ᠾᠧ ᠲᠢᠶᠠᠨ᠂ ᠡᠮᠡᠭᠲᠡᠶ᠂ 1989 ᠣᠨ᠎ᠳᠤ ᠳᠦᠷᠦᠵᠡᠶ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ 2016 ᠣᠨ᠎ᠳᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠵᠤ᠂ ᠣᠲᠣ ᠪᠠᠶᠠᠨᠨᠠᠭᠤᠷ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠤᠬᠠᠭᠤᠯᠬᠤ ᠰᠠᠯᠠᠭ᠋ᠠᠨ᠎ᠤ ᠬᠠᠪᠰᠤᠷᠤᠭᠴᠢ ᠴᠠᠭᠳᠠᠭ᠎ᠠ ᠪᠣᠯᠣᠨ᠎ᠠ᠃ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠵᠢᠯ᠎ᠳᠤ ᠣᠷᠣᠯᠴᠠᠭᠰᠠᠨ 7 ᠵᠢᠯ᠎ᠤᠨ ᠬᠤᠭᠤᠴᠠᠭ᠋ᠠᠨ᠎ᠳᠤ᠂ ᠾᠧ ᠲᠢᠶᠠᠨ ᠤᠷᠢᠳ ᠬᠤᠵᠢᠳ 《ᠪᠥᠬᠦ ᠣᠷᠣᠨ᠎ᠤ ᠠᠷᠪᠠᠨ ᠰᠢᠯᠢᠳᠡᠭ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠤᠯᠢ ᠬᠡᠷᠡᠭᠵᠢᠭᠦᠯᠦᠯᠲᠡ ᠵᠢᠨ ᠰᠢᠭᠤᠳ ᠨᠡᠪᠲᠡᠷᠡᠭᠦᠯᠭᠡ ᠵᠢᠨ ᠬᠦᠲᠦᠯᠦᠭᠴᠢ》 《2021 ᠣᠨ᠎ᠤ ᠪᠥᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠯᠢᠳᠡᠭ ᠴᠢᠮᠡᠭᠡᠯᠡᠭᠴᠢ》 《2021 ᠣᠨ᠎ᠤ ᠪᠥᠬᠦ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠯᠢᠳᠡᠭ ᠬᠠᠪᠰᠤᠷᠤᠭᠴᠢ ᠴᠠᠭᠳᠠᠭ᠎ᠠ》᠎ᠪᠠᠷ ᠦᠨᠡᠯᠡᠭᠳᠡᠵᠦ᠂ ᠬᠤᠶᠠᠷ ᠵᠢᠯ ᠳᠠᠷᠠᠭ᠋ᠠᠯᠠᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠳᠤ 《ᠪᠥᠬᠦ ᠣᠷᠣᠨ᠎ᠤ ᠠᠷᠪᠠᠨ ᠰᠢᠯᠢᠳᠡᠭ ᠣᠬᠤᠷ ᠸᠢᠳᠢᠣ᠋ ᠵᠢᠨ ᠴᠢᠮᠡᠭᠡᠯᠡᠭᠴᠢ》᠎ᠪᠠᠷ ᠦᠨᠡᠯᠡᠭᠳᠡᠵᠦ᠂ 《ᠵᠠᠮ ᠬᠠᠷᠢᠯᠴᠠᠭ᠋ᠠᠨ᠎ᠤ ᠴᠠᠭᠳᠠᠭ᠎ᠠ ᠾᠧ ᠲᠢᠶᠠᠨ》 ᠨᠢᠭᠡᠨᠲᠡ ᠪᠠᠶᠠᠨᠨᠠᠭᠤᠷ᠎ᠤᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠤᠬᠠᠭᠤᠯᠭ᠎ᠠ ᠵᠢᠨ ᠨᠡᠷ᠎ᠡ ᠵᠢᠨ ᠬᠠᠭᠤᠳᠠᠰᠤ ᠪᠣᠯᠵᠠᠶ᠃
ᠨᠢᠭᠡ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ 《ᠤᠬᠠᠭᠤᠯᠤᠭᠴᠢ》
《ᠤᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠰᠢᠨ᠎ᠢ ᠰᠠᠶ᠋ᠢᠲᠤᠷ ᠬᠠᠮᠠᠭ᠋ᠠᠯᠠᠬᠤ ᠨᠢ ᠪᠢᠳᠡᠨ᠎ᠤ ᠵᠠᠶ᠋ᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠶᠤᠮ》᠃ ᠾᠧ ᠲᠢᠶᠠᠨ ᠠᠵᠢᠯ᠎ᠳᠤ᠎ᠪᠠᠨ ᠬᠢᠨᠠᠮᠠᠭ᠋ᠠᠶ ᠬᠠᠷᠢᠭᠤᠴᠠᠵᠤ᠂ ᠪᠦᠲᠦᠭᠡᠯᠴᠢ ᠴᠢᠳᠠᠪᠤᠷᠢ᠎ᠪᠠᠷ ᠨᠡᠯᠢᠶᠡᠳ ᠴᠢᠩᠭ᠎ᠠ ᠪᠠᠶ᠋ᠢᠵᠤ᠂ ᠤᠬᠠᠭᠤᠯᠤᠨ ᠬᠥᠮᠦᠵᠢᠭᠦᠯᠬᠦ ᠬᠡᠯᠪᠡᠷᠢ ᠵᠢ ᠴᠢᠷᠮᠠᠶ᠋ᠢᠨ ᠪᠠᠶᠠᠯᠢᠭᠵᠢᠭᠤᠯᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢ ᠬᠥᠮᠦᠰ᠎ᠤᠨ ᠰᠡᠳᠬᠢᠯ᠎ᠳᠤ ᠲᠠᠰᠤᠷᠠᠯᠲᠠ ᠦᠭᠡᠢ ᠬᠦᠨᠵᠡᠭᠡᠢ᠌ᠷᠡᠬᠦᠯᠣᠭ᠌ᠰᠡᠨ ᠪᠠᠢ᠌ᠨ᠎ᠠ᠃ ᠤᠢ᠌ᠷ᠎ᠠ᠎ᠳᠤ᠂ ᠲᠡᠭᠦᠨ᠎ᠤ ᠭᠣᠣᠯ ᠣᠷᠣᠯᠴᠠᠨ ᠬᠠᠷᠢᠭᠤᠴᠠᠵᠤ ᠪᠠᠢ᠌ᠭ᠎ᠠ 《ᠪᠢ ᠪᠣᠯᠤᠨ ᠪᠠᠶᠠᠨᠨᠠᠭᠤᠷ᠎ᠤᠨ ᠵᠠᠮ ᠬᠠᠷᠢᠯᠴᠠᠭ᠋ᠠᠨ᠎ᠤ ᠴᠠᠭᠳᠠᠭ᠎ᠠ ᠴᠢᠮ᠎ᠠ ᠵᠢ ᠲᠤᠭᠤᠯᠠᠭ᠎ᠠ ᠵᠡᠭᠦᠬᠦ ᠵᠢ ᠰᠠᠨᠠᠭᠤᠯᠵᠤ — ᠪᠣᠯᠪᠠᠰᠤᠨ ᠵᠶ᠋ᠠᠷ ᠶᠠᠪᠤᠵᠤ ᠰᠠᠭᠤᠨ ᠵᠠᠮ ᠬᠠᠷᠢᠯᠴᠠᠭ᠋ᠠᠨ᠎ᠤ ᠴᠠᠭᠳᠠᠭ᠋ᠠᠨ᠎ᠤ ᠪᠢᠴᠢᠬᠠᠨ ᠪᠠᠭ᠋ᠠᠪᠠᠭ᠋ᠠᠢ ᠣᠯᠬᠣ》 ᠠᠵᠢᠯᠯᠠᠭ᠋ᠠᠨ᠎ᠤ ᠰᠦᠯᠵᠢᠶᠡᠨ᠎ᠤ ᠶᠠᠷᠢᠶᠠᠨ᠎ᠤ ᠲᠠᠪᠴᠠᠩ᠎ᠤᠨ ᠬᠠᠯᠠᠮᠰᠢᠯ ᠬᠡᠮᠵᠢᠶ᠎ᠡ᠎ᠨᠢ 50 ᠲᠦᠮᠡ ᠵᠢ ᠳᠠᠪᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ ᠣᠯᠠᠨ ᠲᠦᠮᠡᠨ ᠥᠷᠭᠡᠨ ᠵᠶ᠋ᠠᠷ ᠣᠷᠣᠯᠴᠠᠵᠠᠢ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ 《ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠠᠶᠠᠯᠠᠯ》᠎ᠤᠨ ᠪᠥᠬᠦ ᠤᠯᠤᠰ᠎ᠤᠨ ᠲᠣᠭᠤᠷᠢᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠳᠤ ᠣᠷᠣᠯᠴᠠᠬᠤ᠎ᠳᠤ᠂ ᠾᠧ ᠲᠢᠶᠠᠨ ᠶᠡᠭᠡ ᠬᠡᠮᠵᠢᠶᠡᠨ᠎ᠤ ᠰᠦᠯᠵᠢᠶᠡᠨ᠎ᠤ ᠠᠨᠳᠠ ᠵᠢᠨ ᠮᠠᠭᠲᠠᠭ᠋ᠠᠯ ᠰᠠᠢ᠌ᠰᠢᠶᠠᠯ᠎ᠢ ᠣᠯᠣᠭᠰᠠᠨ ᠪᠠᠢ᠌ᠨ᠎ᠠ᠃ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠳᠤ ᠣᠷᠣᠯᠴᠠᠭᠰᠠᠨ᠎ᠠᠴᠠ ᠨᠠᠭ᠋ᠠᠰᠢ᠂ ᠾᠧ ᠲᠢᠶᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠬᠦ᠎ᠳᠤ 100 ᠭᠠᠷᠤᠶ ᠤᠳᠠᠭ᠎ᠠ ᠣᠷᠣᠯᠴᠠᠵᠤ᠂ ᠣᠯᠠᠨ ᠲᠦᠮᠡᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠡᠪ ᠪᠣᠯᠪᠠᠰᠤᠷᠠᠯ ᠪᠠ ᠵᠠᠮ ᠬᠠᠷᠢᠯᠴᠠᠭ᠋ᠠᠨ᠎ᠤ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠪᠡ᠃ ᠲᠡᠷᠡ ᠪᠠᠰᠠ 200 ᠭᠠᠷᠤᠶ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠣᠬᠤᠷ ᠹᠢᠯᠢᠮ᠎ᠢ ᠢᠳᠡᠪᠬᠢᠲᠡᠶ ᠲᠦᠯᠤᠪᠯᠡᠨ ᠰᠡᠭᠦᠳᠡᠷᠯᠡᠵᠦ᠂ ᠨᠡᠪᠲᠡᠷᠡᠭᠦᠯᠦᠭᠰᠡᠨ ᠶᠡᠷᠦᠩᠬᠡᠶ ᠬᠡᠮᠵᠢᠶ᠎ᠡ ᠳ᠋ᠦᠩᠰᠢᠭᠤᠷ᠎ᠢ ᠬᠡᠲᠦᠷᠡᠭᠰᠡᠨ ᠰᠠᠶ᠋ᠢᠨ ᠬᠢᠷᠢ ᠪᠦᠲᠦᠮᠵᠢ ᠤᠯᠪᠠ᠃
ᠬᠣᠶᠠᠷ᠂ ᠤᠬᠠᠭᠤᠯᠭ᠎ᠠ ᠵᠢᠨ ᠹᠷᠤᠨᠲ᠎ᠤᠨ᠎ᠬᠢᠨ 《ᠬᠠᠰᠢᠷ ᠭᠠᠷ》
ᠾᠧ ᠲᠢᠶᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠨᠠᠷᠢᠨ ᠬᠢᠨᠠᠮᠠᠭ᠋ᠠᠶ ᠰᠤᠷᠤᠯᠴᠠᠵᠤ᠂ ᠥᠪᠡᠷ᠎ᠤᠨ ᠲᠧᠯᠸᠢᠰ ᠬᠤᠷᠢᠶᠠᠨ᠎ᠤ ᠬᠦᠲᠦᠯᠦᠭᠴᠢ ᠵᠢᠨ ᠠᠵᠢᠯ᠎ᠤᠨ ᠲᠤᠷᠰᠢᠯᠭ᠎ᠠ᠎ᠲᠠᠢ᠎ᠪᠠᠨ ᠤᠶᠠᠯᠳᠤᠭᠤᠯᠤᠨ᠂ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠬᠡᠯᠪᠡᠷᠢ᠎ᠪᠠᠷ ᠵᠠᠭᠤ ᠭᠠᠷᠤᠶ ᠲᠠᠯᠠᠪᠤᠷ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠬᠡᠷᠡᠭᠵᠢᠭᠦᠯᠦᠯᠲᠡ ᠵᠢᠨ ᠤᠬᠠᠭᠤᠯᠭ᠎ᠠ ᠵᠢᠨ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠨᠡᠶ᠋ᠢᠲᠡ 1.3 ᠳ᠋ᠦᠩᠰᠢᠭᠤᠷ ᠬᠥᠮᠦᠨ ᠤᠳᠠᠭ᠎ᠠ ᠰᠣᠨᠢᠷᠬᠠᠪᠠ᠃ ᠲᠡᠷᠡ ᠪᠠᠰᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠬᠠᠮᠲᠤᠷᠠᠭᠰᠠᠨ ᠰᠢᠭᠤᠳ ᠨᠡᠪᠲᠡᠷᠡᠭᠦᠯᠭᠡ᠎ᠳᠤ ᠣᠯᠠᠨᠲᠠ ᠣᠷᠣᠯᠴᠠᠪᠠ᠃ 2020 ᠣᠨ᠎ᠳᠤ ᠾᠧ ᠲᠢᠶᠠᠨ ᠲᠥᠪ᠎ᠤᠨ ᠤᠬᠠᠭᠤᠯᠬᠤ ᠬᠡᠯᠲᠡᠰ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠰᠢᠭᠤᠳ ᠨᠡᠪᠲᠡᠷᠡᠭᠦᠯᠬᠦ ᠲᠠᠨᠢᠯᠴᠠᠭᠤᠯᠬᠤ ᠠᠵᠢᠯᠯᠠᠭ᠎ᠠ ᠵᠢᠨ ᠬᠥᠲᠥᠯᠦᠭᠴᠢ ᠪᠣᠯᠵᠤ᠂ ᠪᠦᠬᠦ ᠤᠯᠤᠰ᠎ᠤᠨ ᠰᠦᠯᠵᠢᠶᠡᠨ᠎ᠤ ᠨᠠᠢ᠌ᠵᠠ ᠨᠠᠷ᠎ᠲᠤ ᠪᠦᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠰᠲᠸᠮ᠎ᠤᠨ ᠬᠣᠶᠠᠳᠤᠭ᠋ᠠᠷ ᠳᠡᠰ᠎ᠤᠨ ᠪᠠᠭ᠋ᠠᠲᠤᠷ ᠵᠢᠱ᠌ᠢᠶᠡᠴᠢ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠮ ᠬᠠᠷᠢᠯᠴᠠᠭ᠋ᠠᠨ᠎ᠤ ᠰᠠᠯᠪᠤᠷᠢ ᠠᠩᠭᠢ ᠵᠢᠨ ᠭᠠᠭᠴᠠᠮᠣᠳᠣ ᠶᠡᠬᠡ ᠠᠩᠭᠢ ᠵᠢᠨ ᠵᠢᠭ᠋ᠠᠨ ᠵᠢᠯᠣᠭᠣᠳᠣᠭᠴᠢ ᠰᠡᠷᠭᠦᠯᠡᠩ ᠨᠦᠬᠦᠷ᠎ᠢ ᠭᠦᠢ᠍ᠴᠡᠳ ᠰᠠᠢ᠌ᠬᠠᠨ ᠳᠠᠨᠢᠯᠴᠠᠭᠣᠯᠣᠭᠰᠠᠨ ᠪᠠᠢ᠌ᠨ᠎ᠠ᠃ ᠲᠣᠰ ᠤᠳᠠᠭ᠋ᠠᠨ᠎ᠤ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ ᠵᠢ ᠰᠠᠶ᠋ᠢᠲᠤᠷ ᠡᠷᠬᠢᠯᠠᠨ᠂ ᠨᠠᠩ ᠣᠯᠠᠨ ᠰᠦᠯᠵᠢᠶᠡᠨ ᠠᠨᠳᠠ ᠨᠠᠷ᠎ᠲᠤ ᠰᠡᠷᠬᠦᠯᠡᠩ᠎ᠤᠨ ᠠᠵᠢᠯ᠎ᠤᠨ ᠣᠷᠴᠢᠨ ᠲᠣᠭᠤᠷᠢᠨ᠎ᠢ ᠦᠨᠡᠨ ᠬᠦ᠌ ᠣᠶ᠋ᠢᠯᠠᠭ᠋ᠠᠭᠤᠯᠬᠤ ᠵᠢᠨ ᠲᠥᠯᠥᠭᠡ᠂ ᠲᠡᠷᠡ ᠰᠠᠨᠠᠭ᠋ᠠᠴᠢᠯᠠᠭ᠎ᠠ᠎ᠠᠴᠠ᠎ᠪᠠᠨ ᠪᠠᠶ᠋ᠢᠭ᠋ᠠᠯᠢ ᠵᠢᠨ ᠨᠥᠬᠦᠴᠡᠯ ᠪᠠᠷᠣᠭᠲᠠᠢ ᠭᠠᠭᠴᠠᠮᠣᠳᠣ ᠬᠢᠯᠢ ᠵᠢᠨ ᠪᠣᠭᠤᠮᠲᠠ ᠵᠢᠨ ᠠᠵᠢᠯ ᠠᠮᠢᠳᠤᠷᠠᠯ᠎ᠤᠨ ᠤᠷᠴᠢᠨ᠎ᠳᠤ ᠬᠤᠶᠠᠷ ᠰᠠᠷ᠎ᠠ ᠰᠢᠬᠠᠮ ᠪᠣᠯᠵᠣ᠂ ᠡᠴᠦᠰ᠎ᠲᠤ᠎ᠪᠠᠨ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠰᠦᠯᠵᠢᠶᠡᠨ ᠳᠡᠭᠡᠷ᠎ᠡ 100 ᠲᠦᠮᠡ ᠭᠠᠷᠤᠶ ᠬᠥᠮᠦᠨ ᠤᠳᠠᠭ᠎ᠠ ᠦᠵᠡᠵᠦ᠂ ᠰᠦᠯᠵᠢᠶᠡᠨ ᠠᠨᠳᠠ ᠨᠠᠷ᠎ᠤᠨ ᠮᠠᠭᠳᠠᠭ᠋ᠠᠯ ᠰᠠᠢ᠌ᠰᠢᠶᠠᠯ᠎ᠢ ᠣᠯᠪᠠ᠃


ᠭᠣᠷᠪᠠ᠂ ᠴᠠᠭᠳᠠᠭ᠋ᠠᠨ ᠬᠤᠸᠠᠷᠠᠨ᠎ᠤ ᠦᠯᠢᠭᠡᠷ᠎ᠤᠨ 《ᠳᠠᠭᠤ ᠳᠠᠮᠵᠢᠭᠣᠯᠣᠭᠴᠢ》
《ᠪᠢᠳᠡ ᠰᠡᠬᠦᠳᠡᠷᠯᠡᠬᠦ ᠮᠠᠰᠢᠨ ᠬᠢᠭᠡᠳ ᠪᠢᠷ᠎ᠤᠨ ᠦᠵᠦᠭᠦᠷ ᠵᠶ᠋ᠠᠨ ᠨᠢᠭᠡᠳᠦᠭᠡᠷ ᠹᠷᠣᠨᠲ᠎ᠤᠨ ᠠᠷᠠᠳ᠎ᠤᠨ ᠬᠠᠪᠰᠤᠷᠤᠭᠴᠢ ᠴᠠᠭᠳᠠᠭ᠎ᠠ᠎ᠳᠤ ᠲᠥᠪᠯᠡᠷᠡᠭᠦᠯᠵᠦ᠂ ᠦᠪᠡᠷ᠎ᠤᠨ ᠴᠢᠳᠠᠯ᠎ᠤᠨ ᠬᠢᠷᠢ᠎ᠪᠠᠷ ᠵᠶ᠋ᠠᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠢᠳᠡᠪᠬᠢ ᠬᠦᠴᠦᠨ᠎ᠢ ᠳᠠᠮᠵᠢᠭᠤᠯᠬᠤ
ᠬᠡᠷᠡᠭᠲᠡᠢ ᠁》 ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠤᠭᠴᠢ ᠪᠣᠯᠤᠭᠰᠠᠨ᠎ᠤ ᠬᠤᠪᠢ᠎ᠳᠤ᠂ ᠾᠧ ᠲᠢᠶᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠡᠭᠦᠷᠭᠡᠯᠡᠬᠦ ᠵᠢᠨ ᠬᠠᠮᠲᠤ ᠢᠳᠡᠪᠬᠢᠲᠡᠶ᠎ᠪᠠᠷ ᠠᠷᠠᠳ᠎ᠤᠨ ᠴᠠᠭᠳᠠᠭ᠎ᠠ᠎ᠲᠠᠢ ᠬᠠᠮᠲᠤ ᠪᠠᠶ᠋ᠢᠯᠳᠤᠵᠤ᠂ ᠤᠬᠠᠭᠤᠯᠭ᠎ᠠ ᠵᠢᠨ ᠪᠣᠷᠣ ᠮᠠᠲ᠋ᠧᠷᠢᠶᠠᠯ᠎ᠢ ᠴᠤᠭᠯᠠᠭᠤᠯᠤᠨ ᠪᠢᠴᠢᠵᠦ᠂ ᠣᠯᠠᠨ ᠡᠬᠡ ᠪᠢᠴᠢᠭ᠎ᠢ ᠲᠥᠪ ᠲᠧᠯᠸᠢᠰ᠎ᠤᠨ 《ᠥᠨᠥᠳᠦᠷ᠎ᠤᠨ ᠬᠠᠤᠯᠢ ᠵᠢᠨ ᠲᠠᠢ᠌ᠯᠪᠤᠷᠢᠯᠠᠭᠠ》᠂ 《ᠠᠮᠢ ᠨᠠᠰᠤ》 ᠪᠤᠯᠤᠩ ᠪᠠ 《ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠰᠣᠨᠢᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠭᠠᠷᠠᠭ᠎ᠤᠨ ᠰᠡᠳᠬᠦᠯ》 ᠵᠡᠷᠭᠡ ᠤᠯᠤᠰ᠎ᠤᠨ ᠲᠠᠰ᠎ᠤᠨ ᠡᠷᠬᠡ ᠰᠦᠷᠲᠦ ᠵᠠᠭᠤᠴᠢᠯᠠᠭᠤᠷ᠎ᠲᠤ ᠨᠡᠢ᠌ᠳᠡᠯᠡᠭᠳᠡᠭᠰᠡᠨ ᠪᠠᠢ᠌ᠨ᠎ᠠ᠃ ᠲᠡᠷᠡ ᠪᠠᠰᠠ ᠦᠷᠭᠦᠯᠵᠢ ᠬᠠᠮᠲᠤ ᠠᠵᠢᠯᠯᠠᠭᠰᠠᠳ᠎ᠲᠠᠢ᠎ᠪᠠᠨ ᠮᠠᠰᠢᠨ ᠲᠡᠷᠭᠡ᠎ᠪᠠᠷ ᠬᠡᠳᠦᠨ ᠵᠠᠭᠤᠨ ᠺᠢᠯᠣᠮᠧᠲᠷ ᠶᠠᠪᠤᠵᠤ᠂ ᠮᠠᠯᠵᠢᠬᠤ ᠣᠷᠣᠨ᠎ᠳᠤ ᠭᠦᠨᠵᠡᠭᠡᠶ᠋ᠢᠷᠡᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠵᠤ᠂ ᠮᠠᠯᠴᠢᠳ᠎ᠤᠨ ᠮᠠᠳᠠᠭ᠎ᠲᠠᠢ ᠠᠰᠠᠭᠤᠳᠠᠯ᠎ᠢ ᠬᠦᠯᠢᠴᠡᠩᠭᠦᠢ᠎ᠪᠠᠷ ᠬᠠᠷᠢᠭᠤᠯᠵᠤ᠂ ᠲᠡᠳᠡᠨ᠎ᠳᠤ 《ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ 12123》 APP ᠵᠢᠨ ᠬᠡᠷᠡᠭᠯᠡᠯᠲᠡ ᠵᠢ ᠰᠠᠢ᠌ᠲᠣᠷ ᠵᠢᠭ᠋ᠠᠵᠦ᠂ ᠮᠠᠯᠴᠢᠳ᠎ᠢ ᠬᠠᠪᠰᠤᠷᠤᠨ ᠰᠦᠯᠵᠢᠶᠡᠨ ᠳᠡᠭᠡᠷ᠎ᠡ ᠡᠯ᠎ᠡ ᠲᠥᠷᠥᠯ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠬᠠᠢ ᠬᠡᠷᠡᠭᠴᠡᠭᠡᠲᠦ ᠠᠵᠢᠯ᠎ᠢ ᠬᠢᠯᠭᠡᠵᠦ᠂ ᠲᠡᠳᠡᠨ᠎ᠳᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠰᠢᠨ᠎ᠡ ᠠᠷᠭ᠎ᠠ ᠬᠡᠮᠵᠢᠶ᠎ᠡ ᠵᠢᠨ ᠠᠪᠴᠢᠷᠠᠭᠰᠠᠨ ᠳᠥᠭᠦᠮ ᠪᠠ ᠲᠦᠷᠭᠡᠨ ᠪᠠᠶ᠋ᠢᠳᠠᠯ᠎ᠢ ᠦᠨᠡᠨ ᠬᠦ᠌ ᠮᠡᠳᠡᠷᠡᠭᠦᠯᠪᠡ᠃