ᠲᠡᠷᠡ ᠴᠠᠭᠳᠠᠭ᠋ᠠᠨ᠎ᠤ ᠰᠦᠯᠳᠡ ᠵᠢ ᠮᠠᠩᠨᠠᠢᠳᠤᠪᠠᠨ ᠭᠢᠯᠠᠯᠵᠠᠭᠤᠯᠵᠤ᠂ ᠡᠮᠡᠭᠲᠡᠶ᠋ᠢᠴᠦᠳ᠎ᠤᠨ ᠤᠶᠠᠨ ᠵᠥᠭᠡᠯᠡᠨ ᠰᠡᠳᠬᠢᠯᠭᠡ ᠪᠠ ᠭᠤᠸ᠎ᠠ ᠰᠠᠶ᠋ᠢᠬᠠᠨ ᠵᠶ᠋ᠠᠷ ᠵᠶ᠋ᠠᠨ ᠡᠭᠡᠯ ᠵᠢᠷ᠎ᠤᠨ ᠠᠵᠢᠯ᠎ᠤᠨ ᠪᠠᠶ᠋ᠢᠷᠢᠨ᠎ᠳᠤ ᠴᠣᠭ ᠵᠢᠪᠬᠤᠭ᠎ᠠ᠎ᠪᠠᠨ ᠪᠠᠳᠠᠷᠠᠭᠤᠯᠪᠠ; ᠲᠡᠷᠡ ᠪᠣᠯ ᠪᠠᠭ᠋ᠠᠲᠤᠷ ᠡᠮᠡᠭᠲᠡᠢ᠂ ᠴᠠᠭᠳᠠᠭ᠋ᠠᠨ᠎ᠤ ᠶᠠᠪᠤᠳᠠᠯ᠎ᠤᠨ ᠰᠢᠪᠠᠳᠠᠨ ᠪᠠᠶ᠋ᠢᠴᠠᠭ᠋ᠠᠬᠤ ᠬᠠᠤᠯᠢ ᠲᠦᠷᠢᠮ᠎ᠤᠨ ᠡᠩᠨᠡᠭᠡᠨ᠎ᠳᠤ ᠡᠮᠡᠭᠲᠡᠶ ᠬᠥᠮᠦᠨ᠎ᠳᠤ ᠯᠡ ᠪᠠᠶ᠋ᠢᠳᠠᠭ ᠨᠠᠷᠢᠨ ᠨᠢᠮᠪᠠᠶ ᠪᠠ ᠲᠡᠰᠪᠦᠷᠢ ᠲᠡᠪᠴᠢᠶᠡᠷᠢ᠎ᠪᠠᠷ ᠵᠶ᠋ᠡᠨ᠂ ᠡᠭᠦᠷᠭᠡ ᠬᠠᠷᠢᠭᠤᠴᠠᠯᠭ᠎ᠠ᠎ᠪᠠᠨ ᠠᠮᠵᠢᠯᠳᠠ᠎ᠲᠠᠢ ᠭᠦᠢ᠍ᠴᠡᠳᠭᠡᠵᠦ ᠴᠢᠳᠠᠵᠠᠶ — ᠲᠡᠷᠡ ᠪᠣᠯ ᠳᠠᠷᠤᠶ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠰᠢᠪᠠᠳᠠᠨ ᠪᠠᠶ᠋ᠢᠴᠠᠭ᠋ᠠᠬᠤ ᠬᠠᠤᠯᠢ ᠲᠦᠷᠢᠮ᠎ᠤᠨ ᠶᠡᠬᠡ ᠠᠩᠭᠢ ᠵᠢᠨ ᠵᠢᠭ᠋ᠠᠨ ᠵᠢᠯᠣᠭᠣᠳᠣᠭᠴᠢ ᠬᠠᠰᠠᠭᠣᠸᠠ ᠪᠣᠯᠤᠨ᠎ᠠ᠂ ᠣᠯᠠᠨ᠎ᠳᠤ 《ᠶᠠᠷᠢᠶᠠᠨ᠎ᠤ ᠲᠠᠢ᠌ᠰᠠ》 ᠵᠢ ᠬᠡᠷᠡᠭ ᠰᠢᠢ᠍ᠳᠪᠦᠷᠢᠯᠡᠬᠦ ᠲᠤᠰᠬᠠᠶ ᠠᠩᠭᠢ᠎ᠳᠤ ᠣᠷᠣᠭᠤᠯᠤᠭᠰᠠᠨ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ ᠭᠡᠵᠦ ᠨᠡᠷᠡᠯᠡᠭᠳᠡᠵᠡᠶ᠃

ᠡᠨᠡ ᠵᠢᠯ ᠪᠣᠯ ᠬᠠᠰᠠᠭᠣᠸᠠ ᠵᠢᠨ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ᠎ᠳᠤ ᠠᠵᠢᠯᠯᠠᠭᠰᠠᠨ 20 ᠳ᠋ᠤᠭ᠋ᠠᠷ ᠵᠢᠯ ᠪᠣᠯᠤᠨ᠎ᠠ᠃ ᠡᠳᠡᠭᠡᠷ ᠵᠢᠯ᠎ᠤᠳ᠎ᠲᠤ᠂ ᠲᠡᠷᠡ ᠥᠪᠡᠷ᠎ᠤᠨ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠣᠨᠴᠠᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠬᠤᠪᠢᠶᠠᠷᠢ ᠲᠣᠪᠴᠢᠶ᠎ᠠ ᠵᠢᠨ ᠡᠯ᠎ᠡ ᠵᠦᠢ᠍ᠯ᠎ᠤᠨ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠪᠣᠭᠣᠮᠲᠠ ᠵᠢ ᠰᠠᠶ᠋ᠢᠲᠤᠷ ᠰᠠᠬᠢᠬᠤ ᠵᠢᠨ ᠬᠠᠮᠲᠤ᠂ ᠠᠵᠢᠯ᠎ᠤᠨ ᠳᠤᠮᠳᠠ᠎ᠪᠠᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠣᠶ᠋ᠢᠯᠠᠭ᠋ᠠᠭᠳᠠᠬᠤᠨ᠎ᠢ ᠪᠠᠲᠤ ᠰᠠᠬᠢᠵᠤ᠂ ᠦᠢ᠍ᠯᠡᠳᠦᠯᠭᠡ ᠵᠢᠨ ᠳᠤᠮᠳᠠ᠎ᠪᠠᠨ ᠠᠯᠢ ᠤᠯᠠᠨ ᠰᠤᠷᠤᠯᠴᠠᠨ ᠲᠤᠯᠢ ᠪᠣᠯᠭ᠋ᠠᠵᠤ ᠪᠣᠯᠬᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠲᠤᠷᠰᠢᠯᠭ᠎ᠠ ᠵᠢ ᠪᠦᠷᠢᠯᠳᠦᠭᠦᠯᠦᠭᠰᠡᠨ ᠪᠠᠶ᠋ᠢᠨ᠎ᠠ᠃ ᠲᠡᠷᠡ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠦᠨᠳᠦᠰᠦᠨ ᠱᠠᠲᠤᠨ᠎ᠳᠤ ᠰᠢᠢ᠍ᠳᠪᠦᠷᠢᠯᠡᠬᠦ ᠵᠠᠷᠴᠢᠮ ᠵᠶ᠋ᠠᠷ ᠤᠯᠠᠨ ᠲᠦᠮᠡᠨ᠎ᠢ ᠬᠠᠪᠰᠤᠷᠤᠨ ᠪᠣᠳᠠᠲᠠᠶ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠴᠡᠶ᠃

ᠨᠢᠭᠡᠨ ᠤᠳᠠᠭ᠎ᠠ᠂ ᠭᠠᠳᠠᠨ᠎ᠠ ᠣᠷᠣᠨ᠎ᠤ ᠨᠢᠭᠡᠨ ᠬᠤᠳᠠᠯᠳᠤᠭ᠋ᠠᠴᠢᠨ ᠠᠷᠠᠯᠵᠢᠶ᠎ᠠ ᠬᠢᠬᠦ᠎ᠳᠤ᠎ᠪᠠᠨ ᠮᠡᠬᠡᠯᠡᠭᠳᠡᠭᠡᠳ 300 ᠭᠠᠷᠤᠶ ᠲᠦᠮᠡᠨ ᠲᠥᠭᠥᠷᠢᠭ ᠬᠣᠬᠢᠷᠠᠯ᠎ᠳᠤ ᠤᠴᠠᠷᠠᠵᠠᠶ᠂ ᠬᠠᠰᠠᠭᠣᠸᠠ ᠲᠤᠰ ᠬᠤᠳᠠᠯᠳᠤᠭ᠋ᠠᠴᠢᠨ᠎ᠢ ᠬᠦᠯᠢᠶᠡᠨ ᠠᠪᠤᠭᠰᠠᠨ᠎ᠤ᠎ᠪᠠᠨ ᠲᠠᠷᠠᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠤᠯᠠᠨ ᠤᠳᠠᠭ᠎ᠠ ᠬᠠᠷᠢᠯᠴᠠᠵᠤ᠂ ᠬᠡᠷᠡᠭ᠎ᠤᠨ ᠪᠠᠶ᠋ᠢᠳᠠᠯ᠎ᠢ ᠨᠠᠷᠢᠨ ᠬᠢᠨᠠᠮᠠᠭ᠋ᠠᠶ ᠰᠤᠳᠤᠯᠤᠨ ᠡᠮᠬᠢᠯᠡᠵᠦ᠂ ᠡᠴᠦᠰ᠎ᠲᠤ᠎ᠪᠠᠨ ᠬᠡᠷᠡᠭ ᠰᠢᠢ᠍ᠳᠪᠦᠷᠢᠯᠡᠬᠦ ᠴᠠᠭᠳᠠᠭ᠎ᠠ ᠵᠢ ᠬᠠᠪᠰᠤᠷᠤᠨ ᠲᠤᠰ ᠬᠡᠷᠡᠭ᠎ᠢ ᠲᠠᠨᠭ᠌ᠨᠠᠨ ᠢᠯᠡᠷᠡᠭᠦᠯᠪᠡ᠃ ᠪᠠᠰᠠ ᠨᠢᠭᠡ ᠤᠳᠠᠭ᠎ᠠ᠂ ᠨᠢᠭᠡ ᠨᠠᠰᠤᠲᠠᠨ 18 ᠲᠦᠮᠡᠨ ᠲᠥᠭᠥᠷᠢᠭ ᠮᠡᠬᠡᠯᠡᠭᠳᠡᠪᠡ᠂ ᠬᠡᠷᠡᠭ᠎ᠢ ᠨᠢᠭᠡᠨᠲᠡ ᠳᠡᠩᠨᠡᠨ ᠢᠯᠡᠷᠡᠭᠦᠯᠦᠭᠰᠡᠨ ᠪᠣᠯᠪᠠᠴᠤ ᠪᠠᠩᠬᠢ ᠵᠢᠨ ᠺᠠᠷᠲ᠎ᠤᠨ ᠮᠡᠳᠡᠭᠡ ᠵᠠᠩᠭᠢ ᠪᠣᠯᠤᠨ ᠪᠡᠶ᠎ᠡ ᠬᠡᠮ᠎ᠤᠨ ᠮᠡᠳᠡᠭᠡ ᠵᠠᠩᠭᠢ᠎ᠨᠢ ᠨᠢᠭᠡ ᠯᠡ ᠬᠥᠮᠦᠨ ᠪᠣᠯᠬᠤ ᠵᠢ ᠭᠡᠷᠡᠴᠢᠯᠡᠬᠦ ᠵᠢᠨ ᠠᠷᠭ᠎ᠠ ᠦᠭᠡᠶ ᠤᠴᠢᠷ᠎ᠠᠴᠠ ᠪᠠᠩᠬᠢ᠎ᠠᠴᠠ ᠵᠣᠭᠣᠰ ᠥᠭᠬᠦ ᠵᠢᠨ ᠠᠷᠭ᠎ᠠ ᠦᠭᠡᠶ ᠪᠣᠯᠵᠠᠶ᠃ ᠬᠠᠰᠠᠭᠣᠸᠠ ᠨᠠᠰᠤᠲᠠᠨ᠎ᠢ ᠬᠦᠯᠢᠶᠡᠨ ᠠᠪᠤᠭᠰᠠᠨ᠎ᠤ ᠳᠠᠷᠠᠭ᠎ᠠ ᠬᠣᠯᠪᠣᠭᠳᠠᠯ ᠪᠦᠬᠦᠢ ᠲᠣᠮᠢᠯᠠᠭᠰᠠᠨ ᠰᠠᠯᠪᠤᠷᠢ᠎ᠠᠴᠠ ᠢᠳᠡᠪᠬᠢᠲᠡᠶ᠎ᠪᠠᠷ ᠪᠠᠶ᠋ᠢᠳᠠᠯ᠎ᠢ ᠣᠶ᠋ᠢᠯᠠᠭ᠋ᠠᠵᠤ᠂ ᠲᠤᠰᠬᠠᠶ ᠮᠡᠷᠭᠡᠵᠢᠯ᠎ᠤᠨ ᠠᠳᠠᠯᠢᠳᠬᠠᠯ᠎ᠤᠨ ᠠᠷᠭ᠎ᠠ ᠬᠡᠮᠵᠢᠶ᠎ᠡ᠎ᠪᠠᠷ ᠨᠠᠰᠤᠲᠠᠶ ᠡᠵᠢ ᠵᠢᠨ ᠪᠡᠶ᠎ᠡ ᠭᠡᠮ᠎ᠢ ᠭᠡᠷᠡᠴᠢᠯᠡᠭᠰᠡᠨ ᠵᠶ᠋ᠠᠷ 18 ᠲᠦᠮᠡᠨ ᠲᠥᠭᠥᠷᠢᠭ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠡᠭᠡᠭᠦᠯᠦᠨ ᠠᠪᠴᠢᠷᠠᠭᠰᠠᠨ ᠪᠠᠶ᠋ᠢᠨ᠎ᠠ᠃ ᠬᠠᠰᠠᠭᠣᠸᠠ ᠪᠠᠰᠠ ᠵᠠᠯᠠᠭᠤᠴᠤᠳ ᠪᠠᠭ᠋ᠠᠴᠤᠳ᠎ᠲᠤ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠨᠡᠶ᠋ᠢᠭᠡᠮ᠎ᠤᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠪᠡ᠃ ᠤᠯᠠᠨ ᠵᠢᠯ᠎ᠤᠨ ᠲᠤᠷᠰᠢ᠂ ᠲᠡᠷᠡ ᠠᠵᠢᠯ᠎ᠤᠨ ᠴᠢᠯᠥᠭᠡᠨ᠎ᠤ ᠴᠠᠭ ᠵᠶ᠋ᠠᠨ ᠠᠰᠢᠭᠯᠠᠨ ᠶᠡᠬᠡ ᠰᠤᠷᠭ᠋ᠠᠭᠤᠯᠢ᠂ ᠳᠤᠮᠳᠠᠳᠤ ᠰᠤᠷᠭ᠋ᠠᠭᠤᠯᠢ᠎ᠳᠤ ᠬᠦᠷᠴᠦ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠬᠥᠮᠦᠵᠢᠯ᠎ᠢ ᠥᠷᠨᠢᠭᠦᠯᠵᠦ᠂ ᠬᠦᠨᠳᠦ ᠨᠣᠴᠢᠲᠠᠶ ᠭᠠᠩᠰᠠᠷᠠᠬᠤ ᠭᠡᠮ ᠪᠠ ᠵᠣᠪᠠᠨᠢᠯ᠎ᠤᠨ ᠭᠡᠮ᠎ᠲᠠᠢ ᠬᠡᠦᠬᠡᠳ᠎ᠲᠤ ᠰᠡᠳᠬᠢᠴᠡ ᠵᠢᠨ ᠲᠠᠯ᠎ᠠ᠎ᠪᠠᠷ ᠵᠢᠭ᠋ᠠᠨ ᠵᠢᠯᠣᠭᠣᠳᠴᠤ᠂ ᠬᠡᠦᠬᠡᠳ᠎ᠢ ᠬᠠᠪᠰᠤᠷᠤᠨ ᠰᠡᠳᠬᠢᠴᠡ ᠵᠢᠨ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠭᠦᠭᠰᠡᠨ ᠴᠦ᠍ ᠤᠳᠠᠭ᠎ᠠ᠎ᠲᠠᠢ᠃

ᠤᠢ᠍ᠢ᠍ᠷ᠎ᠠ᠎ᠳᠤ᠂ ᠬᠠᠰᠠᠭᠣᠸᠠ ᠳᠠᠬᠢᠨᠲᠠ ᠬᠤᠪᠢ ᠬᠥᠮᠦᠨ᠎ᠤ ᠭᠤᠷᠪᠠᠳᠤᠭ᠋ᠠᠷ ᠳᠡᠰ᠎ᠤᠨ ᠭᠠᠪᠢᠶ᠎ᠠ ᠪᠠᠶ᠋ᠢᠭᠤᠯᠪᠠ᠃ ᠲᠡᠷᠡ ᠬᠡᠯᠡᠬᠦ᠎ᠳᠤ᠎ᠪᠠᠨ᠂ ᠡᠨᠡ᠎ᠨᠢ ᠨᠤᠲᠠᠯᠠᠯᠲᠠ ᠮᠥᠷᠲᠡᠭᠡᠨ ᠰᠢᠪᠠᠳᠠᠯᠭ᠎ᠠ ᠮᠥᠨ᠂ ᠬᠣᠢ᠌ᠰᠢᠳᠠ ᠦᠷᠭᠦᠯᠵᠢᠯᠡᠨ ᠬᠠᠤᠯᠢ ᠴᠠᠭ᠋ᠠᠵᠠ ᠵᠢᠨ ᠮᠡᠳᠡᠯᠭᠡ᠎ᠪᠠᠷ ᠠᠷᠠᠳ ᠣᠯᠠᠨ᠎ᠤ ᠠᠰᠢᠭ ᠲᠤᠰᠠ ᠵᠢ ᠬᠠᠮᠠᠭ᠋ᠠᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠲᠦᠷᠢᠮ᠎ᠤᠨ ᠠᠵᠢᠯ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠡᠶ᠃