ᠯᠢᠨ ᠨᠠ ᠣᠳᠣ ᠣᠷᠳᠣᠰ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳ᠋ᠦᠩᠱ᠌ᠧᠩ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠮᠡᠬᠡᠯᠡᠯ᠎ᠢ ᠡᠰᠡᠷᠭᠦᠴᠡᠬᠦ ᠳᠤᠮᠳᠠ ᠠᠩᠭᠢ ᠵᠢᠨ ᠳᠠᠷᠤᠭ᠎ᠠ᠃ ᠣᠷᠳᠣᠰ ᠬᠤᠲᠠ ᠵᠢᠨ 《ᠡᠮᠡᠭᠲᠡᠢ ᠪᠠᠭ᠋ᠠᠳᠤᠷ᠎ᠤᠨ ᠰᠢᠨ᠎ᠡ ᠭᠠᠪᠢᠶ᠎ᠠ ᠪᠠᠶ᠋ᠢᠭᠤᠯᠤᠭᠰᠠᠨ ᠲᠡᠷᠢᠭᠦᠨ᠎ᠤ ᠬᠤᠪᠢ ᠬᠥᠮᠦᠨ》᠂ ᠣᠷᠳᠣᠰ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 《ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠬᠤᠰᠢᠭᠤᠴᠢ》᠂ 《ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠭᠰᠠᠨ ᠲᠡᠷᠢᠭᠦᠨ᠎ᠤ ᠬᠤᠪᠢ ᠬᠥᠮᠦᠨ》᠂ ᠣᠷᠳᠣᠰ ᠬᠤᠲᠠ ᠵᠢᠨ 《ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠤᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ》 ᠵᠡᠷᠭᠡ ᠢᠷᠠᠭᠤ ᠠᠯᠳᠠᠷ᠎ᠢ ᠭᠥᠷᠳᠡᠵᠦ ᠥᠩᠭᠡᠷᠡᠵᠡᠢ᠃ ᠤᠷᠢᠳ ᠬᠣᠵᠢᠳ ᠬᠤᠪᠢ ᠬᠦᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠵᠢ 6 ᠤᠳᠠᠭ᠎ᠠ ᠳᠡᠮᠳᠡᠭᠯᠡᠭᠦᠯᠵᠦ᠂ 2022 ᠣᠨ᠎ᠳᠤ ᠥᠪᠦᠷ ᠮᠤᠩᠭᠤᠯ᠎ᠤᠨ 《ᠤᠮᠠᠷᠠᠲᠤ ᠬᠢᠯᠢ ᠵᠢ ᠳᠣᠭᠳᠣᠯᠤᠭᠤᠯᠤᠭᠰᠠᠨ · ᠬᠠᠮᠤᠭ᠎ᠠᠴᠠ ᠪᠠᠬᠠᠷᠬᠠᠯᠲᠠᠢ ᠴᠠᠭᠳᠠᠭ᠎ᠠ》 ᠵᠢᠨ ᠢᠷᠠᠭᠤ ᠠᠯᠳᠠᠷ᠎ᠢ ᠬᠦᠷᠳᠡᠪᠡ᠃ 2022 ᠣᠨ᠎ᠳᠤ ᠥᠪᠦᠷ ᠮᠤᠩᠭᠤᠯ᠎ᠤᠨ 《ᠤᠮᠠᠷᠠᠲᠤ ᠬᠢᠯᠢ ᠵᠢ ᠳᠣᠭᠳᠣᠯᠤᠭᠤᠯᠤᠭᠰᠠᠨ · ᠬᠠᠮᠤᠭ᠎ᠠᠴᠠ ᠪᠠᠬᠠᠷᠬᠠᠯᠲᠠᠢ ᠴᠠᠭᠳᠠᠭ᠎ᠠ》 ᠵᠢᠨ ᠢᠷᠠᠭᠤ ᠠᠯᠳᠠᠷ᠎ᠢ ᠬᠦᠷᠳᠡᠪᠡ᠃
20 ᠭᠠᠷᠤᠢ ᠵᠢᠯ ᠴᠠᠭᠳᠠᠭ᠎ᠠ ᠯᠢᠨ ᠨᠠ ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠢ 100 ᠭᠠᠷᠤᠢ ᠢᠯᠡᠷᠡᠭᠦᠯᠵᠦ᠂ 150 ᠭᠠᠷᠤᠢ ᠰᠡᠵᠢᠭᠲᠡᠨ᠎ᠢ ᠪᠠᠷᠢᠪᠴᠢᠯᠠᠵᠠᠢ᠃ ᠡᠮᠡᠭᠲᠡᠢ ᠡᠷᠡᠭᠦᠦ ᠵᠢᠨ ᠴᠠᠭᠳᠠᠭ᠎ᠠ ᠪᠣᠯᠤᠭᠰᠠᠨ᠎ᠤ ᠬᠤᠪᠢ᠎ᠳᠤ᠂ ᠲᠡᠷᠡ ᠲᠠᠩᠨᠠᠨ ᠢᠯᠡᠷᠡᠭᠦᠯᠬᠦ᠎ᠳᠤ ᠣᠷᠣᠯᠴᠠᠭᠰᠠᠨ ᠬᠡᠷᠡᠭ᠎ᠤᠨ ᠳᠤᠮᠳᠠ ᠬᠦᠨᠳᠦ ᠶᠡᠭᠡ ᠨᠥᠯᠥᠭᠡ᠎ᠲᠠᠢ ᠡᠷᠡᠭᠦᠦ ᠵᠢᠨ ᠬᠡᠷᠡᠭ ᠣᠯᠠᠨ ᠪᠠᠢ᠌ᠪᠠ᠃
2005 ᠣᠨ᠎ᠳᠤ᠂ ᠨᠢᠭᠡᠨ ᠬᠤᠣᠷ ᠲᠠᠯᠪᠢᠭᠰᠠᠨ ᠬᠡᠷᠡᠭ᠎ᠢ ᠳᠡᠩᠨᠡᠨ ᠰᠢᠢ᠍ᠳᠪᠦᠷᠢᠯᠡᠬᠦ ᠶᠠᠪᠤᠴᠠ᠎ᠳᠤ᠂ ᠯᠢᠨ ᠨᠠ ᠠᠯᠤᠰ ᠬᠤᠯᠠ ᠭᠠᠨᠰᠦ᠂ ᠰᠢᠨᠵᠢᠶᠠᠩ᠎ᠳᠤ ᠬᠦᠷᠴᠦ᠂ ᠶᠠᠯ᠎ᠠ ᠬᠢᠭᠰᠡᠨ ᠡᠮᠡᠭᠳᠡᠢ ᠰᠡᠵᠢᠭᠳᠡᠨ ᠵᠣᠣ ᠣᠪᠣᠭᠲᠤ ᠵᠢ ᠪᠠᠷᠢᠪᠴᠢᠯᠠᠪᠠ᠃ ᠰᠢᠭᠦᠨ ᠠᠰᠠᠭᠤᠬᠤ ᠬᠤᠭᠤᠴᠠᠭ᠋ᠠᠨ᠎ᠳᠤ ᠵᠣᠣ ᠣᠪᠣᠭᠲᠤ ᠤᠬᠠᠭ᠋ᠠᠷᠠᠬᠤ ᠦᠭᠡᠶ ᠪᠠᠶ᠋ᠢᠵᠤ᠂ ᠶᠠᠯ᠎ᠠ ᠬᠢᠭᠰᠡᠨ ᠪᠣᠳᠠᠲᠤ ᠬᠡᠷᠡᠭ ᠵᠶ᠋ᠠᠨ ᠲᠤᠰᠢᠶᠠᠬᠤ ᠦᠭᠡᠶ ᠪᠠᠶ᠋ᠢᠪᠠ᠃ ᠯᠢᠨ ᠨᠠ ᠨᠠᠷᠢᠨ ᠵᠦᠢ᠍ᠯᠡᠰ᠎ᠠᠴᠠ ᠭᠠᠷᠳᠠᠵᠤ᠂ ᠵᠣᠣ ᠣᠪᠣᠭᠲᠤ᠎ᠳᠤ ᠠᠮᠢᠳᠤᠷᠠᠯ᠎ᠤᠨ ᠬᠡᠷᠡᠭᠰᠡᠯ ᠪᠠ ᠡᠮ᠎ᠤᠨ ᠵᠦᠢ᠍ᠯ ᠬᠤᠳᠠᠯᠳᠤᠨ ᠠᠪᠴᠤ ᠥᠭᠬᠦ ᠵᠢᠨ ᠳᠠᠭ᠋ᠠᠤ ᠬᠠᠤᠯᠢ ᠴᠠᠭ᠋ᠠᠵᠠ ᠵᠢ ᠬᠠᠯᠠᠰᠢᠷᠠᠯ ᠦᠭᠡᠶ ᠲᠠᠶ᠋ᠢᠯᠪᠤᠷᠢᠯᠠᠨ ᠥᠭᠴᠦ᠂ ᠠᠰᠢᠭ ᠬᠤᠣᠷ᠎ᠢ᠎ᠨᠢ ᠲᠣᠭ᠋ᠠᠴᠢᠨ᠂ ᠵᠣᠣ ᠣᠪᠣᠭᠲᠤ ᠵᠢ ᠪᠣᠷᠤᠭᠤ ᠪᠤᠳᠤᠯ ᠵᠶ᠋ᠠᠨ ᠬᠠᠶᠠᠵᠤ ᠵᠦᠪ ᠵᠠᠮ᠎ᠳᠤ ᠤᠬᠠᠭ᠋ᠠᠷᠠᠬᠤ ᠲᠤᠬᠠᠢ ᠢᠳᠬᠠᠪᠠ᠃ ᠠᠷᠪᠠ ᠰᠢᠬᠠᠮ ᠡᠳᠦᠷ᠎ᠤᠨ ᠠᠵᠢᠯ ᠵᠶ᠋ᠠᠷ ᠳᠠᠮᠵᠢᠭ᠋ᠠᠳ ᠵᠣᠣ ᠣᠪᠣᠭᠲᠤ ᠡᠴᠦᠰ᠎ᠲᠤ᠎ᠪᠠᠨ ᠬᠤᠣᠷ ᠲᠠᠯᠪᠢᠵᠤ ᠬᠥᠮᠦᠨ ᠠᠯᠠᠭᠰᠠᠨ ᠪᠦᠬᠦ ᠶᠠᠯ᠎ᠠ ᠵᠢᠨ ᠪᠣᠳᠠᠲᠤ ᠬᠡᠷᠡᠭ ᠵᠶ᠋ᠠᠨ ᠦᠨᠡᠨ ᠮᠥᠨ ᠵᠶ᠋ᠠᠷ᠎ᠨᠢ ᠲᠤᠰᠢᠶᠠᠵᠠᠶ᠃
2008 ᠣᠨ᠎ᠳᠤ᠂ ᠳ᠋ᠦᠩᠱ᠌ᠧᠩ ᠲᠣᠭᠤᠷᠢᠭ᠎ᠤᠨ ᠨᠢᠭᠡᠨ ᠲᠣᠰᠣ ᠨᠡᠮᠡᠬᠦ ᠥᠷᠲᠡᠭᠡᠨ᠎ᠳᠤ ᠨᠢᠭᠡ ᠬᠥᠮᠥᠨ ᠠᠯᠠᠭᠰᠠᠨ ᠬᠡᠷᠡᠭ ᠭᠠᠷᠴᠤ᠂ 3 ᠮᠠᠭᠤ ᠡᠲᠡᠭᠡᠳ ᠬᠢᠲᠤᠭ᠎ᠠ ᠪᠠᠷᠢᠵᠤ ᠪᠤᠯᠢᠶᠠᠨ ᠳᠡᠭᠡᠷᠡᠮᠳᠡᠵᠦ᠂ ᠨᠢᠭᠡ ᠬᠥᠮᠥᠨ ᠦᠬᠦᠵᠦ ᠨᠢᠭᠡ ᠰᠢᠷᠬᠠᠳᠤᠪᠠ᠃ ᠴᠠᠭᠳᠠᠭ᠋ᠠᠨ᠎ᠤ ᠲᠠᠯ᠎ᠠ ᠵᠢᠨ᠎ᠬᠢᠨ ᠲᠡᠷᠡ ᠳᠠᠷᠤᠢ᠎ᠳᠤ᠎ᠨᠢ ᠬᠣᠷᠢᠭ᠎ᠠ ᠪᠡᠬᠢᠯᠡᠯᠳᠡ ᠪᠠᠢ᠌ᠭᠤᠯᠬᠤ ᠪᠠ ᠬᠢᠨᠠᠨ ᠡᠵᠡᠮᠳᠡᠭᠦᠷᠲᠠᠬᠢ ᠲᠥᠷᠰᠦ ᠰᠢᠩᠭᠡᠭᠡᠯᠳᠡ ᠵᠢ ᠬᠠᠷᠭᠤᠭᠤᠯᠤᠨ ᠪᠠᠢ᠌ᠴᠠᠭ᠋ᠠᠭᠰᠠᠨ ᠪᠣᠯᠪᠠᠴᠤ ᠶᠠᠮᠠᠷ ᠴᠤ᠌ ᠦᠷ᠎ᠡ ᠳ᠋ᠦᠩ ᠣᠯᠤᠭᠰᠠᠨ ᠦᠭᠡᠢ᠂ ᠬᠡᠷᠡᠭ᠎ᠢ ᠲᠠᠩᠨᠠᠨ ᠢᠯᠡᠷᠡᠭᠦᠯᠬᠦ ᠠᠵᠢᠯ ᠬᠦᠰᠢᠭᠦᠨ ᠪᠠᠶ᠋ᠢᠳᠠᠯ᠎ᠳᠤ ᠣᠷᠣᠵᠠᠢ᠃ ᠯᠢᠨ ᠨᠠ ᠵᠠᠯᠭ᠋ᠠᠭ᠎ᠠ᠎ᠪᠠᠷ ᠡᠳᠦᠷ ᠰᠥᠨᠢ ᠥᠬᠡᠶ 5 ᠡᠳᠦᠷ ᠡᠷᠡᠯᠬᠡᠭᠯᠡᠨ ᠲᠡᠮᠡᠴᠡᠵᠦ᠂ ᠬᠡᠳᠦᠨ ᠠᠷᠪᠠᠨ ᠲᠦᠮᠠᠨ ᠴᠠᠬᠢᠯᠭ᠋ᠠᠨ ᠬᠤᠯᠪᠣᠭ᠋ᠠᠨ᠎ᠤ ᠲᠤᠭ᠎ᠠ ᠪᠠᠷᠢᠮᠲᠠ ᠵᠢ ᠢᠯᠭ᠋ᠠᠨ ᠳᠣᠲᠣᠯᠠᠬᠤ ᠪᠠ ᠬᠠᠷᠢᠴᠠᠭᠤᠯᠤᠨ ᠵᠠᠳᠠᠯᠬᠤ᠎ᠪᠠᠷ ᠳᠠᠮᠵᠢᠭᠤᠯᠤᠨ᠂ ᠳᠤᠮᠳᠠ᠎ᠠᠴᠠ᠎ᠨᠢ ᠬᠡᠳᠦᠨ ᠰᠡᠵᠢᠭᠳᠡᠨ᠎ᠢ ᠰᠢᠭᠰᠢᠨ ᠪᠠᠶ᠋ᠢᠴᠠᠭ᠋ᠠᠵᠤ᠂ ᠲᠤᠰᠬᠠᠶ ᠬᠡᠷᠡᠭ᠎ᠤᠨ ᠳᠤᠭᠤᠶ᠋ᠢᠯᠠᠩ ᠡᠨᠡ ᠬᠦ᠌ ᠵᠠᠩᠭᠢᠯᠠᠭ᠎ᠠ ᠵᠢᠨ ᠰᠦᠪᠡᠭᠴᠢ ᠵᠢ ᠦᠨᠳᠦᠰᠦᠯᠡᠨ ᠲᠣᠰ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠪᠡ᠃
2011 ᠣᠨ᠎ᠳᠤ᠂ ᠬᠠᠷᠢᠶᠠᠲᠤ ᠣᠷᠣᠨ᠎ᠳᠤ ᠨᠢᠭᠡ ᠤᠤᠯᠭ᠋ᠠᠯᠠᠭᠳᠠᠭᠰᠠᠨ ᠬᠡᠷᠡᠭ ᠭᠠᠷᠴᠤ᠂ ᠬᠣᠬᠢᠷᠠᠯ ᠠᠮᠰᠠᠭᠴᠢ᠎ᠨᠢ 7 ᠰᠠᠷ᠎ᠠ ᠵᠢᠨ ᠵᠢᠷᠮᠦᠰᠦᠨ ᠪᠦᠰᠡᠭᠦᠢ᠃ ᠲᠦᠭᠰᠢᠭᠦᠷᠢ ᠮᠡᠳᠡᠭᠦᠯᠦᠯᠳᠡ ᠵᠢ ᠲᠤᠰᠤᠭᠰᠠᠨ᠎ᠤ ᠲᠠᠷᠠᠭ᠎ᠠ᠂ ᠶᠠᠭ ᠰᠠᠶᠢᠬᠠᠨ ᠬᠡᠥᠬᠡᠳ ᠬᠦᠬᠦᠭᠦᠯᠵᠦ ᠪᠠᠶ᠋ᠢᠭ᠎ᠠ ᠯᠢᠨ ᠨᠠ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠬᠠᠮᠲᠤ ᠠᠵᠢᠯᠯᠠᠭᠰᠠᠳ᠎ᠲᠠᠢ ᠬᠠᠮᠲᠤ ᠬᠠᠬᠢᠷ ᠬᠦᠢ᠍ᠲᠡᠨ ᠰᠠᠯᠬᠢᠨ᠎ᠢ ᠰᠥᠷᠦᠨ ᠠᠭᠤᠯᠠᠷᠬᠠᠭ ᠣᠷᠣᠨ᠎ᠳᠤ ᠣᠴᠢᠵᠤ ᠬᠡᠷᠡᠭ ᠰᠢᠢ᠍ᠳᠪᠦᠷᠢᠯᠡᠨ᠂ ᠵᠠᠮ ᠳᠠᠭ᠋ᠠᠤ ᠭᠤᠤ ᠭᠠᠩᠭ᠎ᠠ ᠬᠥᠨᠳᠡᠯᠡᠨ ᠭᠤᠯᠳᠤ ᠰᠦᠯᠵᠢᠯᠳᠦᠵᠦ᠂ ᠲᠠᠩᠨᠠᠨ ᠪᠠᠶ᠋ᠢᠴᠠᠭ᠋ᠠᠬᠤ ᠠᠵᠢᠯ ᠢᠳᠡᠷᠡᠭᠦᠨ ᠬᠠᠲᠠᠭᠤᠵᠢᠯᠲᠠᠢ ᠶᠠᠪᠤᠭᠳᠠᠵᠤ᠂ ᠯᠢᠨ ᠨᠠ ᠡᠯᠪᠡᠭ ᠪᠠᠶᠠᠯᠢᠭ ᠲᠤᠷᠰᠢᠯᠭ᠎ᠠ᠎ᠪᠠᠷ ᠵᠶ᠋ᠠᠨ ᠬᠤᠬᠢᠷᠠᠯ ᠠᠮᠰᠠᠭᠴᠢ ᠵᠢᠨ ᠣᠷᠣᠨ ᠪᠠᠶ᠋ᠢᠷᠢ ᠵᠢ ᠣᠬᠤᠷ ᠬᠤᠭᠤᠴᠠᠭ᠋ᠠᠨ᠎ᠳᠤ ᠠᠮᠵᠢᠯᠲᠠ᠎ᠲᠠᠢ ᠲᠣᠭᠲᠠᠭ᠋ᠠᠵᠤ᠂ ᠠᠷᠠᠳ᠎ᠤᠨ ᠴᠠᠭᠳᠠᠭ᠎ᠠ ᠴᠠᠭ ᠲᠤᠬᠠᠢᠳᠤᠨᠢ ᠬᠦᠷᠴᠦ ᠢᠷᠡᠮᠡᠭᠴᠡ ᠠᠭᠤᠯᠠᠨ ᠭᠤᠤ᠎ᠳᠤ ᠬᠥᠯ ᠭᠠᠷ᠎ᠢ᠎ᠨᠢ ᠤᠶᠠᠵᠤ ᠬᠠᠶᠠᠭᠰᠠᠨ ᠵᠢᠷᠮᠦᠰᠦᠨ ᠡᠮᠡᠭᠲᠡᠢ ᠵᠢ ᠠᠪᠤᠷᠠᠵᠤ᠂ ᠬᠡᠷᠪᠡ ᠣᠷᠣᠢ ᠨᠢᠭᠡ ᠮᠥᠴᠡ ᠴᠦ᠍ ᠪᠣᠯᠤᠭᠰᠠᠨ ᠪᠣᠯ ᠦᠷ᠎ᠡ ᠳ᠋ᠦᠩ᠎ᠨᠢ ᠳᠠᠷᠤᠢ ᠨᠢᠭᠡ ᠦᠬᠦᠳᠡᠯ ᠬᠤᠶᠠᠷ ᠠᠮᠢ ᠪᠠᠶ᠋ᠢᠵᠤ ᠮᠡᠳᠡᠨ᠎ᠡ᠃ ᠲᠤᠰ ᠬᠡᠷᠡᠭ᠎ᠨᠢ ᠵᠥᠪᠬᠡᠨ 3 ᠴᠠᠭ ᠵᠠᠷᠤᠴᠠᠭᠤᠯᠤᠨ ᠬᠣᠬᠢᠷᠠᠯ ᠠᠮᠰᠠᠭᠴᠢ ᠵᠢ ᠠᠪᠤᠷᠠᠨ ᠭᠠᠷᠭ᠋ᠠᠵᠤ ᠶᠠᠯ᠎ᠠ ᠬᠢᠭᠰᠡᠨ ᠰᠡᠵᠢᠭᠳᠡᠨ᠎ᠢ ᠠᠮᠵᠢᠯᠳᠠᠳᠠᠢ ᠪᠠᠷᠢᠪᠴᠢᠯᠠᠪᠠ᠃
2012 ᠣᠨ᠎ᠳᠤ᠂ ᠬᠠᠷᠢᠶᠠᠲᠤ ᠣᠷᠣᠨ᠎ᠳᠤ ᠨᠢᠭᠡ ᠤᠳᠠᠭ᠋ᠠᠨ᠎ᠤ ᠭᠡᠷ᠎ᠲᠤ ᠣᠷᠣᠵᠤ ᠬᠠᠷᠭᠢᠰ ᠬᠡᠷᠴᠡᠭᠡᠢ᠎ᠪᠠᠷ ᠡᠬᠡ ᠬᠡᠦᠬᠡᠨ ᠬᠣᠶᠠᠷ᠎ᠢ ᠠᠯᠠᠭᠰᠠᠨ ᠬᠡᠷᠡᠭ ᠭᠠᠷᠴᠤ᠂ ᠬᠣᠣᠷᠯᠠᠭᠳᠠᠭᠰᠠᠨ ᠬᠡᠦᠬᠡᠨ 3 ᠨᠠᠰᠤ ᠬᠦᠷᠦᠭᠡᠳᠦᠢ ᠪᠠᠶ᠋ᠢᠵᠤ᠂ ᠨᠡᠶ᠋ᠢᠭᠡᠮ᠎ᠳᠤ ᠥᠭᠭᠦᠭᠰᠡᠨ ᠨᠥᠯᠥᠭᠡ᠎ᠨᠢ ᠲᠤᠶ᠋ᠢᠯ᠎ᠤᠨ ᠮᠠᠭᠤ ᠪᠠᠢ᠌ᠪᠠ᠃ ᠯᠢᠨ ᠨᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠳᠤ ᠬᠦᠷᠴᠦ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ᠎ᠲᠠᠢ ᠬᠠᠮᠲᠤ ᠡᠨᠡ ᠬᠡᠷᠡᠭ᠎ᠢ ᠲᠠᠩᠨᠠᠨ ᠢᠯᠡᠷᠡᠭᠦᠯᠬᠦ᠎ᠳᠤ ᠣᠷᠤᠯᠴᠠᠬᠤ ᠡᠭᠦᠷᠭᠡ ᠵᠢ ᠣᠯᠤᠭ᠋ᠠᠳ᠂ 2 ᠨᠠᠰᠤᠲᠠᠶ ᠬᠡᠦᠬᠡᠨ ᠵᠶ᠋ᠠᠨ ᠲᠥᠷᠥᠯ ᠰᠠᠳᠤᠨᠤᠳᠤᠪᠠᠨ ᠬᠠᠶᠠᠵᠤ ᠬᠦᠬᠡᠬᠤᠲᠠ ᠵᠢ ᠴᠢᠭᠯᠡᠪᠡ᠃ ᠲᠤᠰ ᠬᠡᠷᠡᠭ ᠢᠯᠡᠷᠡᠭᠦᠯᠬᠦ᠎ᠳᠤ ᠬᠦᠴᠢᠷ᠂ ᠰᠦᠪᠡᠭᠴᠢ᠎ᠨᠢ ᠪᠠᠷᠤᠭ ᠳ᠋ᠦᠩᠰᠢᠭᠤᠷ ᠵᠤᠷᠪᠤᠰ ᠴᠢᠮᠡᠭᠡ ᠨᠡᠪᠲᠡᠷᠡᠯᠭᠡ ᠵᠢᠨ ᠲᠣᠭ᠎ᠠ ᠪᠠᠷᠢᠮᠲᠠ᠎ᠳᠤ ᠨᠢᠭᠤᠭᠳᠠᠵᠤ ᠪᠤᠢ᠃ ᠯᠢᠨ ᠨᠠ ᠠᠬᠠᠮᠠᠳ ᠦᠶ᠎ᠡ ᠵᠢᠨ᠎ᠬᠢᠨ᠎ᠤ ᠡᠮᠦᠨ᠎ᠡ ᠥᠪᠡᠷ᠎ᠤᠨ ᠴᠢᠮᠡᠭᠡ ᠬᠤᠯᠪᠣᠭ᠋ᠠᠨ᠎ᠤ ᠲᠤᠭ᠎ᠠ ᠪᠠᠷᠢᠮᠲᠠ ᠵᠢ ᠲᠤᠷᠰᠢᠨ ᠪᠠᠶ᠋ᠢᠴᠠᠭ᠋ᠠᠬᠤ ᠠᠵᠢᠯ᠎ᠤᠨ ᠰᠡᠳᠬᠢᠮᠵᠢ᠎ᠪᠠᠨ ᠶᠠᠷᠢᠵᠤ᠂ ᠡᠨᠡ᠎ᠨᠢ ᠳᠡᠩᠳᠡᠭᠦᠦ ᠠᠯᠤᠰ ᠬᠡᠲᠦ ᠵᠢᠨ ᠬᠠᠷᠠᠯᠲᠠ᠎ᠠᠴᠠ ᠪᠣᠯᠵᠤ ᠲᠡᠷᠡ ᠳᠠᠷᠤᠢ᠎ᠳᠤ᠎ᠨᠢ ᠵᠥᠪᠰᠢᠶᠡᠷᠡᠯ ᠣᠯᠤᠭᠰᠠᠨ ᠦᠭᠡᠢ᠃ ᠯᠢᠨ ᠨᠠ ᠥᠪᠡᠷ᠎ᠤᠨ ᠲᠠᠩᠨᠠᠨ ᠢᠯᠡᠷᠡᠭᠦᠯᠬᠦ ᠰᠡᠳᠭᠢᠮᠵᠢ᠎ᠪᠠᠨ ᠤᠯᠠᠮ ᠨᠢᠭᠡ ᠠᠯᠬᠤᠮ ᠵᠠᠳᠠᠯᠤᠨ ᠰᠤᠳᠤᠯᠵᠤ᠂ ᠬᠠᠮᠤᠭ ᠡᠴᠦᠰ᠎ᠲᠤ ᠣᠯᠠᠨ᠎ᠢ ᠵᠦᠪᠰᠢᠶᠡᠷᠡᠭᠦᠯᠦᠭᠡᠳ ᠲᠣᠷᠰᠢᠵᠤ ᠦᠵᠡᠬᠦ᠎ᠪᠠᠷ ᠪᠣᠯᠪᠠ᠃ ᠯᠢᠨ ᠨᠠ ᠺᠣᠮᠫᠢᠦ᠋ᠲ᠋ᠧᠷ᠎ᠤᠨ ᠡᠮᠦᠨ᠎ᠡ ᠡᠳᠦᠷ ᠬᠡᠳᠦᠨ ᠮᠢᠩᠭ᠋ᠠᠨ ᠲᠦᠮᠡᠨ ᠮᠡᠳᠡᠭᠡ ᠬᠤᠯᠪᠣᠭ᠋ᠠᠨ᠎ᠤ ᠲᠤᠭ᠎ᠠ ᠪᠠᠷᠢᠮᠲᠠ ᠵᠢ ᠰᠢᠭᠰᠢᠨ ᠪᠠᠶ᠋ᠢᠴᠠᠭ᠋ᠠᠵᠤ᠂ 36 ᠡᠳᠦᠷ᠎ᠤᠨ ᠳᠠᠷᠠᠭ᠎ᠠ᠂ ᠯᠢᠨ ᠨᠠ ᠨᠢᠭᠡ ᠪᠡᠶ᠎ᠡ ᠶᠠᠳᠠᠷᠠᠵᠤ ᠵᠦᠳᠡᠷᠡᠭᠰᠡᠨ ᠪᠠ ᠴᠢᠬᠤᠯᠠ ᠶᠡᠭᠡ ᠰᠦᠪᠡᠭᠴᠢ ᠠᠪᠴᠤ ᠲᠤᠰᠬᠠᠶ ᠬᠡᠷᠡᠭ᠎ᠤᠨ ᠳᠤᠭᠤᠶ᠋ᠢᠯᠠᠩ᠎ᠳᠤ ᠪᠣᠴᠠᠵᠤ᠂ ᠳᠠᠷᠠᠭ᠎ᠠ ᠡᠳᠦᠷ᠂ ᠲᠤᠰᠬᠠᠶ ᠬᠡᠷᠡᠭ᠎ᠤᠨ ᠳᠤᠭᠤᠶ᠋ᠢᠯᠠᠩ ᠪᠤᠯᠢᠶᠠᠨ ᠳᠡᠭᠡᠷᠡᠮᠳᠡᠭᠰᠡᠨ ᠶᠠᠷᠭ᠋ᠠᠴᠢᠨᠢ ᠲᠣᠳᠤᠯᠠᠭᠰᠠᠨ ᠪᠠᠢ᠌ᠪᠠ ᠁
2021 ᠣᠨ᠎ᠳᠤ᠂ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠤᠨ ᠳᠤᠮᠳᠠ᠂ ᠯᠢᠨ ᠨᠠ ᠬᠦᠨᠳᠦ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠵᠦ᠂ ᠳ᠋ᠦᠩᠱ᠌ᠧᠩ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠬᠢ ᠵᠢᠨ ᠮᠡᠬᠡᠯᠡᠯ᠎ᠢ ᠡᠰᠡᠷᠭᠦᠴᠡᠬᠦ ᠳᠤᠮᠳᠠ ᠠᠩᠬᠢ ᠵᠢᠨ ᠬᠠᠮᠢᠶᠠᠷᠤᠯᠲᠠ ᠪᠠ ᠠᠵᠢᠯᠯᠠᠭ᠋ᠠᠨ᠎ᠤ ᠠᠵᠢᠯ᠎ᠢ ᠬᠠᠷᠢᠭᠤᠴᠠᠪᠠ᠃
4 ᠳ᠋ᠦ᠍ᠭᠡᠷ ᠰᠠᠷ᠎ᠠ ᠵᠢᠨ 15᠎ᠤ ᠡᠳᠦᠷ᠂ ᠳ᠋ᠦᠩᠱ᠌ᠧᠩ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠣᠯᠠᠨ ᠭᠠᠵᠠᠷ᠎ᠠᠴᠠ ᠢᠷᠡᠭᠦᠯᠦᠭᠰᠡᠨ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠢ ᠬᠠᠮᠵᠢᠨ ᠪᠠᠶ᠋ᠢᠴᠠᠭ᠋ᠠᠬᠤ ᠮᠡᠳᠡᠭᠳᠡᠯ᠎ᠢ ᠣᠯᠵᠤ᠂ ᠬᠡᠳᠦᠨ ᠵᠠᠭᠤᠨ ᠮᠡᠬᠡᠯᠡᠯ᠎ᠤᠨ ᠤᠲᠠᠰᠤ᠎ᠨᠢ ᠳ᠋ᠦᠩᠱ᠌ᠧᠩ ᠲᠣᠭᠤᠷᠢᠭ᠎ᠠᠴᠠ ᠤᠳᠠᠰᠤᠳᠠᠭᠰᠠᠨ ᠶᠤᠮ᠃ ᠠᠷᠠᠳ᠎ᠤᠨ ᠴᠠᠭᠳᠠᠭ᠎ᠠ ᠳ᠋ᠦᠩᠱ᠌ᠧᠩ ᠲᠣᠭᠤᠷᠢᠭ᠎ᠲᠤ ᠴᠠᠬᠢᠯᠭ᠋ᠠᠨ ᠮᠡᠬᠡᠯᠡᠯ᠎ᠤᠨ ᠴᠢᠮᠡᠭᠡ ᠬᠤᠯᠪᠣᠭ᠋ᠠᠨ᠎ᠤ ᠭᠠᠵᠠᠷ᠎ᠢ ᠪᠠᠶ᠋ᠢᠭᠤᠯᠤᠭᠰᠠᠨᠢ ᠠᠩᠬ᠎ᠠ ᠠᠯᠬᠤᠮ ᠮᠠᠭ᠋ᠠᠳᠯᠠᠨ ᠲᠣᠭᠲᠠᠭ᠋ᠠᠪᠠ᠃ 4 ᠳ᠋ᠦ᠍ᠭᠡᠷ ᠰᠠᠷ᠎ᠠ ᠵᠢᠨ 21᠎ᠤ ᠡᠳᠦᠷ᠂ ᠯᠢᠨ ᠨᠠ ᠮᠡᠬᠡᠯᠡᠯ᠎ᠢ ᠡᠰᠡᠷᠭᠦᠴᠡᠬᠦ ᠳᠤᠮᠳᠠ ᠠᠩᠭᠢ ᠵᠢ ᠳᠠᠭ᠋ᠠᠭᠤᠯᠤᠨ ᠲᠤᠰ ᠴᠠᠬᠢᠯᠭ᠋ᠠᠨ ᠬᠣᠯᠪᠣᠭ᠋ᠠᠨ᠎ᠤ ᠲᠥᠬᠥᠭᠡᠷᠦᠮᠵᠢ ᠵᠢ ᠬᠠᠷᠢᠭᠤᠴᠠᠵᠤ ᠪᠠᠢ᠍ᠭ᠎ᠠ ᠰᠡᠵᠢᠭᠲᠡᠨ᠎ᠢ ᠪᠠᠷᠢᠪᠴᠢᠯᠠᠵᠤ᠂ ᠳ᠋ᠦᠩ ᠱᠧᠩ᠂ ᠭᠢᠶ᠎ᠠ ᠪᠠᠭᠰᠢ GIOP ᠨᠢᠭᠤᠴᠠ ᠣᠷᠤᠮᠵᠢ 2᠎ᠢ ᠰᠦᠢ᠍ᠷᠡᠭᠦᠯᠪᠡ᠃ ᠰᠢᠭᠦᠨ ᠠᠰᠠᠭᠤᠭᠰᠠᠨ ᠪᠠᠢ᠌ᠳᠠᠯ᠎ᠢ ᠦᠨᠳᠦᠰᠦᠯᠡᠨ᠂ ᠯᠢᠨ ᠨᠠ GOIP ᠨᠢᠭᠤᠴᠠ ᠣᠷᠤᠮᠵᠢ ᠵᠢᠨ ᠠᠷᠤ᠎ᠳᠤ ᠪᠠᠰᠠ ᠨᠢᠭᠡᠨ ᠬᠠᠤᠯᠢ ᠪᠣᠰᠤ ᠠᠵᠤ ᠦᠢ᠍ᠯᠡᠰ᠎ᠤᠨ ᠬᠡᠯᠬᠢᠶ᠎ᠡ ᠨᠢᠭᠤᠭᠳᠠᠵᠤ ᠪᠠᠢ᠌ᠨ᠎ᠠ ᠭᠡᠳᠡᠭ᠎ᠢ ᠲᠣᠳᠤᠯᠠᠵᠤ᠂ ᠲᠡᠷᠡ ᠳᠠᠷᠤᠢ᠌ᠬᠠᠨ ᠴᠠᠭᠳᠠᠭ᠎ᠠ ᠵᠢᠨ ᠬᠦᠴᠦᠨ ᠲᠣᠮᠢᠯᠠᠵᠤ ᠴᠠᠩ ᠱᠠᠳᠤ ᠣᠴᠢᠭᠤᠯᠵᠤ ᠲᠣᠷᠰᠢᠨ ᠪᠠᠢ᠌ᠴᠠᠭ᠋ᠠᠪᠠ᠃
4 ᠳ᠋ᠦ᠍ᠭᠡᠷ ᠰᠠᠷ᠎ᠠ ᠵᠢᠨ 29᠎ᠤ ᠡᠳᠦᠷ᠂ ᠬᠡᠷᠡᠭ᠎ᠨᠢ ᠴᠢᠬᠤᠯᠠ ᠶᠡᠭᠡ ᠰᠢᠪᠲᠤᠯᠤᠯᠲᠠ᠎ᠲᠠᠢ ᠪᠤᠯᠵᠤ᠂ ᠠᠷᠠᠳ᠎ᠤᠨ ᠴᠠᠭᠲᠠᠭ᠎ᠠ᠎ᠠᠴᠠ ᠬᠤᠨᠠᠨ ᠮᠤᠵᠢ ᠵᠢᠨ ᠴᠠᠩᠱ᠌ᠠ ᠵᠢᠨ ᠲᠡᠬᠡᠲᠤ ᠲᠠᠯ᠎ᠠ᠎ᠳᠤ ᠪᠠᠶ᠋ᠢᠭ᠎ᠠ 《ᠺᠠ ᡂᠢ》 ᠨᠢᠭᠤᠴᠠ ᠣᠷᠤᠮᠵᠢ ᠵᠢ ᠰᠦᠢ᠍ᠷᠡᠭᠦᠯᠵᠦ᠂ 3 ᠰᠡᠵᠢᠭᠲᠡᠨ᠎ᠢ ᠪᠠᠷᠢᠪᠴᠢᠯᠠᠪᠠ᠃ ᠯᠢᠨ ᠨᠠ ᠮᠡᠬᠡᠯᠡᠯ᠎ᠢ ᠡᠰᠡᠷᠭᠦᠴᠡᠬᠦ ᠳᠤᠮᠳᠠ ᠠᠩᠭᠢ ᠵᠢ ᠳᠠᠭ᠋ᠠᠭᠤᠯᠤᠨ ᠲᠣᠰ ᠬᠡᠷᠡᠭ᠎ᠢ ᠦᠷᠭᠦᠯᠵᠢᠯᠡᠨ ᠭᠦᠨᠵᠡᠭᠡᠶ ᠠᠭᠤᠳᠠᠯᠵᠤ᠂ 6 ᠳ᠋ᠤᠭ᠋ᠠᠷ ᠰᠠᠷ᠎ᠠ ᠵᠢᠨ 4᠎ᠤ ᠡᠳᠦᠷ ᠳᠥᠷᠪᠡᠨ ᠮᠤᠵᠢ ᠲᠠᠪᠤᠨ ᠭᠠᠵᠠᠷ᠎ᠢ ᠠᠯᠤᠰᠯᠠᠨ ᠵᠡᠷᠭᠡ᠎ᠪᠠᠷ ᠪᠠᠷᠢᠪᠴᠢᠯᠠᠬᠤ ᠠᠵᠢᠯᠯᠠᠭ᠎ᠠ ᠶᠠᠪᠤᠭᠤᠯᠤᠨ᠂ ᠭᠤᠸᠠᠩᠰᠢ᠎ᠳᠤ ᠬᠢᠯᠢ ᠵᠢᠨ ᠭᠠᠳᠠᠨᠠᠬᠢ ᠴᠠᠬᠢᠯᠭ᠋ᠠᠨ ᠬᠤᠯᠪᠣᠭ᠋ᠠᠨ᠎ᠤ ᠪᠦᠯᠬᠦᠮ᠎ᠳᠤ ᠴᠠᠬᠢᠯᠭ᠋ᠠᠨ ᠬᠤᠯᠪᠣᠭ᠎ᠠ ᠴᠢᠮᠡᠭᠡ ᠮᠡᠳᠡᠭᠡᠨ᠎ᠤ ᠲᠥᠬᠦᠭᠡᠷᠦᠮᠵᠢ ᠬᠠᠩᠭ᠋ᠠᠭᠰᠠᠨ ᠲᠤᠯᠤᠭ᠋ᠠᠢ᠌ᠯᠠᠭᠴᠢ 1 ᠬᠥᠮᠦᠨ᠎ᠢ ᠪᠠᠷᠢᠪᠴᠢᠯᠠᠪᠠ; ᠡᠭᠦᠨ᠎ᠤ ᠬᠠᠮᠲᠤ ᠳᠣᠣᠷᠠᠳᠤ ᠲᠠᠯ᠎ᠠ ᠵᠢᠨ 《ᠺᠠ ᡂᠢ》 ᠵᠢᠨ ᠨᠢᠭᠤᠴᠠ ᠣᠷᠤᠮᠵᠢ ᠵᠢ ᠾᠧᠨᠠᠨ᠎ᠳᠤ 1 ᠰᠦᠢ᠍ᠷᠡᠭᠦᠯᠵᠦ᠂ 2 ᠬᠥᠮᠦᠨ᠎ᠢ ᠪᠠᠷᠢᠪᠴᠢᠯᠠᠪᠠ; ᠳᠣᠣᠷᠠᠳᠤ ᠲᠠᠯ᠎ᠠ ᠵᠢᠨ GOIP ᠨᠢᠭᠤᠴᠠ ᠣᠷᠤᠮᠵᠢ ᠵᠢ ᠭᠠᠨᠰᠦ ᠮᠤᠵᠢ ᠵᠢᠨ 1 ᠭᠠᠵᠠᠷ᠂ ᠥᠪᠥᠷ ᠮᠣᠩᠭᠤᠯ᠎ᠤᠨ ᠤᠯᠠᠭ᠋ᠠᠨᠬᠠᠳᠠ᠎ᠳᠤ 1 ᠭᠠᠵᠠᠷ᠂ ᠲᠦᠩᠯᠢᠶᠣᠤ᠎ᠳᠤ 1 ᠭᠠᠵᠠᠷ᠎ᠢ ᠰᠦᠢ᠍ᠷᠡᠭᠦᠯᠵᠦ᠂ 3 ᠬᠥᠮᠦᠨ᠎ᠢ ᠪᠠᠷᠢᠪᠴᠢᠯᠠᠪᠠ; 7 ᠳ᠋ᠤᠭ᠋ᠠᠷ ᠰᠠᠷ᠎ᠠ ᠵᠢᠨ 1 ᠪᠠ 2᠎ᠤᠨ ᠡᠳᠦᠷ᠂ ᠲᠤᠰ ᠠᠵᠤ ᠦᠢ᠍ᠯᠡᠰ᠎ᠤᠨ ᠬᠡᠯᠬᠢᠶ᠎ᠡ ᠵᠢᠨ ᠡᠴᠦᠰ᠎ᠤᠨ ᠬᠤᠶᠠᠷ ᠰᠡᠵᠢᠭᠳᠡᠨ᠎ᠢ ᠪᠠᠷᠢᠪᠴᠢᠯᠠᠪᠠ᠃ ᠢᠩᠭᠢᠭᠡᠳ᠂ ᠪᠦᠬᠦ ᠤᠯᠤᠰ᠎ᠤᠨ ᠣᠯᠠᠨ ᠭᠠᠵᠠᠷ᠎ᠲᠤ ᠬᠣᠣᠷ ᠬᠥᠨᠥᠭᠡᠯ ᠪᠣᠯᠵᠤ ᠪᠠᠶ᠋ᠢᠭ᠎ᠠ ᠬᠢᠯᠢ ᠵᠢᠨ ᠳᠣᠲᠣᠷᠠᠬᠢ ᠣᠨᠴᠠ ᠶᠡᠬᠡ ᠴᠠᠬᠢᠯᠭ᠋ᠠᠨ ᠮᠡᠬᠡᠯᠡᠯ᠎ᠤᠨ ᠬᠣᠯᠪᠣᠭ᠋ᠠᠨ᠎ᠤ ᠬᠠᠤᠯᠢ ᠪᠣᠰᠤ ᠠᠵᠤ ᠦᠢ᠍ᠯᠡᠰ᠎ᠤᠨ ᠬᠡᠯᠬᠢᠶ᠎ᠡ ᠵᠢ ᠲᠤᠶ᠋ᠢᠯᠪᠤᠷᠢᠲᠠᠢ ᠠᠷᠢᠯᠭ᠋ᠠᠪᠠ᠃
ᠣᠬᠤᠷᠬᠠᠨ ᠬᠤᠶᠠᠷ ᠵᠢᠯ᠎ᠤᠨ ᠬᠤᠭᠤᠴᠠᠭ᠋ᠠᠨ᠎ᠳᠤ᠂ ᠯᠢᠨ ᠨᠠ ᠮᠡᠬᠡᠯᠡᠯ᠎ᠢ ᠡᠰᠡᠷᠭᠦᠴᠡᠬᠦ ᠳᠤᠮᠳᠠ ᠠᠩᠬᠢ ᠵᠢ ᠲᠠᠢ᠌ᠴᠢᠯᠠᠨ 50 ᠲᠦᠮᠡᠨ ᠲᠥᠭᠦᠷᠢᠭ᠎ᠠᠴᠠ ᠳᠡᠭᠡᠭᠰᠢᠬᠢ ᠬᠡᠷᠡᠭ᠎ᠢ 31 ᠢᠯᠡᠷᠡᠭᠦᠯᠵᠦ᠂ 100 ᠲᠦᠮᠡᠨ ᠲᠥᠭᠦᠷᠢᠭ᠎ᠠᠴᠠ ᠳᠡᠭᠡᠭᠰᠢᠬᠢ ᠬᠡᠷᠡᠭ᠎ᠢ 14 ᠢᠯᠡᠷᠡᠭᠦᠯᠵᠦ᠂ ᠲᠢᠩᠬᠢᠮ ᠪᠠ ᠶᠠᠮᠤᠨ᠎ᠤ ᠱᠠᠯᠠᠪᠳᠠᠭᠤᠯᠤᠨ ᠰᠢᠢ᠍ᠳᠪᠦᠷᠢᠯᠡᠭᠦᠯᠦᠭᠰᠡᠨ ᠬᠡᠷᠡᠭ᠎ᠢ ᠪᠦᠷᠢᠨ ᠢᠯᠡᠷᠡᠭᠦᠯᠪᠡ᠃
ᠡᠷᠡᠭᠦᠦ ᠵᠢᠨ ᠴᠠᠭᠳᠠᠭ᠎ᠠ ᠪᠣᠯᠤᠭᠰᠠᠨ᠎ᠤ ᠬᠤᠪᠢ᠎ᠳᠤ᠂ ᠯᠢᠨ ᠨᠠ ᠤᠳᠠᠭ᠎ᠠ ᠳᠠᠷᠠᠭ᠋ᠠᠯᠠᠨ ᠥᠪᠡᠷ᠎ᠤᠨ ᠪᠣᠳᠠᠲᠤ ᠠᠵᠢᠯᠯᠠᠭ᠎ᠠ᠎ᠪᠠᠷ ᠵᠶ᠋ᠠᠨ ᠡᠮᠡᠭᠲᠡᠶ᠋ᠢᠴᠦᠳ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃