ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠲᠠᠭᠤᠷᠢᠶᠠᠯ
ᠠᠵᠢᠯ᠎ᠳᠤ᠎ᠪᠠᠨ ᠬᠢᠨᠠᠮᠠᠭ᠋ᠠᠢ — ᠬᠠᠨ ᠢᠦᠢ
ᠨᠡᠶ᠋ᠢᠲᠡᠯᠡᠭᠰᠡᠨ ᠴᠠᠭ᠄ 2023-03-01

      ᠬᠠᠨ ᠢᠦᠢ᠂ ᠡᠮᠡᠭᠳᠡᠢ᠂ 1985 ᠣᠨ᠎ᠤ 6 ᠰᠠᠷ᠎ᠠ᠎ᠳᠤ ᠲᠦᠷᠦᠵᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠶᠡᠭᠡ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠲᠠᠢ᠂ ᠤᠳᠤ ᠤᠯᠠᠭ᠋ᠠᠨᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠤᠯᠢ ᠳᠦᠷᠢᠮ᠎ᠤᠨ ᠶᠡᠭᠡ ᠠᠩᠭᠢ ᠵᠢᠨ ᠭᠤᠷᠪᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ ᠵᠢᠨ ᠲᠤᠰᠢᠶᠠᠯ᠎ᠲᠠᠢ᠃ ᠬᠤᠪᠢ ᠬᠥᠮᠥᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠵᠢ ᠨᠢᠭᠡ ᠤᠳᠠᠭ᠎ᠠ ᠪᠠᠶ᠋ᠢᠭᠤᠯᠵᠤ᠂ ᠬᠤᠪᠢ ᠬᠥᠮᠥᠨ᠎ᠤ ᠰᠠᠶ᠋ᠢᠰᠢᠶᠠᠯ᠎ᠢ ᠭᠤᠷᠪᠠ ᠤᠳᠠᠭ᠎ᠠ ᠬᠦᠷᠳᠡᠵᠠᠢ᠃

 微信图片_20230210095054.jpg 

 

      ᠲᠡᠷᠡ ᠲᠣᠪᠴᠢᠶᠠᠨ᠎ᠤ ᠨᠠᠮ᠎ᠤᠨ ᠬᠤᠷᠢᠶᠠᠨ᠎ᠤ ᠵᠥᠪ ᠤᠳᠤᠷᠢᠳᠤᠯᠭ᠎ᠠ ᠵᠢᠨ ᠳᠣᠣᠷ᠎ᠠ᠂ ᠲᠤᠬᠠᠶ᠋ᠢᠯᠠᠭᠰᠠᠨ ᠠᠵᠢᠯ᠎ᠳᠤ᠎ᠪᠠᠨ ᠰᠠᠭᠤᠷᠢᠯᠠᠨ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠎ᠠ ᠠᠳᠬᠤᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ᠎ᠪᠠᠨ ᠵᠢᠷᠤᠮᠵᠢᠭᠤᠯᠤᠨ᠂ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠨ ᠠᠵᠢᠯ ᠦᠢ᠍ᠯᠡᠰ ᠵᠶ᠋ᠠᠨ ᠳᠡᠭᠡᠳᠦᠯᠡᠵᠦ᠂ ᠥᠪᠡᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠪᠠᠲᠤᠲᠠᠢ᠎ᠪᠠᠷ ᠭᠦᠢ᠍ᠴᠡᠳᠭᠡᠪᠡ᠃

 微信图片_20230210095122.jpg 

 

      2022 ᠣᠨ᠎ᠤ 7 ᠳ᠋ᠤᠭ᠋ᠠᠷ ᠰᠠᠷ᠎ᠠ᠎ᠳᠤ ᠠᠵᠤ ᠠᠬᠤᠢ ᠵᠢᠨ ᠬᠡᠷᠡᠭ᠎ᠢ ᠲᠠᠩᠨᠠᠨ ᠪᠠᠶ᠋ᠢᠴᠠᠭ᠋ᠠᠬᠤ ᠶᠡᠭᠡ ᠠᠩᠭᠢ 《ᠸᠥ᠋ ᠲᠥᠩ ᠬᠠᠮᠢᠶᠠᠷᠤᠯᠲᠠ ᠵᠢᠨ ᠯᠠᠪᠯᠠᠯᠭ᠎ᠠ ᠵᠢᠨ ᠬᠢᠵᠠᠭ᠋ᠠᠷᠲᠤ ᠺᠣᠮᠫᠠᠨᠢ》 ᠵᠡᠷᠭᠡ ᠵᠢᠨ ᠬᠤᠳᠠᠯ ᠵᠶ᠋ᠠᠷ ᠪᠠᠷᠢᠮᠲᠠ ᠪᠢᠴᠢᠭᠰᠡᠨ ᠰᠡᠵᠢᠭᠲᠡᠢ ᠬᠡᠷᠡᠭ᠎ᠢ ᠰᠢᠢ᠍ᠳᠪᠦᠷᠢᠯᠡᠵᠦ᠂ ᠬᠡᠷᠡᠭ᠎ᠢ ᠲᠤᠷᠰᠢᠨ ᠪᠠᠶ᠋ᠢᠴᠠᠭ᠋ᠠᠬᠤ ᠡᠬᠢᠨ᠎ᠤ ᠦᠶ᠎ᠡ᠎ᠳᠤ᠂ ᠲᠤᠰᠬᠠᠢ ᠬᠡᠷᠡᠭ᠎ᠤᠨ ᠡᠮᠦᠨᠡᠬᠢ ᠬᠤᠭᠤᠴᠠᠭ᠋ᠠᠨ᠎ᠤ ᠲᠤᠷᠰᠢᠨ ᠪᠠᠶ᠋ᠢᠴᠠᠭ᠋ᠠᠯᠲᠠ᠎ᠳᠤ ᠣᠷᠣᠯᠴᠠᠨ᠂ ᠲᠤᠷᠰᠢᠨ ᠪᠠᠶ᠋ᠢᠴᠠᠭ᠋ᠠᠭᠴᠢ᠎ᠲᠠᠢ ᠬᠠᠮᠲᠤ᠎ᠪᠠᠷ ᠬᠡᠷᠡᠭ᠎ᠲᠤ ᠬᠤᠯᠪᠣᠭᠳᠠᠭᠰᠠᠨ ᠺᠣᠮᠫᠠᠨᠢ ᠵᠢᠨ ᠪᠡᠯᠡ ᠮᠥᠩᠭᠦ ᠵᠢ ᠡᠮᠬᠢᠯᠡᠨ ᠳᠢᠭᠯᠡᠭᠰᠡᠨ᠎ᠤ ᠳᠠᠷᠠᠭ᠎ᠠ᠂ ᠭᠡᠷᠡᠴᠢ ᠠᠪᠬᠤ ᠴᠢᠭᠯᠡᠯ᠎ᠢ ᠬᠠᠩᠭ᠋ᠠᠵᠤ᠂ ᠬᠡᠷᠡᠭ᠎ᠲᠤ ᠬᠤᠯᠪᠣᠭᠳᠠᠭᠰᠠᠨ ᠰᠡᠵᠢᠭᠲᠡᠨ᠎ᠤ ᠶᠠᠯᠠᠲᠤ ᠠᠵᠢᠯᠯᠠᠭ᠎ᠠ ᠵᠢᠨ ᠠᠷᠭ᠎ᠠ ᠮᠠᠶᠢᠭ᠎ᠢ ᠰᠤᠳᠤᠯᠵᠤ᠂ ᠡᠴᠦᠰ᠎ᠤᠨ ᠪᠠᠷᠢᠪᠴᠢᠯᠠᠯᠲᠠ᠎ᠳᠤ ᠪᠠᠲᠤ ᠪᠠᠬᠢ ᠭᠡᠷᠡᠴᠢ ᠪᠠᠷᠢᠮᠲᠠ ᠵᠢᠨ ᠰᠠᠭᠤᠷᠢ ᠵᠢ ᠲᠠᠯᠪᠢᠭᠰᠠᠨ ᠪᠠᠶ᠋ᠢᠨ᠎ᠠ᠃

     7 ᠳ᠋ᠤᠭ᠋ᠠᠷ ᠰᠠᠷ᠎ᠠ ᠵᠢᠨ 26᠎ᠤ ᠡᠳᠦᠷ᠂ ᠲᠤᠰᠬᠠᠢ ᠬᠡᠷᠡᠭ᠎ᠤᠨ ᠳᠤᠭᠤᠶ᠋ᠢᠯᠠᠩ᠎ᠤᠨ᠎ᠬᠢᠨ ᠬᠡᠷᠡᠭ᠎ᠲᠤ ᠬᠤᠯᠪᠣᠭᠳᠠᠭᠰᠠᠨ ᠰᠡᠵᠢᠭᠲᠡᠨ᠎ᠢ ᠬᠤᠶᠠᠷ ᠭᠠᠵᠠᠷ᠎ᠲᠤ ᠨᠢᠭᠡᠳᠦᠯᠲᠡᠢ ᠪᠠᠷᠢᠪᠴᠢᠯᠠᠪᠠ᠃ ᠲᠡᠷᠡ ᠲᠣᠪᠴᠢᠶᠠᠨ᠎ᠤ 9 ᠳ᠋ᠦ᠍ᠭᠡᠷ ᠳᠠᠪᠬᠤᠷᠯᠢᠭ᠎ᠤᠨ ᠵᠢᠯᠤᠭᠤᠳᠬᠤ ᠲᠥᠪ᠎ᠲᠤ ᠲᠤᠷᠰᠢᠨ ᠪᠠᠶ᠋ᠢᠴᠠᠭ᠋ᠠᠭᠴᠢ ᠵᠢᠨ ᠵᠢᠷᠤᠮᠵᠢᠭᠰᠠᠨ ᠬᠠᠤᠯᠢ ᠬᠡᠷᠡᠭᠵᠢᠭᠦᠯᠦᠯᠲᠡ ᠵᠢ ᠪᠥᠬᠦ ᠶᠠᠪᠤᠴᠠ᠎ᠳᠤ ᠲᠣᠬᠢᠷᠠᠭᠤᠯᠤᠨ ᠵᠢᠯᠤᠭᠤᠳᠤᠨ᠂ ᠴᠠᠭᠳᠠᠭ᠎ᠠ ᠵᠢᠨ ᠲᠣᠰ ᠪᠡᠶ᠎ᠡ ᠵᠢᠨ ᠠᠮᠤᠷ ᠲᠦᠪᠰᠢᠨ᠎ᠢ ᠪᠠᠲᠤᠯᠠᠬᠤ ᠮᠥᠷᠲᠡᠭᠡᠨ ᠪᠠᠷᠢᠪᠴᠢᠯᠠᠬᠤ ᠪᠥᠬᠦ ᠶᠠᠪᠤᠴᠠ ᠵᠢᠨ ᠬᠠᠤᠯᠢ᠎ᠳᠤ ᠨᠡᠶ᠋ᠢᠴᠡᠬᠦ ᠵᠢ ᠪᠠᠲᠤᠯᠠᠵᠦ᠂ ᠰᠡᠵᠢᠭᠲᠡᠨ ᠪᠦᠬᠦᠨ ᠵᠶ᠋ᠠᠷ ᠵᠶ᠋ᠠᠨ ᠬᠦᠷᠴᠦ ᠢᠷᠡᠭᠰᠡᠨ᠎ᠤ ᠳᠠᠷᠠᠭ᠎ᠠ᠂ ᠲᠡᠷᠡ ᠪᠠᠰᠠ ᠬᠡᠷᠡᠭ ᠰᠢᠢ᠍ᠳᠪᠦᠷᠢᠯᠡᠬᠦ ᠲᠣᠭᠤᠷᠢᠭ᠎ᠤᠨ ᠨᠢᠭᠡᠳᠦᠭᠡᠷ ᠹᠷᠣᠨᠲ᠎ᠲᠤ ᠬᠦᠷᠴᠦ ᠰᠢᠭᠦᠨ ᠠᠰᠠᠭᠤᠬᠤ ᠵᠢᠯᠣᠭᠤᠳᠤᠯᠭ᠎ᠠ᠎ᠳᠤ ᠣᠷᠣᠯᠴᠠᠨ᠂ ᠬᠡᠷᠡᠭ ᠰᠢᠢ᠍ᠳᠪᠦᠷᠢᠯᠡᠬᠦ ᠴᠠᠭᠳᠠᠭ᠎ᠠ᠎ᠲᠠᠢ ᠬᠠᠮᠲᠤ᠎ᠪᠠᠷ ᠰᠢᠭᠦᠨ ᠠᠰᠠᠭᠤᠬᠤ ᠲᠣᠪᠴᠢ ᠭᠠᠷᠭ᠋ᠠᠵᠠᠢ᠂ ᠲᠡᠷᠡ ᠲᠡᠮᠳᠡᠭᠯᠡᠯ ᠨᠢᠭᠡᠪᠦᠷᠢ ᠵᠢ ᠳᠠᠬᠢᠨ ᠳᠠᠪᠲᠠᠨ ᠬᠢᠨᠠᠨ ᠪᠠᠶ᠋ᠢᠴᠠᠭ᠋ᠠᠵᠤ᠂ ᠣᠳᠣ ᠪᠠᠶ᠋ᠢᠭ᠎ᠠ ᠭᠡᠷᠡᠴᠢ ᠪᠠᠷᠢᠮᠲᠠ᠎ᠲᠠᠢ ᠬᠤᠯᠪᠣᠭ᠎ᠠ ᠠᠪᠤᠭᠰᠠᠨ᠎ᠤ ᠳᠠᠷᠠᠭ᠎ᠠ᠂ ᠳᠠᠬᠢᠨ ᠬᠡᠷᠡᠭ ᠰᠢᠢ᠍ᠳᠪᠦᠷᠢᠯᠡᠬᠦ ᠠᠷᠠᠳ᠎ᠤᠨ ᠴᠠᠭᠳᠠᠭ᠎ᠠ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠰᠢᠭᠦᠨ ᠠᠰᠠᠭᠤᠬᠤ ᠴᠢᠭᠯᠡᠯ᠎ᠢ᠎ᠨᠢ ᠬᠤᠪᠢᠷᠠᠭᠤᠯᠵᠤ᠂ ᠰᠢᠭᠦᠨ ᠠᠰᠠᠭᠤᠭᠰᠠᠨ ᠲᠡᠮᠳᠡᠭᠯᠡᠯ ᠪᠣᠯᠣᠨ ᠪᠤᠰᠤᠳ ᠭᠡᠷᠡᠴᠢ ᠪᠠᠷᠢᠮᠲᠠ ᠵᠢ ᠬᠠᠷᠢᠯᠴᠠᠨ ᠭᠡᠷᠡᠴᠢᠯᠡᠬᠦ ᠪᠠᠷᠢᠮᠵᠢᠶ᠎ᠠ᠎ᠳᠤ ᠬᠦᠷᠭᠡᠵᠡᠢ᠃ ᠪᠠᠷᠢᠪᠴᠢᠯᠠᠵᠤ ᠰᠢᠭᠦᠨ ᠠᠰᠠᠭᠤᠬᠤ ᠬᠤᠭᠤᠴᠠᠭ᠋ᠠᠨ᠎ᠳᠤ ᠲᠡᠷᠡ ᠬᠤᠶᠠᠷ ᠡᠳᠦᠷ ᠨᠢᠭᠡ ᠰᠥᠨᠢ ᠦᠷᠭᠦᠯᠵᠢᠯᠡᠨ ᠠᠮᠠᠷᠠᠭᠰᠠᠨ ᠦᠭᠡᠢ ᠪᠥᠭᠡᠳ ᠵᠠᠭᠤ ᠭᠠᠷᠤᠢ ᠬᠤᠪᠢ ᠲᠡᠮᠳᠡᠭᠯᠡᠯ᠎ᠢ ᠲᠠᠬᠢᠨ ᠳᠠᠪᠲᠠᠨ ᠬᠢᠨᠠᠨ ᠪᠠᠶ᠋ᠢᠴᠠᠭ᠋ᠠᠵᠤ᠂ ᠨᠣᠶ᠋ᠢᠷ ᠬᠦᠷᠦᠮᠡᠭᠴᠡ᠎ᠪᠠᠨ ᠰᠠᠨᠳᠠᠯᠢ ᠳᠡᠭᠡᠷ᠎ᠡ᠎ᠪᠠᠨ ᠠᠷᠪᠠᠨ ᠬᠡᠳᠦᠨ ᠮᠢᠨᠦ᠋ᠲ ᠠᠮᠠᠷᠠᠵᠦ᠂ ᠲᠡᠷᠡ ᠭᠡᠷᠡᠴᠢ ᠪᠠᠷᠢᠮᠲᠠ ᠵᠢᠨ ᠪᠣᠭᠤᠮᠲᠠ᠂ ᠵᠢᠷᠤᠮ᠎ᠤᠨ ᠪᠣᠭᠤᠮᠲᠠ ᠵᠢ ᠴᠢᠩᠭ᠎ᠠ ᠠᠳᠬᠤᠵᠤ᠂ ᠬᠡᠷᠡᠭ᠎ᠢ ᠬᠢᠨᠠᠨ ᠪᠠᠶ᠋ᠢᠴᠠᠭ᠋ᠠᠬᠤ᠎ᠳᠤ᠎ᠪᠠᠨ ᠡᠯ᠎ᠡ ᠲᠦᠷᠦᠯ᠎ᠤᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢ ᠴᠢᠩᠭ᠎ᠠ ᠬᠢᠨᠠᠨ ᠪᠠᠶ᠋ᠢᠴᠠᠭ᠋ᠠᠵᠤ᠂ ᠬᠡᠷᠡᠭ᠎ᠲᠤ ᠬᠣᠯᠪᠤᠭᠳᠠᠭᠰᠠᠨ ᠰᠡᠵᠢᠭᠲᠡᠨ᠎ᠢ ᠪᠠᠷᠢᠪᠴᠢᠯᠠᠬᠤ᠎ᠪᠠᠷ ᠮᠡᠳᠡᠭᠦᠯᠬᠦ ᠪᠠᠷᠢᠮᠵᠢᠶ᠎ᠠ᠎ᠳᠤ ᠬᠦᠷᠭᠡᠵᠦ᠂ ᠪᠠᠶ᠋ᠢᠴᠠᠭ᠋ᠠᠬᠤ ᠬᠤᠷᠢᠶᠠᠨ᠎ᠳᠤ ᠭᠤᠶᠤᠴᠢᠯᠠᠭᠰᠠᠨ ᠭᠤᠣᠯ ᠪᠣᠯᠬᠤ 6 ᠶᠠᠯ᠎ᠠ ᠬᠢᠭᠰᠡᠨ ᠰᠡᠵᠢᠭᠲᠡᠨ᠎ᠢ ᠪᠦᠬᠦᠨ᠎ᠢ ᠪᠠᠷᠢᠪᠴᠢᠯᠠᠬᠤ᠎ᠪᠠᠷ ᠵᠥᠪᠰᠢᠶᠡᠷᠡᠪᠡ᠃

微信图片_20230210095130.jpg  


      ᠲᠡᠷᠡ ᠢᠮᠠᠭᠲᠠ ᠲᠠᠰᠤᠷᠠᠯᠲᠠ ᠦᠭᠡᠢ ᠰᠤᠷᠤᠯᠴᠠᠬᠤ ᠵᠢ ᠪᠠᠷᠢᠮᠲᠠᠯᠠᠵᠤ᠂ 2022 ᠣᠨ᠎ᠤ ᠪᠦᠬᠦ ᠠᠶ᠋ᠢᠮᠠᠭ᠎ᠤᠨ ᠡᠷᠡᠭᠦᠦ ᠵᠢᠨ ᠬᠡᠷᠡᠭ᠎ᠢ ᠬᠢᠨᠠᠨ ᠬᠠᠷᠭᠤᠭᠤᠯᠬᠤ ᠲᠤᠬᠠᠶ᠋ᠢᠯᠠᠭᠰᠠᠨ ᠠᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠤᠯᠠᠨ᠎ᠠᠴᠠ ᠴᠣᠯᠭᠤᠷᠠᠵᠤ᠂ ᠨᠢᠭᠡᠳᠦᠭᠡᠷ ᠨᠡᠷᠡᠰ᠎ᠲᠤ ᠳᠣᠳᠤᠷᠠᠵᠤ᠂ ᠬᠤᠵᠢᠮ᠎ᠨᠢ ᠪᠠᠰᠠ ᠬᠢᠩᠭ᠋ᠠᠨ ᠠᠶ᠋ᠢᠮᠠᠭ᠎ᠢ ᠲᠥᠯᠥᠭᠡᠯᠡᠨ ᠪᠦᠬᠦ ᠣᠷᠣᠨ᠎ᠤ ᠤᠷᠤᠯᠳᠤᠭ᠋ᠠᠨ᠎ᠳᠤ ᠣᠷᠣᠯᠴᠠᠵᠤ ᠬᠤᠶᠠᠳᠤᠭ᠋ᠠᠷ ᠳᠡᠰ᠎ᠤᠨ ᠱᠠᠩᠨᠠᠯ ᠬᠦᠷᠳᠡᠪᠡ᠃

 

ᠢᠷᠡᠯᠲᠡ᠄ ᠬᠢᠩᠭ᠋ᠠᠨ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ