭᠠᠷᠤᠢ ᠲᠦᠮᠡᠨ ᠲᠥᠭᠦᠷᠢᠭ᠎ᠢ ᠡᠷᠬᠢᠭᠦᠯᠦᠨ ᠠᠪᠴᠢᠷᠠᠵᠠᠢ᠃ ᠲᠤᠬᠠᠢ ᠵᠢᠨ ᠦᠶ᠎ᠡ᠎ᠳᠤ᠂ ᠶᠠᠯ᠎ᠠ ᠬᠢᠭᠰᠡᠨ ᠰᠡᠵᠢᠭᠳᠡᠨ ᠮᠠᠯᠠᠭ᠋ᠠᠢ᠂ ᠠᠮᠠᠪᠴᠢ᠂ ᠪᠡᠭᠡᠯᠡᠢ ᠵᠡᠭᠦᠵᠦ᠂ ᠵᠡᠭᠡᠯᠢ ᠭᠤᠳᠤᠮᠵᠢᠨ᠎ᠤ ᠬᠢᠨᠠᠨ ᠡᠵᠡᠮᠳᠡᠭᠦᠷ᠎ᠠᠴᠠ ᠵᠣᠷᠢᠭᠤᠳᠠ ᠵᠠᠶ᠋ᠢᠯᠠᠵᠤ᠂ ᠬᠡᠷᠡᠭ ᠬᠢᠬᠦ᠎ᠳᠤ᠎ᠪᠠᠨ ᠬᠡᠳᠤ ᠬᠡᠳᠤᠨ ᠬᠠᠭᠤᠷᠮᠠᠭ ᠲᠡᠷᠭᠡᠨ ᠫᠠᠶ᠋ᠢᠰᠠ ᠬᠡᠷᠡᠭᠯᠡᠭᠰᠡᠨ᠎ᠠᠴᠠ ᠮᠦᠷᠳᠡᠨ ᠪᠠᠶ᠋ᠢᠴᠠᠭ᠋ᠠᠬᠤ ᠠᠵᠢᠯ᠎ᠳᠤ ᠲᠤᠶ᠋ᠢᠯ᠎ᠤᠨ ᠶᠡᠭᠡ ᠬᠦᠴᠢᠷᠳᠡᠯ ᠤᠴᠠᠷᠠᠭᠤᠯᠵᠠᠢ᠃ ᠬᠠᠰᠧᠴᠢᠷ ᠴᠠᠭ ᠲᠤᠬᠠᠢᠳᠤᠨᠢ ᠠᠵᠢᠯ ᠵᠶ᠋ᠠᠨ ᠲᠣᠬᠢᠷᠠᠭᠤᠯᠵᠤ᠂ ᠴᠠᠭᠳᠠᠭ᠎ᠠ ᠨᠠᠷ ᠵᠶ᠋ᠠᠨ ᠳᠠᠭ᠋ᠠᠭᠤᠯᠤᠨ ᠡᠳᠤᠷ ᠰᠦᠨᠢ ᠦᠬᠡᠢ ᠠᠵᠢᠯᠯᠠᠵᠤ᠂ ᠬᠡᠷᠡᠭ᠎ᠤᠨ ᠬᠡᠯᠬᠢᠶ᠎ᠡ ᠵᠢ ᠨᠠᠷᠢᠯᠢᠭ ᠵᠠᠳᠠᠯᠵᠤ᠂ ᠮᠦᠷᠳᠡᠨ ᠪᠠᠶ᠋ᠢᠴᠠᠭ᠋ᠠᠬᠤ ᠬᠦᠷᠢᠶ᠎ᠡ ᠬᠡᠪᠴᠢᠶ᠎ᠡ᠎ᠪᠠᠨ ᠲᠠᠰᠤᠷᠠᠯᠳᠠ ᠦᠬᠡᠢ ᠦᠷᠭᠡᠳᠬᠡᠵᠤ᠂ ᠪᠥᠬᠦ ᠬᠦᠴᠦᠨ ᠵᠤᠷᠢᠭ ᠵᠶ᠋ᠠᠷ ᠵᠶ᠋ᠠᠨ ᠪᠡᠷᠬᠡ ᠰᠡᠳᠦᠪ᠎ᠢ ᠰᠢᠢ᠍ᠳᠪᠦᠷᠢᠯᠡᠵᠦ᠂ ᠡᠴᠦᠰ᠎ᠲᠤ᠎ᠪᠠᠨ ᠲᠣᠰ ᠬᠡᠷᠡᠭ᠎ᠢ ᠳᠡᠩᠨᠡᠨ ᠢᠯᠡᠷᠡᠭᠦᠯᠵᠦ᠂ ᠶᠠᠯᠠᠲᠤ ᠡᠲᠡᠭᠡᠳ᠎ᠤᠨ ᠭᠠᠯᠵᠠᠭᠤ ᠣᠮᠤᠭ ᠰᠦᠷ᠎ᠲᠤ ᠬᠦᠴᠦᠲᠡᠢ ᠴᠣᠬᠢᠯᠲᠠ ᠥᠭᠴᠡᠢ᠃
2019 ᠣᠨ᠎ᠳᠤ᠂ ᠲᠤᠬᠠᠢ ᠵᠢᠨ ᠦᠶ᠎ᠡ᠎ᠳᠤ ᠮᠧᠩ ᠰᠢ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠳᠠᠷᠤᠭ᠎ᠠ ᠪᠠᠶ᠋ᠢᠭᠰᠠᠨ ᠬᠠᠰᠧᠴᠢᠷ ᠴᠠᠭᠳᠠᠭ᠎ᠠ ᠨᠠᠷ ᠵᠶ᠋ᠠᠨ ᠳᠠᠭ᠋ᠠᠭᠤᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠰᠢᠪᠠᠳᠠᠨ ᠰᠢᠢ᠍ᠳᠪᠦᠷᠢᠯᠡᠭᠦᠯᠦᠭᠰᠡᠨ ᠵᠣᠭᠤᠰ ᠮᠦᠷᠦᠢ᠌ᠴᠡᠬᠦ ᠭᠠᠵᠠᠷ ᠭᠠᠷᠭ᠋ᠠᠭᠰᠠᠨ ᠣᠨᠴᠠ ᠶᠡᠭᠡ ᠬᠡᠷᠡᠭ᠎ᠢ ᠢᠯᠡᠷᠡᠭᠦᠯᠵᠠᠢ᠃ ᠲᠤᠰ ᠬᠡᠷᠡᠭ᠎ᠲᠤ 50 ᠭᠠᠷᠤᠢ ᠬᠦᠮᠦᠨ᠂ 20 ᠭᠠᠷᠤᠢ ᠲᠦᠮᠡᠨ ᠲᠥᠭᠦᠷᠢᠭ ᠬᠤᠯᠪᠤᠭᠳᠠᠵᠤ᠂ ᠣᠷᠳᠣᠰ᠂ ᠦᠬᠠᠢ᠂ ᠠᠯᠠᠱ᠌ᠠ ᠵᠡᠷᠭᠡ ᠭᠤᠷᠪᠠᠨ ᠭᠠᠵᠠᠷ ᠵᠶ᠋ᠠᠷ ᠭᠡᠰᠦᠭᠰᠡᠨ ᠲᠤᠰ ᠪᠦᠯᠦᠭ ᠵᠣᠭᠤᠰ ᠮᠦᠷᠦᠢ᠌ᠴᠡᠬᠦ ᠪᠠ ᠬᠠᠷ᠎ᠠ ᠪᠦᠯᠦᠭᠳᠡᠨ ᠬᠠᠷᠭᠢᠰ ᠬᠦᠴᠦᠨ᠎ᠳᠤ ᠬᠤᠯᠪᠣᠭᠳᠠᠭᠰᠠᠨ ᠪᠦᠯᠬᠦᠮ᠎ᠢ ᠠᠮᠵᠢᠯᠲᠠ᠎ᠲᠠᠢ ᠴᠣᠬᠢᠨ ᠰᠦᠢ᠍ᠷᠡᠭᠦᠯᠵᠦ᠂ ᠲᠤᠬᠠᠢ ᠵᠢᠨ ᠭᠠᠵᠠᠷ᠎ᠤᠨ ᠬᠠᠷ᠎ᠠ ᠪᠦᠯᠦᠭᠳᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ᠎ᠤᠨ
《ᠠᠩᠬᠠᠨ᠎ᠤ ᠫᠤᠤ》 ᠵᠢ ᠲᠠᠯᠪᠢᠪᠠ᠃
2021 ᠣᠨ᠎ᠤ 9 ᠰᠠᠷ᠎ᠠ᠎ᠳᠤ᠂ ᠬᠠᠰᠧᠴᠢᠷ ᠴᠢ ᠫᠠᠨ ᠵᠢᠩ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠳᠠᠷᠤᠭ᠎ᠠ ᠵᠢᠨ ᠲᠤᠰᠢᠶᠠᠯ᠎ᠢ ᠬᠠᠷᠢᠭᠤᠴᠠᠵᠤ᠂ ᠤᠯᠠᠨ ᠵᠢᠯ᠎ᠤᠨ ᠠᠵᠢᠯ᠎ᠤᠨ ᠲᠤᠷᠰᠢᠯᠭ᠎ᠠ᠎ᠪᠠᠷ ᠵᠶ᠋ᠠᠨ ᠲᠤᠰ ᠭᠠᠵᠠᠷ ᠤᠷᠤᠨ᠎ᠤ ᠪᠠᠶ᠋ᠢᠳᠠᠯ᠎ᠢ ᠮᠠᠰᠢ ᠲᠦᠷᠭᠡᠨ ᠤᠶ᠋ᠢᠯᠠᠭ᠋ᠠᠵᠠᠢ᠃ ᠲᠤᠰ ᠭᠠᠵᠠᠷ᠎ᠤᠨ ᠵᠠᠰᠠᠭ ᠵᠠᠬᠢᠷᠭ᠋ᠠᠨ᠎ᠤ ᠬᠡᠷᠡᠭ᠎ᠤᠨ ᠲᠤᠭ᠎ᠠ᠎ᠨᠢ ᠣᠯᠠᠨ᠂ ᠰᠢᠢ᠍ᠳᠪᠦᠷᠢᠯᠡᠬᠦ ᠶᠠᠪᠤᠴᠠ᠎ᠨᠢ ᠶᠠᠷᠰᠢᠭ ᠪᠤᠳᠤᠯᠢᠶᠠᠨᠲᠠᠢ᠂ ᠴᠠᠭᠳᠠᠭ᠋ᠠᠨ᠎ᠤ ᠲᠤᠭ᠎ᠠ ᠴᠦᠭᠡᠨ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠬᠠᠰᠧᠴᠢᠷ ᠪᠦᠬᠦ ᠴᠠᠭᠳᠠᠭ᠎ᠠ ᠪᠠ ᠬᠠᠪᠰᠤᠷᠤᠭᠴᠢ ᠴᠠᠭᠳᠠᠭ᠎ᠠ ᠵᠢ ᠳᠠᠭ᠋ᠠᠭᠤᠯᠤᠨ 《ᠬᠠᠤᠯᠢ ᠶᠣᠰᠣᠭ᠋ᠠᠷ ᠲᠦᠷᠢᠮᠵᠢᠭᠦᠯᠬᠦ᠂ ᠶᠠᠪᠤᠴᠠ ᠵᠢ ᠳᠥᠭᠦᠮᠴᠢᠯᠡᠬᠦ᠂ ᠣᠯᠠᠨ ᠲᠦᠮᠡᠨ᠎ᠳᠤ ᠳᠥᠭᠦᠮ ᠦᠵᠡᠭᠦᠯᠬᠦ᠂ ᠬᠤᠷᠳᠤᠴᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ》 ᠵᠠᠷᠴᠢᠮ ᠶᠣᠰᠣᠭ᠋ᠠᠷ᠂ 《ᠣᠲᠤᠭ᠎ᠤᠨ ᠲᠦᠷᠭᠡᠨ ᠰᠢᠢ᠍ᠳᠪᠦᠷᠢᠯᠡᠬᠦ》 APP ᠵᠢ ᠪᠡᠶ᠎ᠡ᠎ᠪᠠᠷ ᠵᠶ᠋ᠠᠷ ᠵᠶ᠋ᠠᠨ ᠲᠠᠶ᠋ᠢᠴᠢᠯᠠᠨ ᠰᠤᠳᠤᠯᠵᠤ᠂ ᠠᠰᠢᠭᠯᠠᠯᠳᠠ᠎ᠳᠤ ᠣᠷᠤᠭᠤᠯᠤᠨ᠂ ᠵᠠᠰᠠᠭ ᠵᠠᠬᠢᠷᠭ᠋ᠠᠨ᠎ᠤ ᠬᠡᠷᠡᠭ᠎ᠢ ᠲᠦᠷᠭᠡᠨ ᠰᠢᠢ᠍ᠳᠪᠦᠷᠢᠯᠡᠬᠦ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ ᠣᠷᠳᠣᠰ ᠬᠤᠲᠠ᠎ᠳᠤ ᠠᠩᠬᠠᠳᠠᠭᠴᠢ ᠵᠠᠰᠠᠭ ᠵᠠᠬᠢᠷᠭ᠋ᠠᠨ᠎ᠤ ᠬᠡᠷᠡᠭ᠎ᠢ ᠲᠦᠷᠭᠡᠨ ᠰᠢᠢ᠍ᠳᠪᠦᠷᠢᠯᠡᠬᠦ ᠣᠷᠣᠨ᠎ᠢ ᠳᠡᠷᠢᠭᠦᠯᠡᠨ ᠪᠠᠶ᠋ᠢᠭᠤᠯᠵᠤ᠂ ᠥᠩᠭᠡᠷᠡᠭᠰᠡᠨ᠎ᠳᠤ 8᠎ᠠᠴᠠ 10 ᠴᠠᠭ᠎ᠤᠨ ᠳᠣᠲᠣᠷ᠎ᠠ ᠰᠠᠶᠢ ᠰᠢᠢ᠍ᠳᠪᠦᠷᠢᠯᠡᠵᠦ ᠳᠡᠶ᠋ᠢᠯᠬᠦ ᠬᠡᠷᠡᠭ᠎ᠢ 1᠎ᠠᠴᠠ 2 ᠴᠠᠭ ᠪᠤᠯᠭ᠋ᠠᠵᠤ᠂ ᠴᠢᠨᠠᠭᠰᠢᠯᠠᠪᠠᠯ ᠵᠠᠷᠢᠮ ᠠᠮᠤᠷ᠎ᠢ ᠬᠠᠮᠠᠭ᠋ᠠᠯᠠᠬᠤ ᠡᠶᠡᠳᠡᠭᠦᠯᠭᠡ ᠵᠢᠨ ᠬᠡᠷᠡᠭ᠎ᠢ 30 ᠮᠢᠨᠦ᠋ᠲ ᠪᠣᠯᠭ᠋ᠠᠨ ᠪᠣᠭᠤᠨᠢᠰᠬᠠᠵᠤ᠂ ᠬᠡᠷᠡᠭ ᠰᠢᠢ᠍ᠳᠪᠦᠷᠢᠯᠡᠬᠦ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠡ᠃
《ᠴᠠᠭᠳᠠᠭ᠋ᠠᠨ᠎ᠤ ᠪᠦᠬᠦᠶ᠋ᠢᠯᠡ ᠠᠵᠢᠯ ᠶᠠᠪᠤᠳᠠᠯ᠎ᠢ ᠴᠥᠮ ᠠᠷᠠᠳ᠎ᠤᠨ ᠪᠠᠶ᠋ᠢᠳᠠᠯ᠎ᠤᠨ ᠲᠣᠭᠤᠷᠢᠨ᠎ᠳᠤ ᠪᠠᠶ᠋ᠢᠯᠭ᠋ᠠᠬᠤ ᠬᠡᠷᠡᠭᠲᠡᠢ》᠃ ᠬᠠᠷᠢᠶ᠎ᠠ ᠣᠷᠣᠨ᠎ᠤ ᠬᠥᠮᠥᠰ᠎ᠤᠨ ᠰᠢᠯᠵᠢᠩᠭᠦᠢ ᠴᠢᠨᠠᠷ ᠶᠡᠭᠡ᠂ ᠬᠥᠮᠥᠰ᠎ᠤᠨ ᠪᠦᠲᠦᠴᠡ ᠪᠤᠳᠤᠯᠢᠶᠠᠨᠲᠠᠢ᠂ ᠦᠢ᠍ᠯᠡᠳᠪᠦᠷᠢ ᠠᠭᠤᠷᠬᠠᠢ ᠵᠢᠨ ᠠᠵᠤ ᠠᠬᠤᠶ᠋ᠢᠯᠠᠯ ᠤᠯᠠᠨ᠂ ᠵᠥᠷᠢᠴᠡᠯ ᠵᠠᠭᠤᠷᠠᠯᠳᠤᠭ᠋ᠠᠨ ᠠᠷᠪᠢᠨ ᠵᠡᠷᠭᠡ ᠣᠳᠣᠬᠢ ᠪᠠᠶ᠋ᠢᠳᠠᠯ᠎ᠳᠤ ᠴᠢᠭᠯᠡᠭᠦᠯᠦᠨ᠂ ᠬᠠᠰᠧᠴᠢᠷ ᠥᠪᠡᠷ᠎ᠤᠨ ᠤᠳᠤᠷᠢᠳᠬᠤ ᠪᠠᠭ᠎ᠤᠨ ᠪᠦᠷᠢᠯᠳᠦᠭᠦᠨ᠎ᠲᠠᠢ᠎ᠪᠠᠨ ᠬᠠᠮᠲᠤ᠎ᠪᠠᠷ ᠰᠤᠳᠤᠯᠤᠨ ᠲᠣᠭᠲᠠᠭ᠋ᠠᠵᠤ᠂ ᠬᠠᠷᠢᠶ᠎ᠠ ᠣᠷᠣᠨ᠎ᠤ ᠦᠢ᠍ᠯᠡᠳᠪᠦᠷᠢ ᠠᠭᠤᠷᠬᠠᠢ ᠵᠢᠨ ᠠᠵᠤ ᠠᠬᠤᠶ᠋ᠢᠯᠠᠯ᠎ᠳᠤ ᠨᠡᠭᠦᠳᠡᠯ ᠴᠠᠭᠳᠠᠭ᠋ᠠᠨ᠎ᠤ ᠶᠠᠪᠤᠳᠠᠯ᠎ᠤᠨ ᠲᠠᠰᠤᠭ ᠪᠠᠶ᠋ᠢᠭᠤᠯᠵᠤ᠂ ᠴᠠᠭᠳᠠᠭ᠋ᠠᠨ᠎ᠤ ᠶᠠᠪᠤᠳᠠᠯ᠎ᠤᠨ ᠠᠵᠢᠯ᠎ᠢ ᠨᠢᠭᠡᠳᠦᠭᠡᠷ ᠹᠷᠣᠨᠲ᠎ᠲᠤ ᠪᠠᠭᠤᠯᠭ᠋ᠠᠬᠤ ᠵᠢ ᠠᠬᠢᠭᠤᠯᠵᠤ᠂ ᠤᠯᠠᠨ ᠲᠦᠮᠡᠨ᠎ᠤ ᠠᠶᠤᠯ ᠲᠦᠭᠰᠢᠭᠦᠷᠢ ᠮᠡᠳᠡᠭᠦᠯᠬᠦ ᠵᠢ ᠲᠡᠷᠡ ᠳᠠᠷᠤᠢ᠎ᠳᠤ᠎ᠨᠢ ᠭᠥᠯᠢᠶᠡᠨ ᠠᠪᠴᠤ ᠰᠢᠢ᠍ᠳᠪᠦᠷᠢᠯᠡᠬᠦ ᠵᠢ ᠪᠡᠶᠡᠯᠡᠭᠦᠯᠪᠡ᠃
2021 ᠣᠨ᠎ᠤ ᠰᠡᠭᠦᠯᠴᠢ᠎ᠪᠠᠷ᠂ ᠴᠢ ᠫᠠᠨ ᠵᠢᠩ ᠪᠠᠯᠭ᠋ᠠᠰᠤ ᠵᠢᠨ ᠲᠣᠮᠢᠯᠠᠭᠰᠠᠨ ᠰᠠᠯᠪᠤᠷᠢ᠎ᠨᠢ ᠴᠢ ᠫᠠᠨ ᠵᠢᠩ᠎ᠤᠨ ᠨᠢᠭᠡᠨ ᠠᠵᠤ ᠦᠢ᠍ᠯᠡᠳᠪᠦᠷᠢ ᠵᠢᠨ ᠲᠣᠭᠤᠷᠢᠭ᠎ᠤᠨ ᠪᠠᠷᠢᠯᠭ᠎ᠠ ᠵᠢᠨ ᠭᠠᠵᠠᠷ᠎ᠨᠢ ᠬᠤᠶᠠᠷ ᠪᠠᠷᠢᠯᠭ᠎ᠠ ᠵᠢᠨ ᠠᠩᠭᠢ ᠵᠢᠨ 250 ᠭᠠᠷᠤᠢ ᠬᠥᠯᠥᠰᠦᠨ ᠠᠵᠢᠯᠴᠢᠨ᠎ᠳᠤ 900 ᠭᠠᠷᠤᠢ ᠲᠦᠮᠡᠨ ᠲᠥᠭᠦᠷᠢᠭ ᠦᠷᠢᠳᠤᠵᠤ ᠪᠠᠶ᠋ᠢᠬᠤ ᠬᠡᠷᠡᠭ᠎ᠤᠨ ᠮᠡᠳᠡᠭᠦᠯᠦᠯᠳᠡ ᠲᠤᠰᠴᠤ᠂ ᠬᠤᠶᠠᠷ ᠪᠠᠷᠢᠯᠭ᠎ᠠ ᠵᠢᠨ ᠠᠩᠭᠢ ᠵᠢᠨ᠎ᠬᠢᠨ᠎ᠨᠢ ᠲᠦᠰᠦᠯ᠎ᠤᠨ ᠬᠡᠯᠲᠡᠰ᠎ᠲᠤ ᠬᠦᠷᠴᠦ ᠬᠠᠮᠲᠤ᠎ᠪᠠᠷ ᠴᠠᠯᠢᠩ ᠨᠡᠬᠡᠵᠡᠢ᠃ ᠬᠠᠰᠧᠴᠢᠷ ᠪᠣᠯᠣᠨ ᠠᠭᠤᠷᠬᠠᠢ ᠵᠢᠨ ᠣᠷᠣᠨ᠎ᠤ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠠᠷᠠᠳ᠎ᠤᠨ ᠴᠠᠭᠳᠠᠭ᠎ᠠ ᠨᠠᠷ ᠲᠡᠷᠡ ᠳᠠᠷᠤᠢ᠎ᠳᠤ᠎ᠨᠢ ᠲᠤᠬᠠᠢ ᠵᠢᠨ ᠲᠠᠯᠠᠪᠤᠷ᠎ᠲᠤ ᠬᠦᠷᠴᠦ ᠡᠮᠬᠢ ᠵᠢᠷᠤᠮ᠎ᠢ ᠬᠠᠮᠠᠭ᠋ᠠᠯᠠᠨ᠂ ᠬᠥᠲᠥᠯᠥᠨ ᠵᠢᠯᠤᠭᠤᠳᠬᠤ᠂ ᠢᠳᠬᠠᠨ ᠲᠠᠶ᠋ᠢᠪᠤᠰᠢᠷᠠᠭᠤᠯᠬᠤ ᠠᠵᠢᠯ᠎ᠢ ᠦᠷᠨᠢᠭᠦᠯᠵᠤ᠂ ᠣᠯᠠᠨ ᠤᠳᠠᠭ᠋ᠠᠨ᠎ᠤ ᠵᠣᠬᠢᠴᠠᠭᠤᠯᠤᠯᠲᠠ᠎ᠪᠠᠷ ᠳᠡᠮᠵᠢᠨ᠂ ᠡᠴᠦᠰ᠎ᠲᠤ᠎ᠪᠠᠨ ᠬᠡᠯᠡᠯᠴᠡᠭᠡᠷ ᠲᠣᠭᠲᠠᠵᠤ᠂ ᠲᠦᠰᠦᠯ᠎ᠤᠨ ᠬᠠᠷᠢᠭᠤᠴᠠᠯᠭ᠋ᠠᠲᠠᠨ ᠥᠷᠢᠲᠦᠵᠦ ᠪᠠᠶ᠋ᠢᠭ᠎ᠠ ᠴᠠᠯᠢᠩ᠎ᠢ ᠪᠦᠬᠦᠨ᠎ᠢ ᠲᠦᠯᠦᠨ᠎ᠡ ᠭᠡᠵᠦ ᠠᠮᠠᠯᠠᠳᠠᠵᠠᠢ᠃ ᠴᠠᠯᠢᠩ ᠵᠶ᠋ᠠᠨ ᠣᠯᠣᠭᠰᠠᠨ ᠬᠥᠯᠥᠰᠦᠨ ᠠᠵᠢᠯᠴᠢᠳ ᠪᠠᠶᠠᠷᠯᠠᠨ ᠬᠥᠭᠡᠷᠦᠯᠳᠦᠵᠦ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠲᠡᠪᠰᠢᠭᠦᠯᠵᠠᠢ᠃
2021 ᠣᠨ᠎ᠠᠴᠠ ᠨᠠᠭ᠋ᠠᠰᠢ᠂ ᠬᠠᠰᠸᠴᠢᠷ ᠴᠢ ᠫᠠᠨ ᠵᠢᠩ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠳᠠᠭ᠋ᠠᠭᠤᠯᠤᠨ ᠡᠯ᠎ᠡ ᠲᠦᠷᠦᠯ᠎ᠤᠨ 70 ᠭᠠᠷᠤᠢ ᠵᠥᠷᠢᠴᠡᠯ ᠵᠠᠭᠤᠷᠠᠯᠳᠤᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠠᠵᠢᠯᠴᠢᠳ᠎ᠢ ᠬᠠᠪᠰᠤᠷᠤᠨ 3000 ᠭᠠᠷᠤᠢ ᠲᠦᠮᠡᠨ ᠲᠥᠭᠦᠷᠢᠭ᠎ᠤᠨ ᠴᠠᠯᠢᠩ᠎ᠢ ᠨᠡᠬᠡᠨ ᠤᠯᠭᠤᠵᠤ ᠥᠭᠪᠡ᠃ ᠡᠨᠡ᠎ᠨᠢ 1000 ᠰᠢᠬᠠᠮ ᠬᠥᠯᠥᠰᠦᠨ ᠠᠵᠢᠯᠴᠢᠨ᠎ᠳᠤ ᠬᠤᠯᠪᠣᠭᠳᠠᠵᠤ᠂ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠪᠠᠲᠤᠯᠠᠵᠤ᠂ ᠬᠠᠤᠯᠢ ᠶᠤᠰᠤᠭ᠋ᠠᠷ ᠡᠵᠡᠩᠨᠡᠯᠳᠡ ᠬᠢᠬᠦ ᠠᠭᠤᠷ ᠠᠮᠢᠰᠬᠤᠯ᠎ᠢ ᠠᠬᠢᠭᠤᠯᠵᠠᠢ᠃ ᠡᠭᠦᠨ᠎ᠤ ᠵᠡᠷᠭᠡ᠎ᠳᠤ ᠡᠳᠦᠷ ᠲᠤᠲᠤᠮ᠎ᠤᠨ ᠤᠬᠠᠭᠤᠯᠭ᠎ᠠ᠂ ᠪᠠᠶ᠋ᠢᠴᠠᠭ᠋ᠠᠯᠲᠠ᠂ ᠤᠷᠢᠳᠴᠢᠯᠠᠭᠰᠠᠨ ᠰᠡᠷᠭᠡᠶ᠋ᠢᠯᠡᠯᠲᠡ᠎ᠪᠠᠷ ᠳᠠᠮᠵᠢᠭᠤᠯᠤᠨ᠂ ᠤᠷᠢᠳᠴᠢᠯᠠᠨ ᠰᠡᠷᠭᠡᠶ᠋ᠢᠯᠡᠬᠦ᠂ ᠡᠭᠦᠰᠦᠯ᠎ᠠᠴᠠ᠎ᠨᠢ ᠠᠳᠬᠤᠬᠤ ᠵᠢ ᠪᠠᠷᠢᠮᠲᠠᠯᠠᠨ᠂ ᠴᠢ ᠫᠠᠨ ᠵᠢᠩ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠪᠠᠲᠤ ᠪᠠᠬᠢ ᠪᠠᠬᠢᠯᠡᠯᠲᠡ ᠪᠣᠯᠭ᠋ᠠᠭᠰᠠᠨ ᠪᠠᠶ᠋ᠢᠨ᠎ᠠ᠃
ᠲᠤᠰ ᠬᠠᠷᠢᠶ᠎ᠠ ᠣᠷᠣᠨ᠎ᠤ᠎ᠪᠠᠨ ᠴᠠᠬᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠤᠨ ᠨᠣᠷᠮ᠎ᠠ ᠵᠢ ᠪᠠᠭᠤᠷᠠᠭᠤᠯᠬᠤ ᠵᠢᠨ ᠲᠥᠯᠥᠭᠡ᠂ ᠬᠠᠰᠧᠴᠢᠷ 《ᠭᠤᠣᠯ ᠬᠠᠷᠢᠭᠤᠴᠠᠯᠭ᠎ᠠ + ᠲᠤᠰᠬᠠᠢ ᠮᠡᠷᠭᠡᠵᠢᠯ》᠂ 《ᠰᠦᠯᠵᠢᠶᠡᠨ ᠳᠡᠭᠡᠷᠡᠬᠢ + ᠬᠤᠯᠪᠤᠭ᠋ᠠᠯᠠᠨ ᠬᠥᠳᠡᠯᠦᠯᠴᠡᠬᠦ》᠂ 《ᠨᠠᠷᠢᠯᠢᠭ ᠤᠨᠤᠪᠴᠢᠳᠠᠢ + ᠤᠷᠢᠳᠴᠢᠯᠠᠨ ᠰᠡᠷᠡᠮᠵᠢᠯᠡᠭᠦᠯᠬᠦ》 ᠵᠡᠷᠭᠡ 《3 +》 ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠰᠦᠪᠡᠭᠴᠢᠯᠡᠨ ᠬᠡᠷᠡᠭᠵᠢᠭᠦᠯᠵᠦ᠂ ᠬᠥᠮᠥᠨ ᠪᠣᠯᠭ᠋ᠠᠨ ᠴᠠᠬᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠠᠵᠢᠯ᠎ᠳᠤ ᠣᠷᠤᠯᠴᠠᠬᠤ ᠠᠭᠤᠷ ᠠᠮᠢᠰᠬᠤᠯ᠎ᠢ ᠪᠣᠶ ᠪᠣᠯᠭ᠋ᠠᠵᠤ᠂ ᠬᠠᠷᠢᠶ᠎ᠠ ᠣᠷᠣᠨ᠎ᠤ ᠰᠠᠭᠤᠭ᠋ᠠᠯᠢ ᠠᠷᠠᠳ᠎ᠤᠨ ᠮᠡᠬᠡᠯᠡᠯ᠎ᠢ ᠰᠡᠷᠭᠡᠶ᠋ᠢᠯᠡᠬᠦ ᠪᠠ ᠮᠡᠬᠡᠯᠡᠯ᠎ᠢ ᠡᠰᠡᠷᠭᠦᠴᠡᠬᠦ ᠤᠬᠠᠮᠰᠠᠷ᠎ᠢ ᠪᠦᠲᠦᠮᠵᠢᠲᠡᠶ ᠳᠡᠭᠡᠭᠰᠢᠯᠡᠭᠦᠯᠪᠡ᠃ 2021 ᠣᠨ᠎ᠤ 9 ᠰᠠᠷ᠎ᠠ᠎ᠠᠴᠠ ᠨᠠᠭ᠋ᠠᠰᠢ᠂ ᠬᠠᠰᠧᠴᠢᠷ᠎ᠤᠨ ᠳᠠᠭ᠋ᠠᠭᠤᠯᠭ᠎ᠠ ᠳᠣᠣᠷ᠎ᠠ᠂ ᠴᠢ ᠫᠠᠨ ᠵᠢᠩ ᠪᠠᠯᠭ᠋ᠠᠰᠤᠨ᠎ᠤ ᠲᠣᠮᠢᠯᠠᠭᠰᠠᠨ ᠰᠠᠯᠪᠤᠷᠢ᠎ᠨᠢ 4500 ᠭᠠᠷᠤᠢ ᠤᠳᠠᠭ᠎ᠠ ᠤᠲᠠᠰᠤ᠎ᠪᠠᠷ ᠰᠡᠷᠡᠮᠵᠢᠯᠡᠭᠦᠯᠵᠦ᠂ 350 ᠭᠠᠷᠤᠢ ᠤᠳᠠᠭ᠎ᠠ ᠨᠢᠭᠤᠷᠳᠠᠨ ᠰᠡᠷᠡᠮᠵᠢᠯᠡᠭᠦᠯᠵᠦ᠂ 30 ᠭᠠᠷᠤᠢ ᠤᠳᠠᠭ᠋ᠠᠨ᠎ᠤ ᠮᠡᠭᠡᠯᠡᠭᠳᠡᠨ ᠮᠦᠩᠭᠦ ᠲᠦᠭᠦᠷᠢᠭ ᠭᠤᠪᠢᠭᠤᠯᠬᠤ ᠵᠢ ᠠᠮᠵᠢᠯᠲᠠ᠎ᠲᠠᠢ ᠢᠳᠬᠠᠨ ᠬᠤᠷᠢᠭᠯᠠᠭᠰᠠᠨ᠎ᠠᠴᠠ ᠬᠠᠷᠢᠶᠠᠲᠤ ᠣᠷᠣᠨ᠎ᠤ ᠰᠠᠭᠤᠭ᠋ᠠᠯᠢ ᠠᠷᠠᠳ᠎ᠨᠢ 300 ᠭᠠᠷᠤᠢ ᠲᠦᠮᠡᠨ ᠲᠥᠭᠦᠷᠢᠭ᠎ᠤᠨ ᠠᠵᠤ ᠠᠬᠤᠢ ᠵᠢᠨ ᠬᠤᠬᠢᠷᠠᠯ᠎ᠠᠴᠠ ᠵᠠᠶ᠋ᠢᠯᠠᠰᠬᠢᠵᠦ᠂ ᠬᠠᠷᠢᠶᠠᠲᠤ ᠣᠷᠣᠨ᠎ᠤ ᠴᠠᠬᠢᠯᠭ᠋ᠠᠨ ᠬᠤᠯᠪᠤᠭ᠎ᠠ᠎ᠪᠠᠷ ᠵᠠᠯᠢᠯᠠᠨ ᠮᠡᠬᠡᠯᠡᠭᠰᠡᠨ ᠬᠡᠷᠡᠭ᠎ᠤᠨ ᠡᠭᠦᠰᠬᠦ ᠨᠣᠷᠮ᠎ᠠ ᠵᠢ 70% ᠰᠢᠬᠠᠮ ᠵᠶ᠋ᠠᠷ ᠪᠠᠭᠤᠷᠠᠭᠤᠯᠤᠭᠰᠠᠨ ᠪᠠᠶ᠋ᠢᠨ᠎ᠠ᠃