ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠮᠡᠷᠭᠡᠵᠢᠯ᠎ᠢ ᠭᠦᠨᠵᠡᠭᠡᠢ ᠡᠵᠡᠮᠰᠢᠬᠦ᠎ᠳᠤ 《ᠶᠸᠯᠸ ᠵᠢᠨ ᠨᠢᠳᠦ》 ᠪᠣᠯᠪᠠᠰᠤᠷᠠᠭᠤᠯᠬᠤ — ᠯᠢ ᠯᠧ ᠺᠠᠶ
ᠨᠡᠶ᠋ᠢᠲᠡᠯᠡᠭᠰᠡᠨ ᠴᠠᠭ᠄ 2023-11-07

      ᠯᠢ ᠯᠸ ᠺᠠᠢ ᠣᠳᠣ ᠪᠠᠶᠠᠨᠨᠠᠭᠤᠷ ᠬᠣᠲᠠ ᠵᠢᠨ ᠲᠣᠳᠤᠭ᠋ᠠᠲᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠣᠷᠰᠢᠨ ᠪᠠᠢ᠌ᠴᠠᠭ᠋ᠠᠬᠤ ᠰᠠᠯᠪᠤᠷᠢ ᠠᠩᠬᠢ ᠵᠢᠨ ᠮᠡᠷᠭᠡᠵᠢᠯ᠎ᠤᠨ ᠶᠡᠬᠡ ᠠᠩᠬᠢ ᠵᠢᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ ᠪᠤᠢ᠂ ᠲᠣᠳᠤᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠤᠯᠴᠠᠭᠰᠠᠨ 11 ᠵᠢᠯ᠎ᠤᠨ ᠲᠤᠷᠰᠢ᠂ ᠨᠡᠢ᠌ᠳᠡ 4000 ᠭᠠᠷᠤᠢ ᠬᠡᠷᠡᠭ᠎ᠢ ᠰᠢᠢ᠍ᠳᠪᠦᠷᠢᠯᠡᠵᠦ᠂ ᠡᠯ᠎ᠡ ᠲᠥᠷᠦᠯ᠎ᠤᠨ ᠠᠮᠢᠳᠤ ᠪᠤᠳᠠᠰ᠎ᠤᠨ ᠪᠠᠢ᠌ᠴᠠᠭ᠋ᠠᠯᠳᠠ ᠵᠢᠨ ᠮᠠᠲᠸᠷᠢᠶᠠᠯ᠎ᠢ 20000 ᠭᠠᠷᠤᠢ ᠬᠤᠪᠢ ᠪᠠᠢ᠌ᠴᠠᠭ᠋ᠠᠨ ᠰᠢᠯᠭ᠋ᠠᠵᠤ᠂ ᠡᠯ᠎ᠡ ᠲᠥᠷᠦᠯ᠎ᠤᠨ ᠬᠢᠨᠠᠨ ᠲᠤᠭᠳᠠᠭ᠋ᠠᠯᠳᠠ ᠵᠢᠨ ᠪᠢᠴᠢᠭ ᠬᠠᠷ᠎ᠠ ᠵᠢ 3000 ᠭᠠᠷᠤᠢ ᠭᠠᠷᠭ᠋ᠠᠵᠤ᠂ ᠤᠷᠢᠳ ᠬᠣᠵᠢᠳ ᠳ᠋ᠸᠩᠺᠸᠦ ᠰᠢᠶᠠᠨ᠎ᠤ 《1999.5.17》᠎ᠤ ᠬᠦᠮᠦᠨ ᠠᠯᠠᠭᠰᠠᠨ ᠬᠦᠨᠲᠦ ᠨᠤᠴᠢᠲᠠᠢ ᠬᠡᠷᠡᠭ᠂ ᠤᠷᠠᠳ᠎ᠤᠨ ᠲᠤᠮᠳᠠᠳᠤ ᠬᠣᠰᠢᠭᠤᠨ᠎ᠤ 《1999.12.01》᠎ᠤ ᠲᠤᠨᠤᠨ ᠳᠡᠭᠡᠷᠡᠮᠳᠡᠵᠦ ᠬᠦᠮᠦᠨ ᠠᠯᠠᠭᠰᠠᠨ ᠬᠡᠷᠡᠭ᠂ 2005 ᠣᠨ᠎ᠤ ᠦᠶᠦᠸᠠᠨ ᠰᠢᠶᠠᠨ᠎ᠤ ᠵᠢᠨ ᠣᠪᠤᠭᠲᠤ ᠵᠢᠨ ᠠᠯᠠᠭᠳᠠᠭᠰᠠᠨ ᠬᠡᠷᠡᠭ ᠵᠡᠷᠭᠡ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠢ 10 ᠭᠠᠷᠤᠢ ᠲᠠᠩᠨᠠᠨ ᠢᠯᠡᠷᠡᠭᠦᠯᠪᠡ᠃ ᠬᠤᠪᠢ ᠬᠦᠮᠦᠨ ᠭᠤᠷᠪᠠᠳᠤᠭ᠋ᠠᠷ ᠲᠡᠰ᠎ᠤᠨ ᠭᠠᠪᠢᠶ᠎ᠠ 2 ᠤᠳᠠᠭ᠎ᠠ ᠳᠡᠮᠳᠡᠭᠯᠡᠭᠦᠯᠵᠦ᠂ ᠬᠤᠪᠢ ᠬᠦᠮᠦᠨ᠎ᠤ ᠬᠦᠬᠢᠭᠦᠯᠦᠯ᠎ᠢ 1 ᠤᠳᠠᠭ᠎ᠠ ᠬᠥᠷᠳᠡᠵᠦ᠂ 2022 ᠣᠨ᠎ᠳᠤ ᠥᠪᠦᠷ ᠮᠤᠩᠭᠤᠯ᠎ᠤᠨ 《ᠤᠮᠠᠷᠠᠲᠤ ᠬᠢᠯᠢ ᠵᠢ ᠳᠣᠭᠳᠣᠯᠤᠭᠤᠯᠤᠭᠰᠠᠨ · ᠬᠠᠮᠤᠭ᠎ᠠᠴᠠ ᠪᠠᠬᠠᠷᠬᠠᠯᠲᠠᠢ ᠴᠠᠭᠳᠠᠭ᠎ᠠ》 ᠵᠢᠨ ᠢᠷᠠᠭᠤ ᠠᠯᠳᠠᠷ᠎ᠢ ᠬᠦᠷᠳᠡᠪᠡ᠃

     ᠣᠶ᠋ᠢᠷ᠎ᠠ ᠵᠢᠨ ᠵᠢᠯ᠎ᠤᠳ᠎ᠲᠤ᠂ ᠯᠢ ᠯᠧ ᠺᠠᠶ DNA ᠮᠡᠷᠭᠡᠵᠢᠯ᠎ᠢ ᠲᠠᠰᠤᠷᠠᠯᠲᠠ ᠥᠬᠡᠶ ᠰᠤᠳᠤᠯᠵᠤ᠂ ᠰᠢᠯᠭ᠋ᠠᠨ ᠪᠠᠶ᠋ᠢᠴᠠᠭ᠋ᠠᠵᠤ ᠬᠢᠨᠠᠨ ᠲᠣᠭᠲᠠᠭ᠋ᠠᠬᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠂ ᠤᠷᠢᠳ ᠬᠤᠵᠢᠳ ᠪᠠᠶᠠᠨᠨᠠᠭᠤᠷ ᠬᠤᠲᠠ ᠵᠢᠨ ᠯᠢᠨ ᠾᠧ ᠲᠣᠭᠤᠷᠢᠭ᠎ᠤᠨ 《2000 ᠣᠨ᠎ᠤ ᠾᠧ ᠣᠪᠤᠭᠲᠤ ᠵᠢᠨ ᠠᠯᠠᠭᠳᠠᠭᠰᠠᠨ ᠬᠡᠷᠡᠭ》᠂ ᠭᠠᠨᠰᠦ ᠮᠤᠵᠢ ᠵᠢᠨ ᠵᠢᠶᠠ ᠢᠦᠶ ᠭᠤᠸᠠᠨ ᠬᠤᠲᠠ ᠵᠢᠨ 《2003 ᠣᠨ᠎ᠤ ᠵᠠᠩ ᠣᠪᠣᠭᠲᠤ ᠵᠢᠨ ᠠᠯᠠᠭᠳᠠᠭᠰᠠᠨ ᠬᠡᠷᠡᠭ》 ᠵᠡᠷᠭᠡ ᠣᠯᠠᠨ ᠤᠳᠠᠭ᠋ᠠᠨ᠎ᠤ ᠳᠠᠷᠤᠭᠳᠠᠮᠠᠯ ᠬᠡᠷᠡᠭ᠎ᠢ ᠳᠡᠩᠨᠡᠨ ᠢᠯᠡᠷᠡᠭᠦᠯᠵᠦ᠂ ᠬᠦᠴᠦᠷᠬᠡᠭᠯᠡᠨ ᠨᠦᠵᠢᠳᠯᠡᠭᠰᠡᠨ᠂ ᠲᠤᠨᠤᠨ ᠳᠡᠭᠡᠷᠡᠮᠳᠡᠭᠰᠡᠨ ᠵᠡᠷᠭᠡ ᠣᠨᠴᠠ ᠶᠡᠭᠡ ᠡᠷᠡᠭᠦᠦ ᠵᠢᠨ ᠬᠡᠷᠡᠭ᠎ᠢ 150 ᠭᠠᠷᠤᠶ ᠢᠯᠡᠷᠡᠭᠦᠯᠵᠡᠶ᠃ 2022 ᠣᠨ᠎ᠳᠤ᠂ ᠯᠢ ᠯᠧ ᠺᠠᠶ ᠪᠠᠰᠠ DNA ᠮᠡᠷᠭᠡᠵᠢᠯ᠎ᠢ ᠠᠰᠢᠭᠯᠠᠨ ᠬᠥᠮᠦᠨ ᠠᠯᠠᠭᠰᠠᠨ ᠬᠤᠶᠠᠷ ᠬᠡᠷᠡᠭ᠎ᠢ ᠰᠢᠭᠤᠳ ᠢᠯᠡᠷᠡᠭᠦᠯᠵᠦ᠂ ᠨᠡᠶ᠋ᠢᠭᠡᠮ᠎ᠤᠨ ᠲᠥᠪ ᠭᠤᠤᠯᠴᠢ ᠪᠠ ᠰᠢᠳᠤᠷᠭᠤ ᠶᠣᠰᠣ ᠵᠢ ᠬᠠᠮᠠᠭ᠋ᠠᠯᠠᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠪᠡ᠃

01.jpg  


    2020 ᠣᠨ᠎ᠳᠤ᠂ ᠪᠠᠶᠠᠨᠨᠠᠭᠤᠷ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠡᠷᠡᠭᠲᠡᠶ ᠭᠡᠷ ᠪᠦᠯᠢ ᠵᠢ ᠵᠢᠭᠰᠠᠭ᠋ᠠᠨ ᠪᠠᠶ᠋ᠢᠴᠠᠭ᠋ᠠᠬᠤ ᠰᠢᠰᠲ᠋ᠧᠮ᠎ᠤᠨ ᠪᠠᠶ᠋ᠢᠭᠤᠯᠤᠯᠲᠠ ᠵᠢᠨ ᠠᠵᠢᠯ᠎ᠢ ᠪᠥᠬᠦ ᠲᠠᠯ᠎ᠠ᠎ᠪᠠᠷ ᠡᠬᠢᠯᠡᠭᠦᠯᠵᠦ᠂ ᠰᠢᠰᠲ᠋ᠧᠮ᠎ᠤᠨ ᠬᠠᠮᠢᠶᠠᠷᠤᠭᠴᠢ ᠪᠣᠯᠤᠭᠰᠠᠨ᠎ᠤ ᠬᠤᠪᠢ᠎ᠳᠤ᠂ ᠯᠢ ᠯᠧ ᠺᠠᠶ ᠣᠯᠠᠨ ᠤᠳᠠᠭ᠎ᠠ ᠬᠤᠰᠢᠭᠤ ᠰᠢᠶᠠᠨ ᠲᠣᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠬᠦᠷᠴᠦ 《ᠰᠤᠷᠭ᠋ᠠᠨ ᠬᠥᠮᠦᠵᠢᠯ᠎ᠢ ᠬᠡᠷ᠎ᠲᠤ᠎ᠨᠢ ᠬᠦᠷᠭᠡᠬᠦ》 ᠪᠥᠭᠡᠳ ᠲᠤᠬᠠᠶ ᠵᠢᠨ ᠭᠠᠵᠠᠷ᠎ᠤᠨ ᠲᠣᠰᠬᠤᠨ ᠳᠤᠭᠤᠶ᠋ᠢᠯᠠᠩ᠂ ᠭᠠᠴᠠᠭ᠎ᠠ᠂ ᠨᠡᠶ᠋ᠢᠭᠡᠮ ᠲᠣᠭᠤᠷᠢᠭ᠎ᠲᠤ ᠬᠦᠷᠴᠦ᠂ ᠨᠢᠭᠡᠳᠦᠭᠡᠷ ᠹᠷᠣᠨᠲ᠎ᠤᠨ ᠠᠷᠠᠳ᠎ᠤᠨ ᠴᠠᠭᠳᠠᠭ᠎ᠠ ᠵᠢᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷ ᠲᠦᠪᠡᠭᠲᠡᠶ ᠠᠰᠠᠭᠤᠳᠠᠯ᠎ᠢ ᠲᠤᠬᠠᠶ ᠵᠢᠨ ᠭᠠᠵᠠᠷ᠎ᠲᠤ᠎ᠨᠢ ᠬᠠᠪᠰᠤᠷᠤᠨ ᠰᠢᠢ᠍ᠳᠪᠦᠷᠢᠯᠡᠪᠡ᠃ ᠲᠡᠷᠡ ᠪᠣᠯᠤᠨ ᠳᠠᠶ᠋ᠢᠴᠢᠨ ᠨᠥᠬᠦᠳ᠎ᠤᠨ ᠴᠥᠬᠦᠷᠡᠰᠢ ᠥᠬᠡᠶ ᠴᠢᠷᠮᠠᠶ᠋ᠢᠯᠭ᠎ᠠ᠎ᠪᠠᠷ ᠳᠡᠮᠵᠢᠨ᠂ ᠲᠣᠰ ᠰᠢᠰᠲ᠋ᠧᠮ᠎ᠤᠨ ᠴᠢᠰᠤ ᠠᠪᠬᠤ ᠨᠣᠷᠮ᠎ᠠ ᠣᠳᠣᠬᠠᠨ᠎ᠳᠤ 90%᠎ᠠᠴᠠ ᠳᠡᠭᠡᠭᠰᠢ᠎ᠳᠤ ᠬᠦᠷᠴᠦ᠂ ᠵᠠᠯᠭ᠋ᠠᠭ᠎ᠠ᠎ᠪᠠᠷ ᠪᠠᠶᠠᠨᠨᠠᠭᠤᠷ ᠬᠤᠲᠠ ᠵᠢᠴᠢ ᠡᠷᠬᠢᠨ ᠲᠣᠭᠤᠷᠢᠨ᠎ᠤ ᠮᠤᠵᠢ ᠬᠤᠲᠠ ᠵᠢᠨ ᠬᠦᠮᠦᠨ ᠠᠯᠠᠭᠰᠠᠨ ᠬᠡᠷᠡᠭ᠎ᠢ 8 ᠤᠳᠠᠭ᠎ᠠ ᠪᠠ ᠬᠦᠨᠳᠦ ᠣᠨᠴᠠ ᠶᠡᠭᠡ ᠡᠷᠡᠭᠦᠦ ᠵᠢᠨ ᠬᠡᠷᠡᠭ᠎ᠢ 90 ᠭᠠᠷᠤᠶ ᠰᠢᠭᠤᠳ ᠢᠯᠡᠷᠡᠭᠦᠯᠪᠡ᠃

    2022 ᠣᠨ᠎ᠤ 1 ᠳ᠋ᠦ᠍ᠭᠡᠷ ᠰᠠᠷ᠎ᠠ᠎ᠳᠤ᠂ ᠪᠠᠶᠠᠨᠨᠠᠭᠤᠷ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠮ᠎ᠤᠨ ᠬᠤᠷᠢᠶ᠎ᠠ ᠨᠢᠭᠡ ᠵᠢᠯ᠎ᠤᠨ ᠬᠤᠭᠤᠴᠠᠭ᠎ᠠ᠎ᠲᠠᠢ ᠪᠦᠬᠦ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠣᠭᠤᠮᠲᠠ ᠰᠢᠪᠲᠤᠯᠬᠤ ᠠᠵᠢᠯᠯᠠᠭ᠎ᠠ ᠵᠢ ᠡᠬᠢᠯᠡᠭᠦᠯᠪᠡ᠃ ᠯᠢ ᠯᠧ ᠺᠠᠢ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠲᠡᠷᠡ ᠳᠠᠷᠤᠢ᠎ᠳᠤ᠎ᠨᠢ ᠪᠦᠬᠦ ᠬᠤᠳᠠ ᠵᠢᠨ 40 ᠳᠠᠷᠤᠭᠳᠠᠮᠠᠯ ᠠᠮᠢᠨ ᠬᠡᠷᠡᠭ᠎ᠢ ᠳᠠᠬᠢᠨᠲᠠ ᠨᠠᠷᠢᠨ ᠨᠢᠮᠪᠠᠢ ᠡᠮᠬᠢᠯᠡᠵᠦ᠂ ᠶᠡᠭᠡ ᠬᠡᠮᠵᠢᠶᠡᠨ᠎ᠤ ᠲᠤᠭ᠎ᠠ ᠪᠠᠷᠢᠮᠲᠠ ᠵᠢᠨ ᠳᠣᠲᠣᠷ᠎ᠠ ᠨᠢᠭᠡᠳ ᠨᠢᠭᠡ᠎ᠪᠠᠷ ᠬᠠᠷᠭᠤᠭᠤᠯᠵᠤ᠂ ᠨᠢᠭᠡᠳ ᠨᠢᠭᠡ᠎ᠪᠠᠷ ᠠᠷᠢᠯᠭ᠋ᠠᠵᠤ᠂ 17 ᠵᠢᠯ᠎ᠤᠨ ᠡᠮᠦᠨ᠎ᠡ ᠪᠠ 16 ᠵᠢᠯ᠎ᠤᠨ ᠡᠮᠦᠨ᠎ᠡ ᠡᠭᠦᠰᠦᠭᠰᠡᠨ ᠬᠤᠶᠠᠷ ᠤᠳᠠᠭ᠋ᠠᠨ᠎ᠤ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠢ ᠠᠮᠵᠢᠯᠲᠠ᠎ᠲᠠᠢ᠎ᠪᠠᠷ ᠳᠡᠩᠨᠡᠨ ᠢᠯᠡᠷᠡᠭᠦᠯᠪᠡ᠃

     2006 ᠣᠨ᠎ᠤ 6 ᠳ᠋ᠤᠭ᠋ᠠᠷ ᠰᠠᠷ᠎ᠠ ᠵᠢᠨ 8᠎ᠤ ᠥᠷᠯᠥᠭᠡ᠂ ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ᠎ᠳᠤ ᠨᠢᠭᠡ ᠤᠳᠠᠭ᠋ᠠᠨ᠎ᠤ ᠠᠮᠢᠨ ᠬᠡᠷᠡᠭ ᠭᠠᠷᠴᠤ᠂ ᠲᠤᠬᠠᠶ ᠵᠢᠨ ᠦᠶ᠎ᠡ ᠵᠢᠨ ᠲᠠᠩᠨᠠᠨ ᠢᠯᠡᠷᠡᠭᠦᠯᠬᠦ ᠨᠥᠬᠦᠴᠡᠯ᠎ᠤᠨ ᠬᠢᠵᠠᠭ᠋ᠠᠷᠯᠠᠯ᠎ᠠᠴᠠ ᠪᠣᠯᠵᠤ᠂ ᠬᠡᠷᠡᠭ᠎ᠢ ᠰᠢᠪᠲᠤᠯᠤᠯᠲᠠ ᠵᠢᠨ ᠴᠢᠨᠠᠷᠲᠠᠶ ᠠᠬᠢᠴᠠ ᠦᠭᠡᠢ ᠪᠠᠶ᠋ᠢᠪᠠ᠃ 2020 ᠣᠨ᠎ᠤ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠢ ᠰᠢᠢ᠍ᠳᠪᠦᠷᠢᠯᠡᠬᠦ ᠲᠤᠰᠬᠠᠶ ᠠᠵᠢᠯᠯᠠᠭ᠎ᠠ ᠳᠤᠮᠳᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠲᠣᠰ ᠬᠡᠷᠡᠭ᠎ᠢ ᠪᠠᠶ᠋ᠢᠴᠠᠭ᠋ᠠᠬᠤ ᠮᠠᠲ᠋ᠧᠷᠢᠶᠠᠯ᠎ᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠣᠳᠠᠰ᠎ᠤᠨ ᠭᠡᠷᠡᠴᠢ ᠵᠢ ᠬᠢᠨᠠᠨ ᠲᠣᠭᠲᠠᠭ᠋ᠠᠬᠤ ᠲᠥᠪ᠎ᠲᠤ ᠣᠯᠠᠨ ᠤᠳᠠᠭ᠎ᠠ ᠬᠦᠷᠭᠡᠵᠦ DNA ᠬᠡᠯᠪᠡᠷᠢ ᠵᠢᠨ ᠪᠠᠶ᠋ᠢᠴᠠᠭ᠋ᠠᠨ ᠰᠢᠯᠭ᠋ᠠᠬᠤ ᠬᠠᠷᠢᠴᠠᠯ᠎ᠢ ᠥᠷᠨᠢᠭᠦᠯᠵᠦ᠂ ᠴᠥᠮ ᠦᠷ᠎ᠡ ᠳ᠋ᠦᠩ ᠭᠠᠷᠤᠭᠰᠠᠨ ᠦᠭᠡᠢ᠃ ᠡᠨᠡ ᠬᠦ᠌ ᠪᠠᠶ᠋ᠢᠳᠠᠯ᠎ᠤᠨ ᠡᠮᠦᠨ᠎ᠡ᠂ ᠯᠢ ᠯᠧ ᠺᠠᠶ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠮᠡᠷᠭᠡᠵᠢᠯᠲᠡᠳ᠎ᠲᠠᠢ ᠰᠢᠯᠭ᠋ᠠᠨ ᠪᠠᠶ᠋ᠢᠴᠠᠭ᠋ᠠᠬᠤ ᠠᠷᠭ᠎ᠠ ᠪᠣᠯᠤᠨ ᠮᠡᠷᠭᠡᠵᠢᠯ᠎ᠤᠨ ᠲᠤᠬᠠᠶ ᠳᠠᠬᠢᠨ ᠳᠠᠪᠲᠠᠨ ᠰᠣᠯᠢᠯᠴᠠᠵᠤ᠂ ᠬᠠᠷᠢᠴᠠᠭᠤᠯᠬᠤ ᠰᠡᠳᠬᠢᠮᠵᠢ᠎ᠪᠠᠨ ᠦᠳᠲᠡᠷ ᠲᠦᠷᠭᠡᠨ ᠲᠣᠬᠢᠷᠠᠭᠤᠯᠵᠤ᠂ ᠨᠢᠭᠡ ᠵᠢᠯ ᠭᠠᠷᠤᠶ ᠵᠢᠨ ᠬᠤᠭᠤᠴᠠᠭ᠋ᠠᠨ᠎ᠳᠤ ᠲᠡᠳᠡ ᠤᠷᠢᠳ ᠬᠤᠵᠢᠳ 5 ᠮᠤᠵᠢ ᠬᠤᠲᠠ ᠵᠢᠨ 300 ᠭᠠᠷᠤᠶ ᠬᠥᠮᠦᠨ᠎ᠢ ᠰᠢᠯᠭ᠋ᠠᠨ ᠪᠠᠶ᠋ᠢᠴᠠᠭ᠋ᠠᠵᠤ ᠬᠠᠷᠢᠴᠠᠭᠤᠯᠤᠨ ᠠᠳᠠᠯᠢᠳᠬᠠᠪᠠ᠃ 2022 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠂ ᠯᠢ ᠯᠧ ᠺᠠᠢ ᠡᠷᠡᠭᠲᠡᠢ ᠵᠢᠨ ᠭᠡᠷ ᠪᠦᠯᠢ ᠵᠢᠨ ᠪᠠᠢ᠍ᠴᠠᠭ᠋ᠠᠯᠲᠠ ᠵᠢᠨ ᠰᠢᠰᠲᠸᠮ ᠵᠶ᠋ᠠᠷ ᠳᠠᠮᠵᠢᠨ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠤ ᠶᠠᠩ ᠣᠪᠣᠭᠲᠤ ᠭᠡᠷ᠎ᠤᠨ ᠰᠠᠯᠪᠤᠷᠢ᠎ᠨᠢ ᠬᠠᠮᠤᠭ᠎ᠤᠨ ᠣᠯᠠᠨ᠂ ᠬᠠᠷᠢᠴᠠᠭᠤᠯᠬᠤ ᠬᠡᠪᠴᠢᠶ᠎ᠡ᠎ᠨᠢ ᠬᠠᠮᠤᠭ᠎ᠤᠨ ᠥᠷᠭᠡᠨ ᠪᠠᠢ᠌ᠵᠤ᠂ ᠯᠢ ᠯᠧ ᠺᠠᠢ 3 ᠡᠳᠦᠷ ᠰᠥᠨᠢ ᠦᠭᠡᠢ ᠠᠵᠢᠯᠯᠠᠵᠤ᠂ ᠲᠠᠰᠤᠷᠠᠯᠲᠠ ᠦᠭᠡᠢ ᠰᠢᠯᠭ᠋ᠠᠨ ᠪᠠᠢ᠍ᠴᠠᠭ᠋ᠠᠵᠤ᠂ ᠬᠦᠷᠢᠶ᠎ᠡ ᠬᠡᠪᠴᠢᠶ᠎ᠡ ᠵᠢ᠎ᠨᠢ ᠪᠠᠭ᠋ᠠᠰᠬᠠᠵᠤ᠂ ᠡᠴᠦᠰ᠎ᠲᠤ᠎ᠪᠠᠨ ᠨᠢᠩᠰᠢᠶᠠ ᠵᠢᠨ ᠡᠦ ᠵᠦᠩ ᠬᠣᠲᠠ᠎ᠳᠤ ᠰᠠᠭᠤᠵᠤ ᠪᠠᠢ᠍ᠭ᠎ᠠ ᠶᠠᠩ ᠣᠪᠣᠭᠲᠤ ᠵᠢ ᠠᠮᠵᠢᠯᠲᠠ᠎ᠲᠠᠢ ᠬᠦᠮᠦᠨ ᠠᠯᠠᠭᠰᠠᠨ ᠶᠠᠯᠠᠳᠠᠨ ᠵᠶ᠋ᠠᠷ ᠲᠣᠳᠤᠯᠠᠪᠠ᠃ ᠰᠢᠭᠦᠨ ᠠᠰᠠᠭᠤᠬᠤ ᠳᠤᠮᠳᠠ᠂ ᠶᠠᠩ ᠣᠪᠣᠭᠲᠤ ᠥᠪᠡᠷ᠎ᠤᠨ ᠶᠠᠯᠠᠲᠤ ᠠᠵᠢᠯᠯᠠᠭ᠎ᠠ᠎ᠪᠠᠨ ᠪᠤᠷᠤᠩᠬᠤᠢ᠌ᠯᠠᠭᠰᠠᠨ᠎ᠳᠤ᠂ ᠯᠢ ᠯᠧ ᠺᠠᠢ ᠵᠢᠨ ᠭᠠᠷᠭ᠋ᠠᠭᠰᠠᠨ DNA ᠵᠢᠨ ᠮᠡᠳᠡᠭᠦᠯᠦᠯᠲᠡ ᠵᠢ ᠲᠡᠭᠦᠨ᠎ᠤ ᠡᠮᠦᠨ᠎ᠡ ᠲᠠᠯᠪᠢᠬᠤ ᠦᠶ᠎ᠡ᠎ᠳᠤ᠂ ᠶᠠᠩ ᠣᠪᠣᠭᠲᠤ ᠰᠠᠶᠢ ᠠᠮᠠ ᠰᠤᠯᠠᠯᠠᠵᠤ᠂ ᠲᠤᠬᠠᠶ ᠵᠢᠨ ᠵᠢᠯ᠎ᠤᠨ ᠪᠤᠯᠢᠶᠠᠨ ᠳᠡᠭᠡᠷᠡᠮᠳᠡᠵᠦ ᠬᠥᠮᠦᠨ ᠠᠯᠠᠭᠰᠠᠨ ᠶᠠᠯ᠎ᠠ ᠵᠢᠨ ᠪᠣᠳᠠᠲᠤ ᠶᠠᠪᠤᠳᠠᠯ ᠵᠶ᠋ᠠᠨ ᠥᠴᠢᠭᠯᠡᠪᠡ᠃

 微信图片_20230223111602.jpg  


     2012 ᠣᠨ᠎ᠤ 7 ᠳ᠋ᠤᠭ᠋ᠠᠷ ᠰᠠᠷ᠎ᠠ ᠵᠢᠨ 18᠎ᠤ ᠣᠷᠣᠢ᠂ ᠪᠠᠶᠠᠨᠨᠠᠭᠤᠷ ᠬᠣᠲᠠ ᠵᠢᠨ ᠬᠠᠩᠭᠢᠨ ᠬᠤᠢ᠌ᠲᠤ ᠬᠣᠰᠢᠭᠤᠨ᠎ᠤ ᠱᠠᠮᠪᠠ ᠪᠠᠯᠭ᠋ᠠᠰᠤᠨ᠎ᠤ ᠨᠢᠶᠧ ᠣᠪᠣᠭᠲᠤ ᠵᠢᠨ ᠭᠡᠷ᠎ᠲᠤ ᠨᠢᠭᠡ ᠡᠷᠡᠭᠲᠡᠢ ᠣᠷᠣᠵᠤ ᠪᠤᠯᠢᠶᠠᠨ ᠳᠡᠭᠡᠷᠡᠮᠳᠡᠵᠦ ᠬᠦᠴᠦᠷᠬᠡᠭᠯᠡᠨ ᠨᠦᠵᠢᠳᠯᠡᠭᠰᠡᠨ ᠬᠡᠷᠡᠭ ᠭᠠᠷᠪᠠ᠃ ᠲᠤᠬᠠᠶ ᠵᠢᠨ ᠲᠠᠯᠠᠪᠤᠷ᠎ᠠᠴᠠ ᠭᠠᠷᠭ᠋ᠠᠵᠤ ᠠᠪᠤᠭᠰᠠᠨ ᠪᠣᠳᠠᠰ᠎ᠤᠨ ᠭᠡᠷᠡᠴᠢ ᠴᠥᠭᠡᠨ ᠪᠣᠯᠬᠣᠷ ᠲᠤᠬᠠᠶ ᠵᠢᠨ ᠭᠠᠵᠠᠷ᠎ᠤᠨ ᠴᠠᠭᠳᠠᠭ᠋ᠠᠨ᠎ᠤ ᠲᠠᠯ᠎ᠠ ᠵᠢᠨ᠎ᠬᠢᠨ ᠬᠡᠳᠦᠶ᠋ᠢᠪᠡᠷ ᠶᠡᠬᠡ ᠬᠡᠮᠵᠢᠶᠡᠨ᠎ᠤ ᠪᠠᠶ᠋ᠢᠴᠠᠭ᠋ᠠᠯᠲᠠ ᠬᠢᠭᠰᠡᠨ ᠪᠣᠯᠪᠠᠴᠤ ᠬᠡᠷᠡᠭ᠎ᠢ ᠲᠠᠩᠨᠠᠨ ᠢᠯᠡᠷᠡᠭᠦᠯᠬᠦ᠎ᠨᠢ ᠰᠢᠪᠲᠤᠯᠤᠯᠲᠠ ᠵᠢᠨ ᠴᠢᠨᠠᠷᠲᠠᠶ ᠠᠮᠵᠢᠯᠲᠠ ᠣᠯᠤᠭᠰᠠᠨ ᠦᠭᠡᠶ᠃ ᠰᠡᠭᠦᠯᠴᠢ ᠵᠢᠨ ᠲᠠᠪᠤᠨ ᠵᠢᠯ᠎ᠤᠨ ᠬᠤᠭᠤᠴᠠᠭ᠋ᠠᠨ᠎ᠳᠤ᠂ ᠬᠠᠩᠭᠢᠨ ᠬᠤᠶ᠋ᠢᠲᠤ ᠬᠤᠰᠢᠭᠤᠨ᠎ᠳᠤ ᠪᠠᠰᠠ ᠣᠯᠠᠨ ᠤᠳᠠᠭ᠎ᠠ ᠭᠡᠷ᠎ᠲᠤ ᠣᠷᠣᠵᠤ ᠪᠤᠯᠢᠶᠠᠨ ᠳᠡᠭᠡᠷᠡᠮᠳᠡᠵᠦ ᠬᠦᠴᠦᠷᠬᠡᠭᠯᠡᠨ ᠨᠦᠵᠢᠳᠯᠡᠭᠰᠡᠨ ᠬᠡᠷᠡᠭ ᠡᠭᠦᠰᠴᠦ᠂ ᠨᠡᠶ᠋ᠢᠭᠡᠮ᠎ᠤᠨ ᠴᠢᠩᠭ᠎ᠠ ᠲᠤᠰᠬᠠᠯ ᠭᠠᠷᠪᠠ᠃ ᠯᠢ ᠯᠧ ᠺᠠᠶ ᠲᠤᠬᠠᠢ ᠵᠢᠨ ᠲᠠᠯᠠᠪᠤᠷ᠎ᠤᠨ ᠪᠣᠳᠠᠰ᠎ᠤᠨ ᠭᠡᠷᠡᠴᠢ᠎ᠠᠴᠠ ᠡᠷᠡᠭᠲᠡᠢ ᠵᠢᠨ DNA ᠬᠤᠪᠢᠶᠠᠷᠢ ᠬᠡᠯᠪᠡᠷᠢ ᠵᠢ ᠪᠠᠶ᠋ᠢᠴᠠᠭ᠋ᠠᠨ ᠭᠠᠷᠭ᠋ᠠᠭᠰᠠᠨ ᠪᠥᠭᠡᠳ ᠲᠣᠰ ᠬᠡᠷᠡᠭ᠎ᠢ ᠠᠷᠪᠠᠨ ᠵᠢᠯ ᠮᠥᠷᠳᠡᠵᠦ᠂ ᠡᠴᠦᠰ᠎ᠲᠤ᠎ᠪᠠᠨ 2022 ᠣᠨ᠎ᠤ 1 ᠳ᠋ᠦ᠍ᠭᠡᠷ ᠰᠠᠷ᠎ᠠ ᠵᠢᠨ 11᠎ᠤ ᠡᠳᠦᠷ ᠡᠷᠡᠭᠲᠡᠢ ᠵᠢᠨ ᠭᠡᠷ ᠪᠦᠯᠢ ᠵᠢᠨ ᠵᠢᠭᠰᠠᠭ᠋ᠠᠨ ᠪᠠᠶ᠋ᠢᠴᠠᠭ᠋ᠠᠬᠤ ᠰᠢᠰᠲ᠋ᠧᠮ᠎ᠢ ᠠᠰᠢᠭᠯᠠᠨ ᠶᠠᠯ᠎ᠠ ᠬᠢᠭᠰᠡᠨ ᠰᠡᠵᠢᠭᠳᠡᠨ ᠵᠤᠤ ᠣᠪᠣᠭᠲᠤ ᠵᠢ ᠡᠷᠢᠯᠬᠢᠯᠡᠨ ᠭᠠᠷᠭ᠋ᠠᠪᠠ᠃ ᠪᠠᠶ᠋ᠢᠴᠠᠭ᠋ᠠᠭᠰᠠᠨ ᠵᠶ᠋ᠠᠷ᠂ 2012 ᠣᠨ᠎ᠠᠴᠠ 2022᠎ᠤᠨ ᠪᠣᠯᠲᠠᠯᠠᠬᠢ ᠬᠤᠭᠤᠴᠠᠭ᠋ᠠᠨ᠎ᠳᠤ᠂ ᠵᠤᠤ ᠣᠪᠣᠭᠲᠤ ᠵᠡᠪᠰᠡᠭ ᠠᠳᠬᠤᠨ ᠭᠡᠷ᠎ᠲᠤ ᠣᠷᠣᠵᠤ ᠬᠦᠴᠦᠷᠬᠡᠭᠯᠡᠨ ᠨᠦᠵᠢᠳᠯᠡᠭᠰᠡᠨ᠂ ᠲᠤᠨᠤᠨ ᠳᠡᠭᠡᠷᠡᠮᠳᠡᠭᠰᠡᠨ ᠬᠡᠷᠡᠭ 7 ᠤᠳᠠᠭ᠎ᠠ ᠦᠢ᠍ᠯᠡᠳᠴᠦ᠂ ᠬᠡᠷᠡᠭ ᠦᠢ᠍ᠯᠡᠳᠬᠦ ᠭᠡᠳ 20 ᠭᠠᠷᠤᠢ ᠤᠳᠠᠭ᠎ᠠ ᠦᠯᠦ ᠵᠠᠪᠳᠤᠪᠠ᠃

    2020 ᠣᠨ᠎ᠤ ᠰᠡᠭᠦᠯᠴᠢ ᠪᠣᠯᠬᠤ᠎ᠳᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢ ᠵᠣᠬᠢᠶᠠᠨ ᠪᠠᠢ᠌ᠭᠤᠯᠤᠨ᠂ ᠮᠡᠬᠡᠯᠡᠭᠳᠡᠨ ᠬᠤᠳᠠᠯᠳᠤᠭᠳᠠᠭᠰᠠᠨ ᠬᠡᠦᠬᠡᠳ᠎ᠤᠨ 《ᠭᠡᠷ ᠪᠦᠯᠢ᠎ᠲᠠᠢ᠎ᠪᠠᠨ ᠠᠭᠤᠯᠵᠠᠬᠤ》 ᠡᠷᠢᠬᠦ ᠠᠵᠢᠯᠯᠠᠭ᠎ᠠ ᠵᠢ ᠥᠷᠨᠢᠭᠦᠯᠵᠦ᠂ ᠯᠢ ᠯᠸ ᠺᠠᠢ ᠨᠢᠭᠡᠨᠳᠡ ᠰᠠᠯᠵᠤ ᠪᠤᠲᠠᠷᠠᠭᠰᠠᠨ 10 ᠡᠷᠥᠬᠡ ᠵᠢ ᠠᠮᠵᠢᠯᠲᠠᠳᠠᠢ ᠠᠭᠤᠯᠵᠠᠭᠤᠯᠪᠠ᠃

    《ᠲᠥᠷᠥᠭᠰᠡᠨ ᠡᠴᠢᠭᠡ ᠡᠬᠡ᠎ᠪᠠᠨ ᠤᠯᠬᠤ ᠪᠣᠯ ᠮᠢᠨᠦ ᠬᠠᠮᠤᠭ᠎ᠤᠨ ᠶᠡᠬᠡ ᠬᠦᠰᠡᠯ ᠡᠷᠡᠮᠡᠯᠵᠡᠯ ᠮᠥᠨ᠂ ᠪᠢ ᠮᠠᠰᠢ ᠤᠯᠠᠨ ᠭᠠᠵᠠᠷ ᠣᠴᠢᠵᠤ ᠡᠷᠢᠵᠦ ᠦᠵᠡᠯ᠎ᠡ᠂ ᠡᠯᠳᠡᠪ ᠵᠦᠢ᠍ᠯ᠎ᠤᠨ ᠠᠷᠭ᠎ᠠ ᠵᠢ ᠪᠦᠷ ᠪᠤᠳᠤᠪᠠ ᠁》᠃ 2022 ᠣᠨ᠎ᠤ 8 ᠳ᠋ᠤᠭ᠋ᠠᠷ ᠰᠠᠷ᠎ᠠ᠎ᠳᠤ᠂ ᠰᠦᠨ ᠠᠪᠤᠭ᠋ᠠᠢ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠪᠠᠷ ᠳᠠᠮᠵᠢᠨ ᠪᠠᠶᠠᠨᠨᠠᠭᠤᠷ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠲᠤᠰᠠᠯᠠᠮᠵᠢ ᠭᠤᠶᠤᠴᠢᠯᠠᠵᠤ᠂ ᠴᠠᠭᠳᠠᠭ᠋ᠠᠨ᠎ᠤ ᠲᠠᠯ᠎ᠠ᠎ᠠᠴᠠ ᠲᠡᠭᠦᠨ᠎ᠢ ᠬᠠᠪᠰᠤᠷᠤᠨ ᠲᠡᠭᠦᠨ᠎ᠢ ᠣᠯᠠᠨ ᠵᠢᠯ ᠰᠠᠯᠵᠤ ᠪᠠᠶ᠋ᠢᠭ᠎ᠠ ᠲᠦᠷᠦᠭᠰᠡᠨ ᠠᠪᠤ ᠡᠵᠢ ᠵᠢ᠎ᠨᠢ ᠡᠷᠢᠵᠦ ᠣᠯᠵᠤ ᠥᠭᠬᠦ ᠵᠢ ᠬᠦᠰᠡᠪᠡ᠃

    ᠲᠤᠰᠠᠯᠠᠮᠵᠢ ᠭᠤᠶᠤᠭᠰᠠᠨ᠎ᠢ ᠣᠯᠤᠭᠰᠠᠨ᠎ᠤ ᠳᠠᠷᠠᠭ᠎ᠠ᠂ ᠯᠢ ᠯᠧ ᠺᠠᠶ᠎ᠠᠴᠠ ᠴᠢᠰᠤ ᠠᠪᠴᠤ ᠵᠢᠭᠰᠠᠭ᠋ᠠᠨ ᠪᠠᠶ᠋ᠢᠴᠠᠭ᠋ᠠᠬᠤ᠂ ᠮᠡᠳᠡᠭᠡ ᠵᠠᠩᠭᠢ ᠵᠢᠨ ᠬᠠᠷᠢᠴᠠᠭᠤᠯᠤᠯ ᠵᠶ᠋ᠠᠷ ᠳᠠᠮᠵᠢᠭᠤᠯᠤᠨ᠂ ᠮᠠᠲ᠋ᠧᠷᠢᠶᠠᠯ ᠪᠠ DNA ᠵᠢᠨ ᠵᠠᠳᠠᠯᠤᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠰᠦᠨ ᠠᠪᠤᠭ᠋ᠠᠶ ᠵᠢ ᠬᠠᠪᠰᠤᠷᠤᠨ ᠬᠡᠷ᠎ᠤᠨ ᠬᠥᠮᠦᠰ᠎ᠢ᠎ᠨᠢ ᠡᠷᠢᠨ ᠣᠯᠵᠤ᠂ 40 ᠭᠠᠷᠤᠶ ᠵᠢᠯ᠎ᠤᠨ ᠶᠠᠰᠤ ᠮᠢᠬᠠᠨ᠎ᠤ ᠰᠠᠯᠤᠯᠲᠠ ᠡᠴᠦᠰ᠎ᠲᠤ᠎ᠪᠠᠨ ᠠᠭᠤᠯᠵᠠᠯᠲᠠ᠎ᠪᠠᠷ ᠳᠡᠭᠦᠰᠪᠡ᠃

    

 

 

ᠢᠷᠡᠯᠲᠡ᠄ ᠪᠠᠶᠠᠨᠨᠠᠭᠤᠷ ᠬᠣᠲᠠ ᠵᠢᠨ ᠲᠤᠳᠤᠭ᠋ᠠᠳᠤ ᠵᠢᠨ ᠬᠠᠮᠠᠭ᠋ᠠᠯᠠᠬᠤ ᠲᠣᠪᠴᠢᠶ᠎ᠠ