ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠰᠢᠯᠤᠭᠤᠨ ᠭᠦᠭᠡ ᠬᠤᠰᠢᠭᠤᠨ᠎ᠤ ᠲᠤᠳᠤᠭ᠋ᠠᠳᠦ ᠵᠢ ᠬᠠᠮᠠᠭ᠋ᠠᠯᠠᠬᠤ ᠲᠤᠪᠴᠢᠶ᠎ᠠ ᠡᠳᠡᠭᠡᠷ ᠭᠦᠮᠦᠰ᠎ᠲᠤ ᠢᠷᠠᠭᠤ ᠠᠯᠳᠠᠷ᠎ᠤᠨ ᠲᠡᠮᠳᠡᠭ ᠤᠯᠭᠤᠬᠤ ᠶᠤᠰᠤᠯᠠᠯ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2023-12-01

      ᠤᠢ᠌ᠷ᠎ᠠ ᠵᠢᠨ ᠡᠳᠦᠷ᠂ ᠰᠢᠯᠤᠭᠤᠨ ᠭᠦᠭᠡ ᠬᠤᠰᠢᠭᠤᠨ᠎ᠤ ᠲᠤᠳᠤᠭ᠋ᠠᠳᠦ ᠵᠢ ᠬᠠᠮᠠᠭ᠋ᠠᠯᠠᠬᠤ ᠲᠤᠪᠴᠢᠶ᠎ᠡ᠎ᠠᠴᠠ ᠰᠢᠨ᠎ᠠ᠎ᠪᠠᠷ ᠡᠯᠰᠡᠭᠳᠡᠭᠰᠡᠨ ᠴᠠᠭᠳᠠᠭ᠎ᠠ ᠪᠤᠯᠤᠨ ᠪᠦᠭᠦᠯᠢ 30 ᠵᠢᠯ ᠠᠵᠢᠯᠯᠠᠭᠰᠠᠨ ᠠᠷᠠᠳ᠎ᠤᠨ ᠴᠠᠭᠳᠠᠭ᠎ᠠ ᠨᠠᠷ᠎ᠲᠤ ᠢᠷᠠᠭᠤ ᠠᠯᠳᠠᠷ᠎ᠤᠨ ᠲᠡᠮᠳᠡᠭ ᠤᠯᠭᠤᠬᠤ ᠶᠤᠰᠤᠯᠠᠯ ᠶᠠᠪᠤᠭᠳᠠᠭᠤᠯᠪᠠ᠃ ᠰᠢᠯᠤᠭᠤᠨ ᠭᠦᠭᠡ ᠬᠤᠰᠢᠭᠤᠨ᠎ᠤ ᠵᠠᠰᠠᠭ᠎ᠤᠨ ᠤᠷᠳᠦᠨ᠎ᠤ ᠲᠡᠳ᠋ ᠲᠠᠷᠤᠭ᠎ᠠ᠂ ᠲᠤᠳᠤᠭ᠋ᠠᠳᠦ ᠵᠢ ᠬᠠᠮᠠᠭ᠋ᠠᠯᠠᠬᠤ ᠲᠤᠪᠴᠢᠶᠠᠨ᠎ᠤ ᠨᠠᠮ᠎ᠤᠨ ᠬᠤᠷᠢᠶᠠᠨ᠎ᠤ ᠱᠦᠵᠢ᠂ ᠲᠤᠪᠴᠢᠶᠠᠨ ᠲᠠᠷᠤᠭ᠎ᠠ ᠵᠠᠡᠭ ᠵᠢᠶᠸ ᠶᠤᠰᠤᠯᠠᠯ᠎ᠢ ᠡᠷᠬᠢᠯᠡᠵᠦ ᠶᠠᠷᠢᠶ᠎ᠠ ᠲᠠᠯᠪᠢᠨ᠂ ᠲᠤᠪᠴᠢᠶᠠᠨ᠎ᠤ ᠨᠠᠮ᠎ᠤᠨ ᠬᠤᠷᠢᠶᠠᠨ᠎ᠤ ᠭᠡᠰᠢᠭᠦᠳ᠎ᠠᠴᠠ ᠰᠢᠨ᠎ᠠ᠎ᠪᠠᠷ ᠡᠯᠰᠡᠭᠰᠡᠨ ᠴᠠᠭᠳᠠᠭ᠎ᠠ ᠪᠤᠯᠤᠨ ᠪᠦᠭᠦᠯᠢ 30 ᠵᠢᠯ ᠠᠵᠢᠯᠯᠠᠭᠰᠠᠨ ᠠᠷᠠᠳ᠎ᠤᠨ ᠴᠠᠭᠳᠠᠭ᠎ᠠ ᠨᠠᠷ᠎ᠲᠤ ᠢᠷᠠᠭᠤ ᠠᠯᠳᠠᠷ᠎ᠤᠨ ᠲᠡᠮᠳᠡᠭ ᠭᠠᠷᠳᠠᠭᠤᠯᠪᠠ᠃

2.jpg


6.jpg


      ᠵᠠᠡᠭ ᠵᠢᠶᠸ ᠨᠦᠭᠦᠷ᠎ᠠᠴᠠ ᠰᠢ ᠵᠢᠨ ᠫᠢᠡᠭ᠎ᠤᠨ ᠰᠢᠨ᠎ᠠ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠲᠤᠭᠤᠰᠢᠯᠠᠭᠤᠯᠬᠤ ᠭᠤᠤᠯ ᠰᠡᠳᠦᠪᠳᠦ ᠭᠦᠮᠦᠵᠢᠯ᠎ᠢ ᠪᠠᠳᠤᠳᠠᠢ ᠨᠠᠢ᠌ᠳᠠᠪᠤᠷᠢᠵᠢᠭᠤᠯᠵᠦ᠂ ᠴᠠᠭᠳᠠᠭ᠋ᠠᠨ᠎ᠤ ᠡᠡᠭᠨᠡᠭᠡᠨ᠎ᠤ ᠬᠠᠷᠢᠭᠤᠴᠠᠯᠭ᠋ᠠᠳᠦ ᠰᠡᠳᠬᠢᠯᠭᠡ ᠪᠠ ᠢᠷᠠᠭᠤ ᠠᠯᠳᠠᠷᠳᠦ ᠰᠡᠳᠬᠢᠯᠭᠡ ᠵᠢ ᠭᠦᠪᠴᠢᠯᠡᠵᠦ᠂ ᠡᠷᠡᠮᠡᠭᠡᠢ᠌ᠯᠡᠨ ᠲᠡᠮᠡᠴᠡᠵᠦ᠂ ᠴᠢᠳᠠᠮᠠᠭ᠋ᠠᠢ ᠠᠵᠢᠯᠯᠠᠵᠦ᠂ ᠰᠢᠯᠤᠭᠤᠨ ᠭᠦᠭᠡ ᠬᠤᠰᠢᠭᠤᠨ᠎ᠤ ᠲᠤᠳᠤᠭ᠋ᠠᠳᠦ ᠵᠢ ᠬᠠᠮᠠᠭ᠋ᠠᠯᠠᠬᠤ ᠦᠢ᠍ᠯᠡᠰ᠎ᠲᠤ ᠦᠷᠭᠦᠯᠵᠢᠯᠡᠨ ᠭᠦᠴᠦᠨ ᠴᠢᠳᠠᠯ ᠵᠢᠨᠨ ᠡᠷᠭᠦᠭᠦ ᠭᠡᠷᠡᠭᠳᠠᠢ ᠭᠡᠮᠡᠨ ᠵᠤᠷᠢᠭᠵᠢᠭᠤᠯᠪᠠ᠃


 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ